ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2015/7/2
     7 ᠳ᠋ᠤᠭᠠᠷ ᠰᠠᠷ᠎ᠠ ᠶᠢᠨ1᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠪᠠᠭᠠᠲᠤᠷ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠯᠣᠭᠤᠳᠪᠠ᠃ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠰᠦᠨ ᠳ᠋ᠧ ᠵᠢᠶᠦ᠋ᠨ᠂ ᠳᠡᠳ᠋ ᠳᠠᠷᠤᠭ᠎ᠠ ᠭᠤᠣ ᠰᠢᠶᠦᠸ᠋ ᠸᠧᠨ ᠬᠢᠭᠡᠳ ᠬᠤᠯᠪᠣᠭᠳᠠᠯ ᠪᠦᠬᠦᠢ ᠨᠥᠬᠦᠳ ᠪᠠᠷ᠎ᠠ ᠪᠣᠯᠵᠤ ᠪᠠᠶᠢᠴᠠᠭᠠᠨ ᠰᠣᠳᠣᠯᠣᠯᠲᠠ ᠬᠢᠪᠡ᠃ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠲᠡᠷᠢᠭᠦᠯᠡᠭᠴᠢ ᠪᠠᠭᠠᠲᠤᠷ ᠤᠷᠢᠳ ᠬᠤᠵᠢᠳ ᠲᠤᠰ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ ᠤᠨ B ᠪᠠᠶᠢᠷᠢ᠂ ᠰᠢᠨ᠎ᠡ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠪᠠ ᠡᠮᠨᠡᠯᠭᠡ ᠳᠤ ᠰᠠᠭᠤᠬᠤ ᠠᠰᠠᠷ ᠤᠨ A ᠪᠠᠶᠢᠷᠢ ᠶᠢ ᠪᠠᠶᠢᠴᠠᠭᠠᠨ ᠦᠵᠡᠵᠦ᠂ ᠲᠤᠰ ᠡᠮᠨᠡᠯᠭᠡ ᠶᠢᠨ ᠬᠤᠷᠢᠶᠠᠨ ᠤ ᠳᠡᠭᠡᠷᠡᠬᠢ ᠡᠪᠡᠳᠴᠢᠲᠡᠨ ᠤ ᠲᠣᠭᠤᠷᠢᠭ ᠵᠢᠴᠢ ᠡᠭᠦᠳᠡᠨ ᠡᠮᠨᠡᠯᠭᠡ ᠶᠢᠨ ᠡᠮᠴᠢᠯᠡᠭᠡᠨ ᠤ ᠣᠷᠴᠢᠨ ᠲᠣᠭᠤᠷᠢᠨ ᠪᠠ ᠠᠵᠢᠯᠯᠠᠭᠠᠨ ᠤ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠨᠢ ᠣᠶᠢᠷ᠎ᠠ ᠶᠢᠨ ᠵᠢᠯ ᠤᠨ ᠡᠮᠨᠡᠯᠭᠡ ᠶᠢᠨ ᠬᠤᠷᠢᠶᠠᠨ ᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠶᠡᠭᠡ ᠬᠥᠭᠵᠢᠯᠲᠡ ᠶᠢᠨ ᠠᠰᠢᠭᠲᠠᠶ ᠠᠵᠠ ᠲᠣᠬᠢᠶᠠᠯ ᠢ ᠠᠰᠢᠭᠯᠠᠵᠤ᠂ ᠡᠮᠨᠡᠯᠭᠡ ᠶᠢᠨ ᠬᠤᠷᠢᠶᠠᠨ ᠤ ᠰᠢᠨᠵᠢᠯᠡᠭᠡᠨ ᠤ ᠰᠠᠯᠠᠭ᠎ᠠ᠂ ᠡᠮ ᠡᠮᠨᠡᠯᠭᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠬᠤᠨ ᠢ ᠨᠡᠮᠡᠭᠳᠡᠭᠦᠯᠵᠦ᠂ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠮ ᠡᠮᠨᠡᠯᠭᠡ᠂ ᠰᠤᠷᠭᠠᠨ ᠬᠥᠮᠦᠵᠢᠯ᠂ ᠰᠣᠳᠣᠯᠭᠠᠨ ᠵᠡᠷᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠲᠣᠯᠣᠭᠠᠶᠢᠯᠠᠭᠴᠢ ᠡᠮᠨᠡᠯᠭᠡ ᠶᠢᠨ ᠬᠤᠷᠢᠶᠠᠨ ᠤ ᠦᠢᠯᠡᠳᠦᠯ ᠢ ᠦᠨᠡᠨᠬᠦ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠲᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号