ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠬᠦ ᠶᠢᠨ ᠲᠤᠰᠠᠳᠠ᠂ ᠡᠪᠡᠳᠴᠢᠨ ᠦᠵᠡᠭᠦᠯᠬᠦ ᠡᠮᠨᠡᠭᠦᠯᠬᠦ ᠴᠤᠪᠤᠷᠠᠯ ᠶᠢ ᠪᠠᠭᠠᠰᠬᠠᠬᠤ᠂ ᠡᠪᠡᠳᠴᠢᠨ | ᠦᠵᠡᠭᠦᠯᠬᠦ ᠡᠮᠨᠡᠭᠦᠯᠬᠦ ᠬᠤᠷᠳᠤᠴᠠ ᠶᠢ ᠲᠦᠷᠭᠡᠳᠬᠡᠬᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠦᠢᠯᠡᠴᠢᠯᠡᠭᠡᠨ ᠤ ᠵᠠᠷᠴᠢᠮ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ ᠬᠤᠷᠢᠶ᠎ᠠ | 7 ᠳ᠋ᠤᠭᠠᠷ ᠰᠠᠷ᠎ᠠ ᠶᠢᠨ 14 ᠤ ᠡᠳᠦᠷ ᠠᠴᠠ ᠡᠬᠢᠯᠡᠨ᠂ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠵᠠᠭᠪᠤᠷ — | ᠡᠭᠦᠳᠡᠨ ᠡᠮᠨᠡᠯᠭᠡ ᠶᠢᠨ ︽ᠨᠢᠭᠡ ᠥᠷᠲᠡᠭᠡᠯᠢᠭ ᠦᠢᠯᠡᠴᠢᠯᠡᠭᠡ︾ ᠶᠢ ᠵᠢᠩᠬᠢᠨᠢ ᠪᠠᠷ ᠡᠬᠢᠯᠡᠭᠦᠯᠪᠡ᠃ ᠡᠨᠡ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠣᠯᠠᠨ ᠲᠦᠮᠡᠨᠴᠢ | ᠱᠤᠭᠤᠮ ᠢ ᠦᠢᠯᠡᠳᠦᠯᠭᠡᠵᠢᠭᠦᠯᠬᠦ ᠬᠥᠮᠦᠵᠢᠯ ᠪᠠ ︽ᠭᠤᠷᠪᠠᠨ ᠴᠢᠩᠭ᠎ᠠ ᠭᠤᠷᠪᠠᠨ ᠪᠣᠳᠠᠲᠠᠶ ᠪᠠᠶᠢᠬᠤ︾ | ᠦᠢᠯᠡᠳᠦᠯᠭᠡ ᠶᠢᠨ ᠠᠵᠢᠯᠯᠠᠭ᠎ᠠ ᠳᠤᠮᠳᠠ ᠭᠠᠷᠭᠠᠭᠰᠠᠨ ᠪᠠᠰᠠ ᠨᠢᠭᠡᠨ ᠠᠷᠠᠳ ᠣᠯᠠᠨ ᠳᠤ ᠳᠥᠭᠦᠮ ᠦᠵᠡᠭᠦᠯᠬᠦ | ᠠᠷᠭ᠎ᠠ ᠬᠡᠮᠵᠢᠶ᠎ᠡ ᠪᠣᠯᠣᠨ᠎ᠠ᠃ | ︽ᠨᠢᠭᠡ ᠥᠷᠲᠡᠭᠡᠯᠢᠭ ᠦᠢᠯᠡᠴᠢᠯᠡᠭᠡ︾ ᠶᠢᠨ ᠮᠥᠨ ᠴᠢᠨᠠᠷ ᠨᠢ ᠳᠠᠷᠤᠶ ᠦᠢᠯᠡᠴᠢᠯᠡᠭᠡ ᠶᠢ ᠲᠥᠪᠯᠡᠷᠡᠭᠦᠯᠬᠦ᠂ | ᠡᠮᠬᠢᠯᠡᠨ ᠨᠡᠶᠢᠯᠡᠭᠦᠯᠬᠦ ᠶᠠᠪᠤᠳᠠᠯ ᠪᠣᠯᠣᠨ᠎ᠠ᠃ ᠤᠤᠯ ᠳᠠᠭᠠᠨ ᠲᠠᠷᠠᠬᠠᠶ ᠪᠤᠲᠠᠷᠬᠠᠶ ᠪᠠᠶᠢᠭᠰᠠᠨ ᠡᠪᠡᠳᠴᠢᠨ ᠦᠵᠡᠭᠦᠯᠬᠦ | ᠡᠮᠨᠡᠭᠦᠯᠬᠦ ᠮᠠᠰᠢ ᠣᠯᠠᠨ ᠴᠤᠪᠤᠷᠠᠯ ᠢ ᠲᠥᠪᠯᠡᠷᠡᠭᠦᠯᠵᠦ᠂ ᠡᠮᠨᠡᠯᠭᠡ ᠶᠢᠨ ᠭᠠᠵᠠᠷ᠂ ᠡᠮᠨᠡᠯᠭᠡ ᠶᠢᠨ ᠳᠠᠭᠠᠳᠬᠠᠯ ᠤᠨ | ᠭᠠᠵᠠᠷ᠂ ᠡᠮ ᠨᠠᠶᠢᠷᠠᠯᠠᠬᠤ ᠭᠠᠵᠠᠷ᠂ ᠡᠭᠦᠳᠡᠨ ᠡᠮᠨᠡᠯᠭᠡ᠂ ᠮᠡᠳᠡᠭᠡ ᠵᠠᠩᠭᠢ ᠶᠢᠨ ᠲᠥᠪ ᠵᠡᠷᠭᠡ ᠣᠯᠠᠨ ᠰᠠᠯᠠᠭ᠎ᠠ | ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠠᠬᠢᠵᠤ ᠴᠤᠪᠤᠷᠠᠯ ᠢ ᠪᠤᠢ ᠪᠤᠯᠭᠠᠬᠤ ᠪᠠᠷ ᠳᠠᠮᠵᠢᠭᠤᠯᠤᠨ᠂ | ᠡᠪᠡᠳᠴᠢᠲᠡᠳ ᠲᠤ ︽ᠳᠥᠭᠦᠮ᠂ ᠲᠦᠷᠭᠡᠨ᠂ ᠬᠢᠯᠪᠠᠷᠴᠢᠯᠠᠭᠰᠠᠨ᠂ ᠴᠢᠨᠠᠷ ᠰᠠᠶᠢᠲᠠᠶ︾ ᠦᠢᠯᠡᠴᠢᠯᠡᠭᠡ ᠣᠯᠭᠤᠨ᠎ᠠ᠃ | ᠥᠩᠭᠡᠷᠡᠭᠰᠡᠨ ᠳᠤ ᠠᠰᠠᠷ ᠤᠨ ᠳᠡᠭᠡᠷ᠎ᠡ ᠳᠣᠣᠷᠠᠬᠢ ᠣᠯᠠᠨ ᠠᠵᠢᠯ ᠤᠨ ᠴᠢᠭ᠋ ᠲᠤ ᠨᠠᠰᠢ ᠴᠠᠰᠢ ᠭᠦᠶᠦᠭᠡᠳ ᠰᠠᠶ᠋ᠢ | ᠰᠢᠢᠳᠪᠦᠷᠢᠯᠡᠳᠡᠭ ᠪᠠᠶᠢᠭᠰᠠᠨ ᠣᠨᠣᠰᠢᠯᠠᠭᠰᠠᠨ ᠭᠡᠷᠡᠴᠢ ᠳᠤ ᠲᠠᠮᠠᠭ᠎ᠠ ᠳᠠᠷᠤᠭᠤᠯᠬᠤ᠂ ᠡᠮ ᠡᠮᠨᠡᠯᠭᠡ ᠶᠢᠨ | ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠡᠭᠦᠳᠡᠨ ᠡᠮᠨᠡᠯᠭᠡ ᠶᠢᠨ ᠡᠮ ᠬᠡᠷᠡᠭᠯᠡᠬᠦ ᠯᠠᠪᠯᠠᠭ᠎ᠠ᠂ | ᠡᠮᠴᠢᠯᠡᠭᠡᠨ ᠤ ᠠᠵᠢᠯᠯᠠᠭ᠎ᠠ ᠬᠢᠭᠡᠳ ᠡᠭᠦᠳᠡᠨ ᠡᠮᠨᠡᠯᠭᠡ ᠶᠢᠨ ᠦᠢᠯᠡᠴᠢᠯᠡᠭᠡ ᠵᠡᠷᠭᠡ ᠲᠥᠷᠥᠯ ᠵᠦᠢᠯ ᠢ᠂ ᠣᠳᠣ | ᠵᠥᠪᠬᠡᠨ ︽ᠨᠢᠭᠡ ᠥᠷᠲᠡᠭᠡᠯᠢᠭ ᠦᠢᠯᠡᠴᠢᠯᠡᠭᠡ︾ ᠪᠠᠷ ᠨᠢᠭᠡ ᠤᠳᠠᠭ᠎ᠠ ᠪᠠᠷ ᠭᠦᠢᠴᠡᠳᠬᠡᠴᠢᠬᠡᠨᠡ᠃ ᠡᠨᠡ ᠬᠦ | ᠲᠥᠪᠯᠡᠷᠡᠭᠦᠯᠦᠭᠰᠡᠨ ᠦᠢᠯᠡᠴᠢᠯᠡᠭᠡᠨ ᠤ ᠵᠠᠭᠪᠤᠷ ᠤᠨ ᠨᠡᠭᠡᠭᠡᠭᠰᠡᠨ ᠶᠠᠪᠤᠳᠠᠯ ᠨᠢ᠂ | ᠡᠪᠡᠳᠴᠢᠲᠡᠳ ᠤᠨ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠳᠤ ᠳᠥᠭᠦᠮ ᠪᠣᠯᠭᠠᠭᠰᠠᠨ ᠢᠶᠠᠷ ᠪᠠᠷᠠᠬᠤ ᠦᠭᠡᠶ᠂ | ᠪᠠᠰᠠ ᠡᠮᠨᠡᠵᠦ ᠰᠤᠪᠢᠯᠠᠬᠤ ᠠᠵᠢᠯᠲᠠᠳ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃ | ᠵᠢᠱᠢᠯᠲᠡ ᠪᠠᠷ ︽ᠨᠢᠭᠡ ᠥᠷᠲᠡᠭᠡᠯᠢᠭ ᠦᠢᠯᠡᠴᠢᠯᠡᠭᠡ︾ ᠶᠢᠨ ᠵᠠᠭᠪᠤᠷ ᠢ ᠨᠡᠭᠡᠭᠡᠭᠰᠡᠨ ᠤ ᠳᠠᠷᠠᠭ᠎ᠠ᠂ ᠬᠠᠮᠢᠶ᠎ᠠ ᠪᠦᠬᠦᠢ | ᠠᠵᠢᠯᠲᠠᠨ ᠡᠳᠦᠷ ᠪᠦᠷᠢ ᠬᠡᠳᠦᠨ ᠵᠠᠭᠤᠨ ᠡᠪᠡᠳᠴᠢᠲᠡᠨ ᠳᠤ ᠯᠠᠪᠯᠠᠭ᠎ᠠ ᠥᠭᠬᠦ᠂ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡ᠂ ᠣᠨᠣᠰᠢᠯᠠᠭᠰᠠᠨ ᠭᠡᠷᠡᠴᠢ ᠳᠤ ᠲᠠᠮᠠᠭ᠎ᠠ ᠳᠠᠷᠤᠬᠤ ᠵᠡᠷᠭᠡ ᠦᠢᠯᠡᠴᠢᠯᠡᠭᠡ ᠬᠠᠩᠭᠠᠵᠤ᠂ ᠡᠨᠡ ᠬᠦ ᠠᠷᠭ᠎ᠠ | ᠬᠡᠮᠵᠢᠶ᠎ᠡ ᠨᠢ ᠯᠠᠪᠲᠠᠶ ᠡᠪᠡᠳᠴᠢᠲᠡᠳ ᠤᠨ ᠬᠦᠷᠢᠶᠡᠯᠡᠯ ᠰᠠᠶᠢᠰᠢᠶᠠᠯ ᠢ ᠣᠯᠬᠤ ᠪᠣᠯᠣᠨ᠎ᠠ᠃ ︽ᠨᠢᠭᠡ ᠥᠷᠲᠡᠭᠡᠯᠢᠭ | ᠦᠢᠯᠡᠴᠢᠯᠡᠭᠡ︾ ᠶᠢᠨ ᠠᠵᠢᠯᠯᠠᠬᠤ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ | ᠡᠮᠦᠨ᠎ᠡ ᠶᠢᠨ 8᠄ 00 —12᠄ 00᠂ ᠦᠳᠡ ᠶᠢᠨ ᠬᠤᠶᠢᠨ᠎ᠠ ᠶᠢᠨ 2᠄ 30 —5᠄ 30 ᠬᠦᠷᠲᠡᠯ᠎ᠡ ᠪᠣᠯᠣᠨ᠎ᠠ᠃ | |