ᠦᠪᠦᠷ ᠮᠤᠩᠭᠤᠯ ᠤᠷᠤᠨ ᠵᠢᠩᠬᠢᠨᠢ ᠠᠩᠭᠢ ᠳᠤ ᠰᠢᠯᠭᠠᠭᠤᠯᠤᠨ ᠣᠷᠣᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠲᠤ 4 ᠲᠦᠮᠡᠨ ᠲᠦᠬᠦᠷᠢᠭ᠂ ᠲᠤᠰᠬᠠᠶ ᠮᠡᠷᠭᠡᠵᠢᠯ ᠤᠨ ᠠᠩᠭᠢ ᠳᠤ ᠰᠢᠯᠭᠠᠭᠤᠯᠤᠨ ᠣᠷᠣᠭᠰᠠᠳ ᠲᠤ 3 ᠲᠦᠮᠡᠨ ᠲᠦᠬᠦᠷᠢᠭ ᠲᠤᠰᠠᠯᠠᠨ᠎ᠠ
ᠨᠡᠶᠢᠲᠡᠯᠡᠭᠰᠡᠨ ᠴᠠᠭ᠄
2015/7/17
     ᠮᠠᠨ ᠤ ᠣᠷᠣᠨ ᠡᠩ ᠤᠨ ᠳᠡᠭᠡᠳᠦ ᠰᠤᠷᠭᠠᠭᠤᠯᠢ ᠳᠤ ᠤᠷᠤᠭᠰᠠᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠳᠤᠨᠢ ᠲᠤᠰᠠᠯᠠᠮᠵᠢ ᠦᠵᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠪᠤᠢ᠂ ᠲᠤᠬᠠᠶᠢᠯᠠᠪᠠᠯ ᠮᠠᠨ ᠤ ᠣᠷᠣᠨ ᠤ ᠡᠷᠦᠬᠡ ᠠᠮᠠ ᠶᠢᠨ  ᠬᠠᠷᠢᠶ᠎ᠠ ᠲᠠᠢ ᠪᠥᠭᠡᠳ ᠡᠯᠰᠡᠭᠳᠡᠬᠦ ᠦᠶ᠎ᠡ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠪᠠᠶᠢᠵᠦ᠂ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠠᠭᠠᠭᠤᠯᠤᠨ ᠣᠷᠤᠭᠰᠠᠨ ᠪᠣᠯ ᠨᠢᠭᠡ ᠤᠳᠠᠭ᠎ᠠ ᠶᠢᠨ ᠴᠢᠨᠠᠷᠲᠠᠢ 4 ᠲᠦᠮᠡᠨ ᠲᠥᠭᠦᠷᠢᠭ ᠲᠤᠰᠠᠯᠠᠨ᠎ᠠ᠂ ᠡᠩ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠠᠩᠭᠢ ᠳᠤ ᠰᠢᠯᠭᠠᠭᠤᠯᠤᠨ ᠣᠷᠣᠭᠰᠠᠨ ᠪᠣᠯ ᠨᠢᠭᠡ ᠤᠳᠠᠭ᠎ᠠ ᠶᠢᠨ ᠴᠢᠨᠠᠷᠲᠠᠢ 3 ᠲᠦᠮᠡᠨ ᠲᠦᠬᠦᠷᠢᠭ ᠲᠤᠰᠠᠯᠠᠨ᠎ᠠ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠲᠠᠨᠢᠯᠴᠠᠭᠤᠯᠤᠭᠰᠠᠨ ᠢᠶᠠᠷ᠂ 2014 ᠣᠨ ᠳᠤ᠂ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠦᠵᠡᠭᠦᠯᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠦᠬᠡᠬᠤᠲᠠ ᠤᠤᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠢ ᠣᠶᠣᠲᠠᠳ ᠲᠤ ᠵᠠᠰᠠᠭ ᠤᠨ ᠣᠷᠳᠣᠨ ᠠᠴᠠ ᠲᠤᠰᠠᠯᠠᠮᠵᠢ ᠦᠵᠡᠭᠦᠯᠬᠦ ᠲᠥᠷᠥ ᠶᠢᠨ ᠪᠣᠳᠣᠯᠭ᠎ᠠ ᠳᠤ ᠵᠣᠬᠢᠴᠠᠩᠭᠤᠶ ᠪᠠᠷ ᠲᠣᠬᠢᠷᠠᠭᠤᠯᠤᠯᠲᠠ ᠬᠢᠭᠰᠡᠨ ᠪᠠᠶᠢᠨ᠎ᠠ᠃ ᠬᠦᠬᠡᠬᠤᠲᠠ ᠎ ᠶᠢᠨ ᠡᠷᠦᠬᠡ ᠠᠮᠠ ᠶᠢᠨ ᠬᠠᠷᠢᠶ᠎ᠠ ᠲᠠᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠣᠶᠣᠲᠡᠳ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠰᠡᠨ ᠪᠣᠯ ᠬᠦᠬᠡᠬᠤᠲᠠ ᠶᠢᠨ ᠵᠠᠰᠠᠭ ᠤᠨ ᠣᠷᠳᠣᠨ ᠤ ᠲᠤᠰᠠᠯᠠᠬᠤ ᠲᠥᠷᠥᠯ ᠵᠦᠢᠯ ᠢ ᠬᠦᠷᠲᠡᠬᠦ ᠦᠭᠡᠢ᠃  ᠬᠦᠬᠡᠬᠤᠲᠠ ᠶᠢᠨ ᠡᠷᠦᠬᠡ ᠠᠮᠠ ᠶᠢᠨ  ᠬᠠᠷᠢᠶ᠎ᠠ ᠲᠠᠢ ᠪᠦᠭᠡᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠮᠡᠷ ᠪᠠᠶᠢᠭ᠎ᠠ ᠪᠤᠰᠤᠳ ᠬᠦᠴᠢᠷᠳᠡᠯᠲᠡᠢ ᠭᠡᠷ ᠪᠦᠯᠢ ᠶᠢᠨ ᠤᠶᠤᠲᠠᠳ ᠶᠡᠭᠡ ᠰᠤᠷᠭᠠᠭᠤᠯᠢ ᠶᠢᠨ ᠬᠤᠭᠤᠴᠠᠭᠠᠨ ᠳᠤ ᠵᠢᠯ ᠪᠦᠷᠢ 6000 ᠲᠥᠭᠦᠷᠢᠭ ᠤᠨ ᠲᠤᠰᠠᠯᠠᠮᠵᠢ ᠬᠦᠷᠲᠡᠵᠦ᠂ ᠨᠥᠬᠦᠴᠡᠯ ᠳᠤ ᠨᠡᠶᠢᠴᠡᠬᠦ ᠣᠶᠣᠲᠠᠳ ᠪᠣᠯ ᠵᠢᠯ ᠢᠶᠠᠷ ᠬᠤᠭᠤᠴᠠᠭᠠᠯᠠᠨ ᠦᠷᠭᠦᠯᠵᠢᠯᠡᠨ ᠲᠤᠰᠠᠯᠠᠮᠵᠢ ᠬᠦᠷᠲᠡᠬᠦ ᠪᠠᠷ ᠭᠤᠶᠤᠴᠢᠯᠠᠵᠤ ᠪᠣᠯᠤᠨ᠎ᠠ᠃ ᠡᠨᠡ ᠵᠢᠯ᠂  ᠡᠨᠡᠬᠦ ᠬᠤᠶᠠᠷ ᠵᠦᠢᠯ ᠤᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠡᠮᠦᠨᠡᠬᠢ ᠬᠤᠭᠤᠴᠠᠭᠠᠨ ᠤ ᠪᠠᠶᠢᠳᠠᠯ  ᠣᠶᠢᠯᠠᠭᠠᠬᠤ ᠠᠵᠢᠯ ᠢ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠠᠮᠲᠤ ᠪᠠᠷ ᠪᠡᠶᠡᠯᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠲᠤᠰᠠᠯᠠᠬᠤ ᠲᠥᠷᠥ ᠶᠢᠨ ᠪᠣᠳᠣᠯᠭ᠎ᠠ ᠶᠢ ᠬᠦᠷᠲᠡᠬᠦ ᠰᠤᠷᠤᠭᠴᠢ ᠪᠠᠷᠤᠭ 1250 ᠬᠥᠮᠥᠨ᠂ ᠬᠦᠬᠡᠬᠤᠲᠠ ᠶᠢᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠦᠷᠲᠡᠬᠦ ᠰᠤᠷᠤᠭᠴᠢ ᠪᠠᠷᠤᠭ 430 ᠬᠥᠮᠦᠨ ᠪᠠᠶᠢᠵᠤ᠂ ᠪᠦᠷᠢᠳᠬᠡᠭᠰᠡᠨ ᠨᠡᠷᠡᠰ ᠢ ᠡᠯ᠎ᠡ ᠬᠤᠰᠢᠭᠤ ᠰᠢᠶᠠᠨ ᠲᠣᠭᠤᠷᠢᠭ ᠤᠨ ᠲᠤᠰᠠᠯᠠᠮᠵᠢ ᠦᠵᠡᠭᠦᠯᠬᠦ ᠲᠥᠪ ᠲᠤ ᠶᠠᠪᠤᠭᠤᠯᠪᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠰᠤᠷᠤᠭᠴᠢ ᠡᠯᠰᠡᠬᠦ ᠲᠠᠪᠴᠠᠩ ᠢᠶᠠᠷ  ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠦᠵᠡᠭᠦᠯᠬᠦ ᠲᠥᠷᠥ ᠶᠢᠨ ᠪᠣᠳᠣᠯᠭ᠎ᠠ ᠶᠢ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠭᠰᠠᠨ ᠰᠤᠷᠤᠭᠴᠢᠳ ᠲᠤ ᠮᠡᠳᠡᠭᠳᠡᠪᠡ᠃ ᠬᠦᠬᠡᠬᠤᠲᠠ ᠶᠢᠨ ᠵᠠᠰᠠᠭ ᠤᠨ ᠣᠷᠳᠣᠨ ᠲᠤᠰᠠᠯᠠᠬᠤ ᠪᠡᠯᠡ ᠮᠥᠩᠭᠦ ᠶᠢᠨ ᠲᠥᠰᠦᠪ ᠤᠨ ᠬᠡᠷᠡᠭᠴᠡᠭᠡ ᠪᠠᠨ ᠴᠦ ᠳᠡᠭᠡᠭᠰᠢ ᠬᠤᠲᠠ ᠶᠢᠨ ᠵᠠᠰᠠᠭ ᠤᠨ ᠣᠷᠳᠣᠨ ᠳᠠᠭᠠᠨ ᠮᠡᠳᠡᠭᠦᠯᠦᠭᠡᠳ ᠪᠠᠶᠢᠨ᠎ᠠ᠃ ᠬᠤᠶᠠᠷ ᠵᠦᠢᠯ ᠤᠨ ᠲᠤᠰᠠᠯᠠᠮᠵᠢ ᠦᠵᠡᠭᠦᠯᠬᠦ ᠶᠠᠪᠤᠳᠠᠯ ᠢ ᠡᠯᠰᠡᠬᠦ ᠮᠡᠳᠡᠭᠳᠡᠯ ᠤᠨ ᠪᠢᠴᠢᠭ ᠢ ᠲᠠᠷᠬᠠᠭᠠᠭᠰᠠᠨ ᠤ ᠳᠠᠷᠠᠭ᠎ᠠ᠂ ᠵᠢᠩᠬᠢᠨᠢ ᠪᠠᠷ ᠡᠬᠢᠯᠡᠨ ᠬᠦᠯᠢᠶᠡᠨ ᠠᠪᠴᠤ ᠰᠢᠢᠳᠪᠦᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号