| 7 ᠳ᠋ᠤᠭᠠᠷ ᠰᠠᠷ᠎ᠠ ᠶᠢᠨ 17 ᠤ ᠡᠳᠦᠷ᠂ ᠲᠣᠭᠲᠠᠬᠤ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠨᠢᠭᠡᠨ ᠳᠠᠬᠢᠯᠲᠠ ᠡᠬᠢ ᠪᠠᠶᠠᠯᠢᠭ ᠨᠡᠭᠡᠭᠡᠬᠦ ᠺᠣᠮᠫᠠᠨᠢ ᠶᠢᠨ ᠦᠢᠯᠡᠳᠪᠦᠷᠢ ᠶᠢᠨ ᠲᠠᠰᠤᠭ ᠲᠤ᠂ | ᠠᠵᠢᠯᠴᠢᠨ ᠤᠰᠤᠮᠠᠭᠲᠤ ᠬᠥᠩᠭᠡᠨᠴᠠᠭᠠᠨ ᠭᠠᠷᠭᠠᠨ ᠠᠪᠴᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ ᠪᠠᠶᠢᠭ᠎ᠠ ᠨᠢ᠃ | ᠣᠶᠢᠷ᠎ᠠ ᠶᠢᠨ ᠬᠤᠭᠤᠴᠠᠭᠠᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠬᠤ | ᠰᠢᠶᠠᠨ ᠲᠤᠬᠠᠶ ᠶᠢᠨ ᠭᠠᠵᠠᠷ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠴᠢᠨ ᠲᠣᠭᠤᠷᠢᠨ ᠤ | ᠪᠣᠬᠢᠷᠲᠤᠯ ᠢ ᠵᠠᠰᠠᠬᠤ PPP ᠵᠠᠭᠪᠤᠷ ᠢ ᠶᠡᠬᠡᠪᠡᠷ ᠰᠠᠨᠠᠭᠠᠴᠢᠯᠠᠨ᠂ ᠨᠡᠶᠢᠭᠡᠮ ᠤᠨ ᠬᠥᠷᠥᠩᠭᠡ ᠶᠢ ᠣᠷᠣᠭᠤᠯᠵᠤ᠂ | ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠰᠢᠰᠲ᠋ᠧᠮᠵᠢ ᠶᠢ ᠬᠠᠮᠲᠤ ᠪᠠᠷ ᠪᠦᠲᠦᠭᠡᠨ ᠪᠠᠶᠢᠭᠤᠯᠪᠠ᠃ | ᠣᠳᠣᠬᠠᠨ ᠳᠤ᠂ ᠬᠦᠷᠢᠶᠡᠯᠡᠩ ᠲᠣᠭᠤᠷᠢᠭ ᠨᠢᠭᠡᠨᠲᠡ ᠣᠯᠠᠨ ᠠᠵᠤ ᠠᠬᠤᠶᠢᠯᠠᠯ ᠲᠠᠢ ᠬᠤᠷᠰᠢᠵᠤ᠂ ᠨᠡᠯᠢᠶᠡᠳ ᠪᠦᠷᠢᠨ | ᠲᠡᠭᠦᠯᠳᠡᠷᠵᠢᠭᠰᠡᠨ ᠳᠦᠷᠪᠡᠳᠦᠭᠡᠷ ᠳᠡᠰ ᠤᠨ ᠪᠣᠬᠢᠷ ᠤᠰᠤ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠵᠤ᠂ | ᠬᠠᠶᠠᠭᠳᠠᠮᠠᠯ ᠤᠰᠤ ᠨᠢ ᠬᠦᠷᠢᠶᠡᠯᠡᠩ ᠲᠣᠭᠤᠷᠢᠭ ᠳᠣᠲᠣᠷ᠎ᠠ ᠪᠠᠨ ᠰᠢᠩᠭᠡᠭᠡᠵᠦ ᠪᠣᠯᠬᠤ ᠶᠢᠨ ᠬᠠᠮᠲᠤ ᠪᠤᠰᠤᠳ ᠠᠵᠤ | ᠠᠬᠤᠶᠢᠯᠠᠯ ᠤᠨ ᠬᠡᠷᠡᠭᠯᠡᠬᠦ ᠤᠰᠤᠨ ᠤ ᠰᠤᠷᠪᠤᠯᠵᠢ ᠪᠣᠯᠵᠤ ᠬᠤᠪᠢᠷᠠᠬᠤ ᠪᠣᠯᠪᠠ᠃ ᠡᠨᠡ ᠠᠷᠭ᠎ᠠ ᠪᠠᠷᠢᠯ ᠨᠢ ᠠᠵᠤ | ᠠᠬᠤᠶᠢᠯᠠᠯ ᠤᠨ ᠤᠰᠤ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ᠂ | ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠭᠰᠠᠨ ᠪᠠᠶᠢᠨ᠎ᠠ᠃ ︽PPP︾ ᠪᠣᠯ | ︽Public-Private-Partnership︾ ᠶᠢᠨ ᠬᠤᠷᠢᠶᠠᠩᠭᠤᠶ ᠪᠢᠴᠢᠯᠭᠡ ᠪᠣᠯᠣᠨ᠎ᠠ᠂ ᠲᠤᠬᠠᠶᠢᠯᠠᠪᠠᠯ ᠤᠯᠤᠰ | ᠬᠤᠪᠢ ᠬᠤᠷᠰᠢᠬᠤ ᠵᠠᠭᠪᠤᠷ ᠪᠠᠶᠢᠵᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠣᠲᠣᠷᠠᠬᠢ ᠨᠢᠭᠡ | ᠵᠦᠢᠯ ᠤᠨ ᠲᠥᠷᠥᠯ ᠵᠦᠢᠯ ᠤᠨ ᠪᠡᠯᠡ ᠲᠣᠬᠢᠷᠠᠭᠤᠯᠬᠤ ᠵᠠᠭᠪᠤᠷ ᠪᠣᠯᠣᠨ᠎ᠠ᠃ ᠲᠤᠰ ᠵᠠᠭᠪᠤᠷ ᠬᠤᠪᠢ ᠶᠢᠨ | ᠡᠵᠡᠩᠨᠡᠭᠰᠡᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠬᠦᠷᠦᠩᠭᠡ ᠬᠢᠭᠡᠳ ᠵᠠᠰᠠᠭ ᠤᠨ ᠣᠷᠳᠣᠨ ᠬᠤᠷᠰᠢᠵᠤ᠂ | ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ | ᠪᠠᠶᠢᠳᠠᠭ᠃ ᠲᠠᠨᠢᠯᠴᠠᠭᠤᠯᠤᠭᠰᠠᠨ ᠢᠶᠠᠷ᠂ ᠲᠣᠭᠲᠠᠬᠤ ᠰᠢᠶᠠᠨ ᠪᠣᠯ ᠬᠥᠬᠡᠬᠤᠲᠠ ᠶᠢᠨ ᠲᠣᠭᠲᠠᠭᠠᠭᠰᠠᠨ ᠣᠷᠴᠢᠨ | ᠲᠣᠭᠤᠷᠢᠨ ᠤ ᠪᠣᠬᠢᠷᠲᠤᠯ ᠢ ᠭᠤᠷᠪᠠᠳᠤᠭᠠᠷ ᠲᠠᠯ᠎ᠠ ᠠᠴᠠ ᠵᠠᠰᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ | ᠰᠢᠶᠠᠨ ᠪᠠᠶᠢᠵᠤ᠂ ᠲᠤᠬᠠᠶ ᠶᠢᠨ ᠭᠠᠵᠠᠷ ᠤᠨ ︽ᠬᠡᠨ ᠪᠤᠬᠢᠷᠳᠤᠭᠤᠯᠤᠭᠰᠠᠨ ᠪᠣᠯ ᠲᠡᠷᠡ ᠵᠠᠰᠠᠬᠤ︾᠂ ︽ᠬᠡᠨ | ᠣᠷᠴᠢᠨ ᠲᠣᠭᠤᠷᠢᠨ ᠢ ᠪᠤᠬᠢᠷᠳᠤᠭᠤᠯᠵᠤ᠂ ᠬᠡᠨ ᠠᠮᠢ ᠠᠬᠤᠶ ᠶᠢ ᠡᠪᠳᠡᠭᠰᠡᠨ ᠪᠣᠯ ᠲᠡᠷᠡ ᠵᠠᠷᠤᠳᠠᠯ ᠲᠦᠯᠦᠭᠦ︾ | ᠵᠠᠷᠴᠢᠮ ᠢᠶᠠᠷ᠂ ᠣᠷᠴᠢᠨ ᠲᠤᠭᠤᠷᠢᠨ ᠤ ᠪᠣᠬᠢᠷᠲᠤᠯ ᠢ ᠵᠠᠰᠠᠬᠤ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠶ | ᠳᠥᠯᠭᠢᠨ ᠠᠬᠢᠭᠤᠯᠵᠤ ᠪᠤᠢ᠃ |