ᠥᠪᠥᠷ ᠮᠣᠩᠭᠤᠯ ᠤᠨ ᠵᠢᠩᠬᠢᠨᠢ ᠠᠩᠬᠢ ᠶᠢᠨ ᠨᠢᠬᠡᠳᠤᠬᠡᠷ ᠪᠦᠯᠦᠭ ᠤᠨ B ᠥᠨᠥᠳᠦᠷ ᠰᠦᠯᠵᠢᠶᠡᠨ ᠲᠡᠬᠡᠷ᠎ᠡ ᠡᠷᠡᠮᠡᠯᠵᠡᠯ ᠢᠶᠠᠨ ᠲᠠᠬᠯᠠᠨ᠎ᠡ
ᠨᠡᠶᠢᠲᠡᠯᠡᠭᠰᠡᠨ ᠴᠠᠭ᠄
2015/7/17
      2015 ᠤᠨ ᠤ ᠡᠩ ᠤᠨ ᠶᠡᠭᠡ ᠲᠡᠬᠡᠳᠤ ᠰᠤᠷᠭᠠᠭᠤᠯᠢ ᠶᠢᠨ ᠵᠢᠩᠬᠢᠨᠢ ᠠᠩᠬᠢ ᠶᠢᠨ ᠨᠢᠬᠡᠳᠤᠬᠡᠷ ᠪᠦᠯᠦᠭ ᠤᠨ B᠎ ᠶᠢᠨ ᠰᠦᠯᠵᠢᠶᠡᠨ ᠲᠡᠬᠡᠷ᠎ᠡ ᠡᠷᠡᠮᠡᠯᠵᠡᠯ ᠢᠶᠠᠨ ᠲᠠᠭᠯᠠᠬᠤ ᠨᠢ 7 ᠳ᠋ᠤᠭᠠᠷ ᠰᠠᠷ᠎ᠡ ᠶᠢᠨ 17᠎ ᠤ ᠡᠳᠤᠷ ᠤᠨ ᠦᠳᠡ ᠶᠢᠨ ᠡᠮᠤᠨᠡᠬᠢ 9᠄ 00᠎ ᠠᠴᠠ ᠡᠬᠢᠯᠡᠨ᠎ᠡ  ᠃ 10 ᠴᠠᠭ 30 ᠮᠢᠨᠦ᠋ᠲ ᠠᠴᠠ ᠬᠤᠶᠢᠰᠢ ᠡᠷᠡᠮᠡᠯᠵᠡᠯ ᠢᠶᠠᠨ ᠨᠢᠭᠡᠨᠲᠠ ᠲᠠᠭᠯᠠᠭᠰᠠᠨ ᠰᠢᠯᠭᠠᠭᠤᠯᠤᠬᠰᠠᠳ ᠡᠷᠡᠮᠡᠯᠵᠡᠯ ᠢᠶᠠᠨ ᠬᠠᠰᠤᠵᠤ ᠪᠤᠯᠬᠤ ᠦᠬᠡᠢ︔ 10 ᠴᠠᠭ 40᠎ ᠠᠴᠠ ᠬᠤᠶᠢᠰᠢ ᠡᠷᠡᠮᠡᠯᠵᠡᠯ ᠲᠠᠭᠯᠠᠭ᠎ᠠ ᠦᠭᠡᠢ ᠰᠢᠯᠭᠠᠭᠤᠯᠤᠭᠰᠠᠳ ᠳᠠᠬᠢᠵᠤ ᠡᠷᠡᠮᠡᠯᠵᠡᠯ ᠲᠠᠭᠯᠠᠵᠤ ᠪᠤᠯᠠᠬᠤ ᠦᠭᠡᠢ᠂ ᠡᠷᠡᠮᠡᠯᠵᠡᠯ ᠢᠶᠠᠨ ᠨᠢᠭᠡᠨᠲᠡ ᠲᠠᠭᠯᠠᠭᠰᠠᠨ ᠰᠢᠯᠭᠠᠭᠤᠯᠤᠭᠰᠠᠳ ᠵᠥᠪᠬᠡᠨ ᠡᠷᠡᠮᠡᠯᠵᠡᠯ ᠢᠶᠠᠨ ᠵᠠᠰᠠᠵᠤ ᠪᠣᠯᠣᠨ᠎ᠠ᠃ 11 ᠴᠠᠭ ᠲᠤ᠂ 501 ᠬᠤᠪᠢ ᠵᠢᠴᠢ ᠡᠭᠦᠨ ᠠᠴᠠ ᠳᠡᠭᠡᠭᠰᠢ ᠬᠤᠪᠢ ᠲᠠᠢ ᠰᠢᠯᠭᠠᠭᠤᠯᠤᠬᠰᠠᠳ ᠤᠨ ᠲᠤᠰ ᠤᠳᠠᠭᠠᠨ ᠤ ᠰᠦᠯᠵᠢᠶᠡᠨ ᠲᠡᠬᠡᠷ᠎ᠡ ᠡᠷᠡᠮᠡᠯᠵᠡᠯ ᠲᠠᠬᠯᠠᠬᠤ ᠨᠢ ᠲᠠᠭᠤᠰᠤᠨ᠎ᠡ᠃ 12 ᠴᠠᠭ ᠲᠤ᠂ 501 ᠬᠤᠪᠢ ᠠᠴᠠ ᠳᠣᠷᠣᠭᠰᠢ ᠬᠤᠪᠢ ᠲᠠᠢ ᠰᠢᠯᠭᠠᠭᠤᠯᠤᠬᠰᠠᠳ ᠤᠨ ᠲᠤᠰ ᠤᠳᠠᠭᠠᠨ ᠤ ᠰᠦᠯᠵᠢᠶᠡᠨ ᠲᠡᠬᠡᠷ᠎ᠡ ᠡᠷᠡᠮᠡᠯᠵᠡᠯ ᠲᠠᠬᠯᠠᠬᠤ ᠨᠢ ᠲᠠᠭᠤᠰᠤᠨ᠎ᠡ᠃ ᠰᠢᠯᠭᠠᠭᠤᠯᠤᠬᠰᠠᠳ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠪᠠᠨ ᠲᠠᠭᠤᠰᠬᠤ ᠠᠴᠠ ᠡᠮᠤᠨ᠎ᠡ᠂ ᠰᠦᠯᠵᠢᠶᠡᠨ ᠲᠡᠬᠡᠷ᠎ᠡ ᠠᠴᠠ ᠦᠪᠡᠷ ᠤᠨ ᠮᠡᠳᠡᠭᠦᠯᠦᠭᠰᠡᠨ ᠰᠤᠷᠭᠠᠭᠤᠯᠢ ᠶᠢᠨ ᠳᠠᠩᠰᠠ ᠡᠪᠬᠡᠮᠡᠯ ᠲᠤᠰᠢᠶᠠᠬᠤ ᠬᠤᠪᠢ ᠶᠢᠨ ᠬᠥᠳᠥᠯᠦᠩᠭᠦᠢ ᠨᠡᠷᠡᠰ ᠤᠨ ᠵᠢᠭᠰᠠᠭᠠᠯᠲᠠ ᠶᠢ ᠴᠠᠭ ᠲᠤᠬᠠᠢ ᠳᠤᠨᠢ ᠦᠵᠡᠵᠦ ᠪᠣᠯᠣᠨ᠎ᠠ᠂ ᠪᠠᠰᠠ ᠥᠪᠡᠷ ᠤᠨ ᠮᠡᠳᠡᠭᠦᠯᠦᠭᠰᠡᠨ ᠰᠤᠷᠭᠠᠭᠤᠯᠢ ᠶᠢᠨ ᠨᠢᠭᠡᠳᠦᠭᠡᠷ ᠲᠤᠰᠬᠠᠢ ᠮᠡᠷᠭᠡᠵᠢᠯ ᠤᠨ ᠲᠠᠩᠰᠡ ᠡᠪᠬᠡᠮᠡᠯ ᠲᠤᠰᠢᠶᠠᠬᠤ ᠬᠤᠪᠢ ᠪᠠ ᠵᠢᠩᠬᠢᠨᠢ ᠰᠢᠯᠭᠠᠭᠰᠠᠨ ᠬᠤᠪᠢ ᠶᠢᠨ ᠬᠦᠳᠦᠯᠦᠩᠭᠦᠢ ᠨᠡᠷᠡᠰ ᠤᠨ ᠵᠢᠭᠰᠠᠭᠠᠯᠲᠠ ᠵᠢᠴᠢ ᠲᠤᠰ ᠲᠤᠰᠬᠠᠢ ᠮᠡᠷᠭᠡᠵᠢᠯ ᠳᠤ ᠮᠡᠳᠡᠭᠦᠯᠦᠨ ᠰᠢᠯᠭᠠᠭᠤᠯᠤᠭᠰᠠᠨ ᠪᠦᠬᠦᠨ ᠪᠠ ᠰᠢᠯᠭᠠᠭᠤᠯᠤᠭᠴᠢ ᠲᠤᠰ ᠬᠥᠮᠥᠨ ᠤ ᠳᠠᠩᠰᠠ ᠡᠪᠬᠡᠮᠡᠯ ᠲᠤᠰᠢᠶᠠᠬᠤ ᠬᠤᠪᠢ ᠪᠠ ᠵᠢᠩᠬᠢᠨᠢ ᠰᠢᠯᠭᠠᠭᠰᠠᠨ ᠬᠤᠪᠢ ᠨᠢ ᠠᠳᠠᠯᠢ ᠰᠢᠯᠭᠠᠭᠤᠯᠤᠭᠴᠢ ᠶᠢᠨ ᠬᠥᠮᠥᠨ ᠤ ᠲᠤᠭ᠎ᠠ ︵ᠲᠤᠰ ᠬᠥᠮᠥᠨ ᠪᠠᠭᠲᠠᠨ᠎ᠠ︶᠎ ᠶᠢ ᠴᠠᠭ ᠲᠤᠬᠠᠢ ᠳᠤᠨᠢ ᠪᠠᠶᠢᠴᠠᠭᠠᠨ ᠦᠵᠡᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号