ᠵᠢᠷᠭᠠᠯ ᠳᠤ ︽ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ︾᠎ ᠤᠨ ᠢᠷᠠᠭᠤ ᠠᠯᠳᠠᠷ ᠤᠨ ᠴᠤᠯᠠ ᠶᠢ ᠨᠡᠭᠡᠮᠵᠢᠯᠠᠨ ᠤᠯᠭᠤᠪᠠ
ᠨᠡᠶᠢᠲᠡᠯᠡᠭᠰᠡᠨ ᠴᠠᠭ᠄
2015/7/16
     ᠤᠢᠢᠷ᠎ᠠ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ ᠠᠴᠠ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠢᠨ ᠤᠤᠯ  ᠤᠨ ᠲᠤᠪᠴᠢᠶᠠᠨ ᠲᠠᠷᠤᠭ᠎ᠠ ᠵᠢᠷᠭᠠᠯ ᠨᠦᠬᠦᠷ ᠲᠤ ᠦᠪᠦᠷ ᠮᠤᠩᠭᠤᠯ ᠤᠨ ︽ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ︾᠎ ᠤᠨ ᠢᠷᠠᠭᠤ ᠠᠯᠳᠠᠷ ᠤᠨ ᠴᠤᠯᠠ ᠶᠢ ᠨᠡᠭᠡᠮᠵᠢᠯᠡᠨ ᠤᠯᠭᠤᠪᠠ᠃      ︽ᠵᠢᠷᠭᠠᠯ ᠨᠦᠬᠦᠷ ᠲᠤ ︿ᠤᠮᠠᠷᠠᠲᠤ ᠬᠢᠯᠢ ᠶᠢᠨ ᠦᠯᠢᠭᠡᠷ ᠳᠠᠭᠤᠷᠢᠶᠠᠯ﹀᠎ ᠤᠨ ᠢᠷᠠᠭᠤ ᠠᠯᠳᠠᠷ ᠤᠨ ᠴᠣᠯᠠ ᠶᠢ ᠨᠡᠭᠡᠮᠵᠢᠯᠡᠨ ᠣᠯᠭᠤᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠲᠣᠭᠲᠠᠭᠠᠯ︾᠎ ᠳᠤ᠄ ︽ᠵᠢᠷᠭᠠᠯ ᠨᠦᠬᠦᠷ ᠢᠮᠠᠭᠲᠠ ᠬᠦᠰᠡᠯ ᠢᠲᠡᠭᠡᠯ ᠢᠶᠠᠨ ᠪᠠᠷᠢᠮᠲᠠᠯᠠᠨ᠂  ᠵᠣᠷᠢᠭ ᠰᠢᠢᠳᠦᠨ ᠮᠡᠷᠡᠶᠢᠨ ᠴᠢᠷᠮᠠᠶᠢᠵᠤ᠂ ᠤᠬᠠᠮᠰᠠᠷ ᠠᠴᠠ ᠪᠠᠨ ᠨᠠᠮ ᠤᠨ ᠦᠨᠳᠦᠰᠦᠨ‌ᠵᠣᠷᠢᠯᠲᠠ ᠶᠢ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂  ᠵᠣᠷᠢᠭᠲᠠᠢ ᠪᠠᠷ ᠰᠢᠨ᠎ᠡ ᠶᠢ ᠡᠭᠦᠳᠴᠦ ᠂ ᠪᠤᠰᠤᠳ ᠢ ᠬᠠᠪᠰᠤᠷᠬᠤ ᠪᠠᠷ ᠵᠢᠷᠭᠠᠯ ᠪᠣᠯᠭᠠᠵᠤ᠂ ᠠᠷᠢᠭᠤᠨ ᠴᠢᠭᠡᠴᠢ ᠪᠠᠷ ᠠᠯᠪᠠᠨ ᠳᠤ ᠦᠢᠯᠡᠴᠢᠯᠡᠵᠦ᠂ ᠦᠷᠭᠡᠨ ᠣᠯᠠᠨ ᠮᠠᠯᠴᠢᠨ ᠲᠦᠮᠡᠨ ᠢ ᠳᠠᠭᠠᠭᠤᠯᠤᠨ  ᠪᠠᠶᠠᠵᠢᠨ ᠴᠢᠨᠡᠭᠡᠯᠢᠭᠵᠢᠬᠦ ᠠᠶᠠᠨ ᠳᠤ ᠶᠡᠷᠦ ᠶᠢᠨ ᠪᠤᠰᠤ ᠠᠮᠵᠢᠯᠲᠠ ᠪᠦᠲᠦᠭᠡᠯ ᠭᠠᠷᠭᠠᠵᠠᠢ᠃︾ ᠭᠡᠵᠦ  ᠦᠨᠡᠯᠡᠭᠰᠡᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ ᠠᠴᠠ ᠪᠦᠬᠦ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠵᠢᠷᠭᠠᠯ ᠨᠦᠬᠦᠷ ᠠᠴᠠ ᠰᠤᠷᠤᠯᠴᠠᠵᠦ᠂ ᠲᠡᠬᠦᠨ ᠤ ᠨᠠᠮ ᠳᠠᠭᠠᠨ ᠦᠨᠡᠨᠴᠢ ᠰᠢᠳᠤᠷᠭᠤ᠂ ᠢᠳᠡᠭᠡᠯ ᠪᠠᠳᠦ ᠤᠯᠤᠰ ᠲᠦᠷᠦ ᠶᠢᠨ ᠵᠠᠩ ᠰᠤᠷᠳᠠᠯ ᠢ ᠰᠤᠷᠤᠯᠴᠠᠬᠤ ᠭᠡᠷᠡᠭᠳᠠᠢ︔ ᠲᠡᠬᠦᠨ ᠤ ᠡᠷᠡᠯᠭᠡᠭ ᠪᠠᠭᠠᠳᠤᠷᠯᠢᠬ᠂ ᠦᠬᠦᠵᠤ ᠰᠡᠬᠡᠬᠦ ᠶᠢ ᠦᠯᠦ ᠪᠤᠳᠤᠬᠤ ᠰᠦᠰᠦ ᠵᠤᠷᠢᠭ ᠢ ᠰᠤᠷᠤᠯᠴᠠᠬᠤ ᠭᠡᠷᠡᠭᠳᠠᠢ︔ ᠲᠡᠬᠦᠨ ᠤ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠲᠡᠢ᠂ ᠰᠢᠨ᠎ᠠ ᠶᠢ ᠡᠬᠦᠳᠦᠨ ᠦᠢᠯᠡᠰ ᠪᠤᠰᠬᠠᠬᠤ ᠲᠤᠬᠠᠢᠢᠯᠠᠬᠰᠠᠠ ᠠᠵᠢᠯ ᠤᠨ ᠪᠠᠳᠤ ᠰᠠᠬᠢᠶ᠎ᠠ ᠶᠢ ᠰᠤᠷᠤᠯᠴᠠᠬᠤ ᠭᠡᠷᠡᠭᠳᠠᠢ︔ ᠲᠡᠬᠦᠨ ᠤ ᠪᠤᠳᠠᠳᠠᠢ ᠶᠢ ᠡᠷᠬᠢᠮᠯᠡᠬᠦ᠂ ᠨᠢᠭᠡ ᠰᠡᠳᠬᠢᠯ ᠢᠶᠠᠷ ᠠᠷᠠᠳ ᠲᠦᠮᠡᠨ ᠳᠤ ᠦᠢᠯᠡᠴᠢᠯᠡᠬᠦ ᠠᠯᠪᠠᠨ ᠵᠠᠷᠤᠴᠠ ᠶᠢᠨ ᠵᠤᠷᠢᠬ ᠰᠠᠨᠠᠭ᠎ᠠ ᠶᠢ ᠰᠤᠷᠤᠯᠴᠠᠬᠤ ᠭᠡᠷᠡᠭᠳᠠᠢ︔ ᠲᠡᠬᠦᠨ ᠤ ᠪᠡᠶ᠎ᠠ ᠪᠠᠨ ᠪᠠᠷᠢᠨ ᠰᠠᠬᠢᠯᠭ᠎ᠠ ᠶᠢ ᠴᠢᠩᠭ᠎ᠠ ᠰᠠᠬᠢᠬᠤ᠂ ᠠᠷᠢᠭᠤᠨ ᠴᠢᠭᠡᠴᠢ ᠲᠦᠪ ᠭᠤᠤᠯᠴᠢ ᠪᠠᠶᠢᠳᠠᠭ ᠡᠷᠬᠢᠮ ᠲᠡᠭᠡᠳᠦ ᠵᠠᠩ ᠴᠢᠨᠠᠷ ᠢ ᠰᠤᠷᠤᠯᠴᠠᠬᠤ ᠭᠡᠷᠡᠭᠳᠠᠢ ᠭᠡᠵᠦ ᠤᠷᠢᠶᠠᠯᠠᠪᠠ᠃      ᠵᠢᠷᠭᠠᠯ᠂ ᠡᠷᠡᠭᠳᠠᠢ᠂ ᠮᠤᠩᠭᠤᠯ ᠦᠨᠳᠦᠰᠦᠳᠡᠨ᠂ ᠠᠮᠢᠳᠦ ᠰᠡᠷᠡᠬᠦᠨ ᠪᠠᠶᠢᠬᠤ ᠳᠠᠭᠠᠨ ᠪᠠᠷᠠᠭᠤᠨ ᠦᠵᠦᠮᠦᠴᠢᠨ ᠬᠤᠰᠢᠭᠤᠨ ᠤ ᠤᠤᠯ ᠤᠨ ᠵᠢᠷᠠᠨ ᠰᠤᠮᠦ ᠶᠢᠨ ᠲᠠᠷᠤᠭ᠎ᠠ᠂ ᠵᠢᠷ ᠤᠨ ᠭᠤᠤᠯ ᠪᠠᠯᠭᠠᠰᠤᠨ ᠤ ᠲᠡᠳ᠋ ᠲᠠᠷᠤᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠢᠨ ᠠᠵᠦ ᠦᠢᠯᠡᠰᠵᠢᠯᠳᠡ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠢᠨ ᠲᠡᠳ᠋ ᠲᠠᠷᠤᠭ᠎ᠠ᠂ ᠭᠤᠷᠤᠬᠠᠨ ᠪᠠᠯᠭᠠᠰᠤᠨ ᠤ ᠲᠠᠷᠤᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠢᠨ ᠲᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠦ ᠦᠩᠭᠡᠷᠡᠵᠠᠢ᠃ 2015 ᠤᠨ ᠤ 4  ᠳ᠋ᠦ᠋ᠭᠡᠷ ᠰᠠᠷ᠎ᠠ ᠶᠢᠨ 22 ᠎ ᠤᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤ ᠶᠢᠨ ᠨᠤᠳᠤᠬ ᠪᠡᠯᠴᠢᠬᠡᠷ ᠤᠨ ᠲᠦᠢᠮᠡᠷ ᠢ ᠤᠨᠳᠠᠷᠠᠭᠠᠬᠤ ᠶᠠᠪᠤᠴᠠ ᠳᠤ ᠪᠠᠭᠠᠳᠤᠷᠯᠢᠬ ᠢᠶᠠᠷ ᠪᠡᠶ᠎ᠠ ᠦᠷᠡᠭᠳᠡᠪᠡ᠃ 41 ᠨᠠᠰᠤᠳᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号