ᠹᠦ᠋ ᠲᠠᠢ ᠽᠧᠩ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠲᠦᠷᠦᠯ ᠵᠦᠢᠯ ᠢ ᠲᠤᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠦ    ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2015/7/2
     7 ᠳ᠋ᠤᠭᠠᠷ ᠰᠠᠷ᠎ᠠ ᠶᠢᠨ 1᠎ ᠤ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠹᠦ᠋ ᠲᠠᠢ ᠽᠧᠩ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠲᠦᠷᠦᠯ ᠵᠦᠢᠯ ᠢ ᠲᠤᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢᠨ ᠠᠬᠢᠴᠠ ᠶᠢᠨ ᠪᠠᠶᠢᠳᠠᠯ ᠤᠨ ᠮᠡᠳᠡᠬᠦᠯᠦᠯᠳᠡ ᠶᠢ ᠰᠤᠨᠤᠰᠴᠤ᠂ ᠤᠳᠤᠬᠠᠨ ᠤ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠲᠤᠮᠳᠠ ᠤᠷᠤᠰᠢᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠰᠤᠳᠤᠯᠵᠦ᠂ ᠲᠠᠷᠠᠭᠠᠴᠢ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ  ᠢ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠬᠤᠷᠠᠯ ᠳᠤ ᠤᠷᠤᠯᠴᠠᠵᠦ᠂ ᠠᠵᠦ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠪᠠ ᠴᠢᠬᠤᠯᠠ ᠶᠡᠭᠡ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠠᠬᠢᠭᠤᠯᠬᠤ ᠲᠤᠬᠠᠢ ᠱᠠᠭᠠᠷᠳᠠᠯᠭ᠎ᠠ ᠲᠤᠷᠠᠳᠴᠠᠢ᠃      ᠬᠤᠷᠠᠯ ᠠᠴᠠ ᠱᠠᠭᠠᠷᠳᠠᠬᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠲᠦᠪ ᠎ ᠤᠨ ᠪᠠ ᠦᠪᠡᠷᠲᠡᠭᠡᠨ ᠵᠠᠰᠠᠬᠤ ᠤᠷᠤᠨ ᠤ ᠳᠤᠬᠳᠠᠭᠤᠨ ᠢᠶᠠᠷ ᠨᠡᠮᠡᠭᠳᠡᠬᠦᠯᠬᠦ᠂ ᠦᠬᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠬ ᠬᠦᠷᠲᠡᠭᠡᠬᠦ ᠵᠡᠷᠭᠡ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ ᠦᠨᠳᠦᠷᠴᠡ ᠠᠴᠠ ᠠᠵᠠ ᠲᠤᠬᠢᠶᠠᠯ ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠠᠬᠢ ᠱᠤᠭᠤᠵᠦ᠂ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠨᠠᠬᠰᠢᠳᠠ ᠴᠢᠩᠭᠠᠷᠠᠭᠤᠯᠤᠨ᠂ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ ᠲᠦᠯᠦᠪᠯᠡᠭᠡ ᠶᠢ ᠲᠤᠬᠳᠠᠬᠰᠠᠨ ᠬᠤᠭᠤᠴᠠᠭᠠᠨ ᠳᠤ ᠬᠡᠷᠡᠭᠵᠢᠬᠦᠯᠵᠤ᠂ ᠠᠮᠵᠢᠯᠳᠠ ᠲᠦᠬᠦᠷᠡᠩ ᠪᠡᠶᠡᠯᠡᠬᠦᠯᠬᠦ ᠶᠢ ᠪᠠᠲᠤᠯᠠᠬᠤ ᠬᠡᠷᠡᠭᠳᠡᠢ ᠬᠡᠪᠡ᠃      ᠬᠤᠷᠠᠯ ᠠᠴᠠ ᠴᠢᠬᠤᠯᠠᠴᠢᠯᠠᠬᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠴᠢᠬᠤᠯᠠ ᠶᠡᠭᠡ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠨᠠᠷᠢᠨ ᠪᠤᠳᠠᠳᠠᠢ ᠬᠢᠵᠦ᠂ ᠮᠦᠨᠬᠦ ᠬᠠᠷᠭᠤᠭᠤᠯᠤᠨ ᠵᠦᠪᠰᠢᠶᠡᠷᠡᠬᠦ ᠭᠠᠷᠳᠠᠮ ᠢ ᠬᠢᠬᠡᠳᠦᠢ 52 ᠲᠦᠷᠦᠯ ᠵᠦᠢᠯ ᠪᠠ ᠪᠠᠷᠢᠯᠭ᠎ᠠ ᠪᠠᠨ ᠡᠬᠢᠯᠡᠬᠦᠯᠵᠦ ᠰᠡᠷᠬᠦᠬᠡᠳᠦᠢ 188 ᠲᠦᠷᠦᠯ ᠵᠦᠢᠯ ᠵᠢᠴᠢ ᠬᠠᠷᠠᠬᠠᠨ ᠡᠬᠢᠯᠡᠬᠦᠯᠦᠬᠡᠳᠦᠢ ᠵᠡᠬᠦᠨ ᠬᠤᠶᠢᠳᠤ ᠤᠷᠤᠨ ᠢ ᠮᠠᠳᠤᠭᠤᠯᠬᠤ 15 ᠲᠦᠷᠦᠯ ᠵᠦᠢᠯ ᠤᠨ ᠰᠢᠯᠲᠠᠭᠠᠨ ᠢ ᠨᠢᠬᠡᠳ ᠨᠢᠬᠡ ᠪᠠᠷ ᠡᠷᠢᠵᠦ᠂ ᠰᠢᠢᠳᠪᠦᠷᠢᠯᠡᠬᠦ ᠠᠷᠭ᠎ᠠ ᠬᠡᠮᠵᠢᠶ᠎ᠠ ᠲᠤᠷᠠᠳᠤᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠡᠷᠲᠡᠭᠡᠨ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠬᠤ ᠪᠠᠷ ᠴᠢᠷᠮᠠᠶᠢᠬᠤ ᠬᠡᠷᠡᠭᠳᠡᠢ ᠬᠡᠵᠡᠢ᠃      ᠡᠯ᠎ᠠ ᠠᠶᠢᠮᠠᠬ ᠬᠤᠳᠠ ᠶᠢᠨ ᠬᠤᠪᠢᠳᠠᠨ ᠬᠠᠮᠢᠶᠠᠷᠴᠤ ᠪᠠᠶᠢᠭ᠎ᠠ ᠲᠡᠳ᠋ ᠲᠠᠷᠤᠭ᠎ᠠ ᠪᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号