ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠦᠰᠦᠭᠡᠯᠡᠭᠰᠡᠨ ᠢᠶᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ ᠮᠠᠯᠵᠢᠯ ᠤᠨ ᠣᠨ ᠤ ᠪᠠᠶᠢᠭ᠎ᠠ ᠤᠨᠤᠭ᠎ᠠ | 1.39 ᠳ᠋ᠦᠡᠭᠰᠢᠭᠤᠷ ᠲᠤ ᠬᠦᠷᠴᠦ᠂ 11 ᠵᠢᠯ ᠳᠠᠷᠠᠭᠠᠯᠠᠨ 1 ᠳ᠋ᠦᠡᠭᠰᠢᠭᠤᠷ ᠠᠴᠠ ᠳᠡᠭᠡᠭᠰᠢ ᠲᠣᠭᠲᠠᠭᠤᠨ ᠪᠠᠶᠢᠵᠤ᠂ | ᠮᠠᠯ ᠠᠵᠤ ᠠᠬᠤᠶ ᠶᠢᠨ ᠦᠢᠯᠡᠳᠪᠦᠷᠢᠯᠡᠯ ᠡᠯᠪᠡᠭ ᠬᠤᠷᠢᠶᠠᠯᠲᠠ ᠤᠯᠬᠤ ᠪᠠᠶᠢᠳᠠᠯ ᠲᠤᠭᠲᠠᠭᠠᠭᠳᠠᠪᠠ᠃ | ᠣᠶᠢᠷ᠎ᠠ ᠶᠢᠨ ᠵᠢᠯ ᠳᠤ ᠥᠪᠥᠷ ᠮᠣᠩᠭᠤᠯ ᠤᠨ ᠭᠤᠣᠯ ᠪᠣᠯᠬᠤ ᠮᠠᠯ ᠤᠨ ᠠᠰᠢᠭ ᠰᠢᠮ᠎ᠡ ᠶᠢᠨ ᠭᠠᠷᠤᠯᠲᠠ | ᠲᠣᠭᠲᠠᠭᠤᠨ ᠢᠶᠠᠷ ᠨᠡᠮᠡᠭᠳᠡᠵᠦ᠂ ᠮᠠᠯ ᠠᠵᠤ ᠠᠬᠤᠶ ᠶᠢᠨ ᠬᠥᠭᠵᠢᠯᠲᠡ ᠪᠦᠬᠦ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ︽ᠲᠤᠭᠲᠠᠭᠤᠨ ᠢᠶᠠᠷ ᠨᠡᠮᠡᠭᠳᠡᠵᠤ ᠪᠠᠶᠢᠭ᠎ᠠ︾ ᠭᠢᠯᠠᠰ ᠴᠡᠭ ᠤᠨ ᠨᠢᠭᠡ ᠪᠤᠯᠪᠠ᠃ ᠡᠨᠡ ᠵᠢᠯ ᠤᠨ | ᠪᠠᠶᠢᠭ᠎ᠠ ᠮᠠᠯ ᠤᠨᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1000 ᠲᠦᠮᠡ ᠨᠡᠮᠡᠭᠳᠡᠵᠤ᠂ ᠬᠤᠶᠠᠷ ᠵᠢᠯ | ᠳᠠᠷᠠᠭᠠᠯᠠᠨ ᠵᠢᠯ ᠪᠦᠷᠢ 1000 ᠲᠦᠮᠡ ᠨᠡᠮᠡᠭᠳᠡᠪᠡ᠃ ᠥᠪᠥᠷ ᠮᠣᠩᠭᠤᠯ ᠤᠨ ᠮᠢᠬᠠᠨ ᠤ ᠵᠦᠢᠯ ᠤᠨ ᠶᠡᠷᠦᠩᠬᠡᠶ | ᠭᠠᠷᠤᠯᠲᠠ ᠨᠢᠳᠤᠨᠤᠨ 252.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3% ᠪᠠᠷ | ᠨᠡᠮᠡᠭᠳᠡᠵᠤ᠂ ᠡᠭᠦᠨ ᠳᠤ ᠬᠤᠨᠢᠨ ᠮᠢᠬᠠᠨ ᠤ ᠭᠠᠷᠤᠯᠲᠠ 93.3 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.1 % ᠪᠠᠷ ᠨᠡᠮᠡᠭᠳᠡᠵᠦ᠂ ᠦᠬᠡᠷ ᠤᠨ ᠮᠢᠬᠠᠨ ᠤ ᠭᠠᠷᠤᠯᠲᠠ 54.5 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3 % ᠪᠠᠷ ᠨᠡᠮᠡᠭᠳᠡᠪᠡ᠃ ᠥᠪᠥᠷ ᠮᠣᠩᠭᠤᠯ ᠤᠨ ᠮᠠᠯ | ᠠᠵᠤ ᠠᠬᠤᠶ ᠶᠢᠨ ᠲᠣᠭᠲᠠᠭᠤᠨ ᠢᠶᠠᠷ ᠬᠦᠭᠵᠢᠵᠤ ᠪᠠᠶᠢᠭ᠎ᠠ ᠨᠢ ᠲᠤᠬᠠᠶ ᠶᠢᠨ ᠭᠠᠵᠠᠷ ᠤᠨ ᠬᠢᠨ ᠤ ᠮᠠᠯ ᠠᠵᠤ | ᠠᠬᠤᠶ ᠶᠢᠨ ᠪᠦᠲᠦᠴᠡ ᠪᠠᠨ ᠲᠣᠬᠢᠷᠠᠭᠤᠯᠤᠨ ᠰᠢᠯᠢᠳᠡᠭᠵᠢᠬᠦᠯᠦᠭᠰᠡᠨ᠂ ᠪᠠᠷᠢᠮᠵᠢᠶᠠᠵᠢᠭᠤᠯᠤᠭᠰᠠᠨ ᠬᠡᠪᠴᠢᠶᠡᠲᠦ | ᠡᠵᠡᠩᠨᠡᠯᠲᠡ ᠶᠢ ᠶᠡᠬᠡᠪᠡᠷ ᠳᠥᠯᠭᠢᠨ ᠠᠬᠢᠭᠤᠯᠤᠭᠰᠠᠨ᠂ ᠨᠤᠲᠤᠭ ᠪᠡᠯᠴᠢᠭᠡᠷ ᠤᠨ ᠮᠠᠯ ᠤᠨ ᠠᠰᠢᠭ ᠰᠢᠮ᠎ᠡ ᠶᠢᠨ ᠨᠡᠷᠡᠲᠦ | ᠲᠥᠷᠥᠯ ᠲᠡᠮᠳᠡᠭ ᠤᠨ ᠦᠷ᠎ᠡ ᠠᠰᠢᠭ ᠢ ᠳᠡᠭᠡᠭᠰᠢᠯᠡᠭᠦᠯᠦᠭᠰᠡᠨ ᠵᠡᠷᠭᠡ ᠲᠠᠢ ᠨᠢᠭᠲᠠ ᠬᠤᠯᠪᠣᠭ᠎ᠠ ᠲᠠᠢ ᠶᠤᠮ᠃ | ᠨᠢᠳᠤᠨᠤᠨ᠂ ᠥᠪᠥᠷ ᠮᠣᠩᠭᠤᠯ ᠳᠠᠪᠠᠭᠤᠯᠢᠭ ᠮᠠᠯ ᠤᠨ ᠡᠭᠦᠯᠳᠡᠷ ᠤᠨ ︽ᠬᠤᠤᠰ ᠵᠠᠭᠤ ᠮᠢᠩᠭ᠎ᠠ ᠲᠦᠮᠡ ᠶᠢᠨ | ᠥᠨᠳᠥᠷ ᠭᠠᠷᠤᠯᠲᠠ ᠶᠢ ᠡᠭᠦᠳᠦᠨ ᠪᠠᠶᠢᠭᠤᠯᠬᠤ ᠢᠨᠵᠧᠨᠧᠷᠢᠩ︾ ᠢ ᠪᠦᠬᠦ ᠲᠠᠯ᠎ᠠ ᠪᠠᠷ ᠶᠠᠪᠤᠭᠤᠯᠵᠤ᠂ ᠮᠠᠯ ᠤᠨ | ᠪᠤᠳᠠᠭᠠᠯᠢ ᠪᠡᠶ᠎ᠡ ᠶᠢᠨ ᠭᠠᠷᠤᠯᠲᠠ ᠶᠢᠨ ᠦᠷ᠎ᠡ ᠠᠰᠢᠭ ᠢᠯᠡᠷᠭᠡᠢ ᠳᠡᠭᠡᠭᠰᠢᠯᠡᠭᠰᠡᠨ ᠤ ᠵᠡᠷᠭᠡᠴᠡᠪᠡᠷ᠂ ᠲᠠᠷᠢᠶᠠᠯᠠᠬᠤ ᠣᠷᠣᠨ | ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠬᠤᠨᠢ ᠶᠢ ᠬᠤᠶᠠᠷ ᠵᠢᠯ ᠳᠤ ᠭᠤᠷᠪᠠ ᠲᠦᠯᠯᠡᠭᠦᠯᠬᠦ᠂ ᠨᠢᠭᠡ | ᠲᠦᠯ ᠠᠴᠠ ᠣᠯᠠᠨ ᠲᠥᠯ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠵᠤ᠂ ᠶᠡᠷᠦᠩᠬᠡᠶ ᠳᠡᠭᠡᠨ ᠲᠡᠵᠢᠭᠡᠨ ᠦᠷᠡᠵᠢᠭᠦᠯᠬᠦ | ᠨᠡᠮᠡᠭᠳᠡᠯ ᠤᠨ ᠮᠠᠯᠵᠢᠬᠤ ᠣᠷᠣᠨ ᠳᠤ ᠪᠠᠶᠢᠭᠰᠠᠨ ᠠᠴᠠ ᠨᠢ ᠲᠠᠷᠢᠶᠠᠯᠠᠬᠤ ᠣᠷᠣᠨ ᠲᠡᠰᠢ ᠰᠢᠯᠵᠢᠭᠦᠯᠬᠦ ᠶᠢ ᠪᠡᠶᠡᠯᠡᠭᠦᠯᠵᠤ | ᠂ ᠬᠤᠨᠢᠨ ᠮᠢᠬᠠᠨ ᠤ ᠬᠠᠩᠭᠠᠯᠭ᠎ᠠ ᠶᠢ ᠨᠡᠮᠡᠭᠳᠡᠭᠦᠯᠦᠭᠰᠡᠨ ᠤ ᠵᠡᠷᠭᠡᠴᠡᠪᠡᠷ ᠨᠤᠲᠤᠭ ᠪᠡᠯᠴᠢᠭᠡᠷ ᠤᠨ ᠠᠮᠢ ᠠᠬᠤᠶ ᠶᠢᠨ | ᠳᠠᠷᠤᠯᠲᠠ ᠶᠢ ᠬᠦᠡᠭᠭᠡᠷᠡᠭᠦᠯᠪᠡ᠃ ᠥᠪᠥᠷ ᠮᠣᠩᠭᠤᠯ ᠨᠢᠳᠤᠨᠤᠨ ᠲᠦᠷᠦᠯ ᠵᠦᠢᠯ ᠳᠤ ᠨᠡᠶᠢᠲᠡ 5.5 ᠳ᠋ᠦᠡᠭᠰᠢᠭᠤᠷ | ᠲᠥᠭᠦᠷᠢᠭ ᠤᠨ ᠪᠡᠯᠡ ᠮᠦᠡᠭᠭᠦ ᠤᠷᠤᠭᠤᠯᠵᠤ᠂ ᠨᠡᠶᠢᠭᠡᠮ ᠤᠨ ᠬᠥᠷᠥᠩᠭᠡ ᠶᠢ ᠳᠠᠶᠢᠴᠢᠯᠠᠨ 45 ᠳ᠋ᠦᠩᠰᠢᠭᠤᠷ | ᠲᠥᠭᠦᠷᠢᠭ ᠤᠷᠤᠭᠤᠯᠵᠤ᠂ ᠮᠠᠯᠵᠢᠬᠤ ᠣᠷᠣᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠪᠤᠯᠤᠨ ᠲᠠᠷᠢᠶᠠᠯᠠᠬᠤ | ᠣᠷᠣᠨ ᠤ ᠪᠠᠷᠢᠮᠵᠢᠶᠠᠵᠢᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ 1124 ᠶᠢ ᠪᠦᠲᠦᠭᠡᠨ ᠪᠠᠶᠢᠭᠤᠯᠪᠠ᠃ | ᠪᠦᠬᠦ ᠣᠷᠣᠨ ᠤ ᠢᠳᠡᠰᠢᠨ ᠬᠤᠨᠢᠨ ᠤ ᠵᠢᠯ ᠤᠨ ᠭᠠᠷᠭᠠᠯᠲᠠ ᠨᠢ 100 ᠠᠴᠠ ᠳᠡᠭᠡᠭᠰᠢ ᠪᠠᠶᠢᠬᠤ ᠬᠡᠪᠴᠢᠶᠡᠲᠦ | ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ 61.9% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ | ᠴᠡᠭ ᠤᠨ 6 ᠳᠡᠭᠡᠭᠰᠢᠯᠡᠪᠡ᠃ |