ᠵᠠᠩ ᠯᠢ᠄ ᠤᠯᠠᠨ ᠲᠦᠮᠡᠨ ᠤ ᠠᠰᠢᠬ ᠲᠤᠰᠠ ᠶᠢ ᠬᠤᠬᠢᠷᠠᠭᠤᠯᠬᠤ ᠲᠦᠪ ᠪᠤᠰᠦ ᠰᠤᠷᠳᠠᠯ ᠪᠤᠯᠤᠨ ᠢᠯᠵᠢᠷᠠᠯ ᠤᠨ ᠠᠰᠠᠭᠤᠳᠠᠯ ᠢ ᠬᠦᠴᠦᠯᠠᠨ ᠰᠢᠢᠳᠪᠦᠷᠢᠯᠡᠬᠦ ᠭᠡᠷᠡᠭᠳᠠᠢ
ᠨᠡᠶᠢᠲᠡᠯᠡᠭᠰᠡᠨ ᠴᠠᠭ᠄
2015/7/20
     7 ᠳ᠋ᠤᠭᠠᠷ ᠰᠠᠷ᠎ᠠ ᠶᠢᠨ 15᠎ ᠤ ᠡᠳᠦᠢ ᠠᠴᠠ 18᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠪᠠᠶᠠᠨᠨᠠᠭᠤᠷ ᠬᠤᠳᠠ ᠳᠤ ᠬᠦᠨᠵᠡᠭᠡᠶᠢᠷᠡᠨ᠂ ᠠᠵᠦ ᠠᠬᠤᠢ ᠨᠡᠶᠢᠭᠡᠮ ᠤᠨ ᠬᠦᠭᠵᠢᠯᠳᠡ ᠪᠤᠯᠤᠨ ᠨᠠᠮ ᠤᠨ ᠰᠤᠷᠳᠠᠯ ᠴᠢᠭᠡᠴᠢ ᠵᠠᠰᠠᠬ ᠤᠨ ᠪᠠᠶᠢᠭᠤᠯᠤᠯᠳᠠ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠵᠠᠩ ᠯᠢ ᠤᠷᠢᠳ ᠬᠤᠵᠢᠳ ᠳ᠋ᠧᠩᠺᠸᠦ ᠰᠢᠶᠠᠨ᠂ ᠤᠷᠠᠳ ᠤᠨ ᠲᠤᠮᠳᠠᠳᠦ ᠬᠤᠰᠢᠭᠤ᠂ ᠦᠶᠤᠸᠠᠨ ᠰᠢᠶᠠᠨ ᠪᠤᠯᠤᠨ ᠤᠷᠠᠳ ᠤᠨ ᠡᠮᠣᠨᠠᠳᠣ ᠬᠤᠰᠢᠭᠤ ᠵᠡᠷᠭᠡ ᠭᠠᠵᠠᠷ ᠢᠶᠠᠷ ᠬᠦᠨᠵᠡᠭᠡᠶᠢᠷᠡᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠵᠢᠴᠢ ᠦᠨᠳᠦᠰᠦᠨ ᠱᠠᠳᠤᠨ ᠤ ᠰᠠᠬᠢᠯᠭ᠎ᠠ ᠪᠠᠳᠦ ᠶᠢᠨ ᠠᠵᠢᠯ ᠤᠨ ᠪᠠᠶᠢᠳᠠᠯ ᠢ ᠨᠠᠷᠢᠨ ᠤᠢᠢᠯᠠᠭᠠᠵᠠᠢ᠃ ᠲᠡᠷᠡ᠂ ᠲᠦᠪ ᠪᠠ ᠦᠪᠡᠷᠳᠡᠭᠡᠨ ᠵᠠᠰᠠᠬᠤ ᠤᠷᠤᠨ ᠤ ᠶᠡᠷᠦᠩᠭᠡᠢ ᠱᠠᠭᠠᠷᠳᠠᠯᠭ᠎ᠠ ᠶᠤᠰᠤᠭᠠᠷ ᠦᠢᠯᠡᠳᠪᠦᠷᠢᠯᠡᠯ ᠢ ᠭᠤᠣᠯᠳᠠᠯᠭ᠎ᠠ ᠲᠠᠢ ᠬᠦᠭᠵᠢᠭᠦᠯᠬᠦ᠂ ᠤᠯᠠᠨ ᠲᠦᠮᠡᠨ ᠤ ᠠᠮᠢᠳᠤᠷᠠᠯ ᠢ ᠪᠠᠶᠠᠯᠢᠬᠵᠢᠭᠤᠯᠬᠤ᠂ ᠲᠤᠰᠬᠤᠨ ᠤ ᠲᠦᠷᠰᠦ ᠪᠠᠶᠢᠳᠠᠯ᠂ ᠠᠷᠢᠭᠤᠨ ᠴᠡᠪᠡᠷ ᠤᠨ ᠠᠵᠢᠯ ᠢ ᠰᠠᠶᠢᠳᠤᠷ ᠬᠢᠬᠦ ᠶᠢᠨ ᠵᠡᠷᠭᠡᠪᠡᠷ ᠨᠤᠳᠤᠭ ᠤᠨ ᠰᠤᠷᠳᠠᠯ ᠪᠤᠯᠪᠠᠰᠤᠨ ᠪᠠᠶᠢᠬᠤ᠂ ᠠᠷᠠᠳᠴᠢᠯᠠᠯ ᠢᠶᠠᠷ ᠬᠠᠮᠢᠶᠠᠷᠬᠤ ᠠᠵᠢᠯ ᠢ ᠴᠦ ᠦᠨᠡᠨᠬᠦ ᠰᠠᠶᠢᠳᠤᠷ ᠠᠳᠬᠤᠵᠦ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠵᠡᠷᠭᠡ ᠠᠷᠠᠳ ᠲᠤ ᠠᠰᠢᠬ ᠬᠦᠷᠳᠡᠭᠡᠬᠦ ᠢᠨᠵᠧᠨᠧᠷᠢᠩ ᠢ ᠰᠠᠶᠢᠳᠤᠷ ᠬᠢᠬᠦ ᠭᠡᠷᠡᠭᠳᠠᠢ᠃ ᠲᠦᠷᠢᠮ ᠢ ᠪᠦᠷᠢᠨᠰᠢᠭᠦᠯᠦᠨ ᠬᠢᠨᠠᠯᠳᠠ ᠲᠠᠯᠪᠢᠬᠤ ᠪᠠᠨ ᠴᠢᠩᠭᠠᠳᠬᠠᠵᠦ᠂ ᠠᠷᠠᠳᠴᠢᠯᠠᠯ ᠤᠨ ᠭᠡᠯᠪᠡᠷᠢ ᠪᠠᠷ ᠬᠦᠮᠦᠨ ᠭᠡᠷᠡᠭ ᠶᠠᠪᠤᠳᠠᠯ ᠢ ᠬᠠᠮᠢᠶᠠᠷᠴᠦ᠂ ᠨᠠᠮ ᠤᠨ ᠰᠤᠷᠳᠠᠯ᠂ ᠵᠠᠰᠠᠬ ᠤᠨ ᠰᠤᠷᠳᠠᠯ ᠪᠤᠯᠤᠨ ᠠᠷᠠᠳ ᠤᠨ ᠰᠤᠷᠳᠠᠯ ᠢ ᠦᠨᠳᠦᠰᠦᠨ ᠠᠴᠠ ᠨᠢ ᠬᠤᠪᠢᠷᠠᠭᠤᠯᠬᠤ ᠶᠢ ᠠᠬᠢᠭᠤᠯᠬᠤ ᠭᠡᠷᠡᠭᠳᠠᠢ ᠭᠡᠵᠦ ᠵᠢᠭᠠᠵᠦ ᠭᠠᠷᠭᠠᠪᠠ᠃      18᠎ ᠤ ᠡᠳᠦᠷ ᠤᠨ ᠦᠳᠡ ᠶᠢᠨ ᠡᠮᠦᠨ᠎ᠠ᠂ ᠵᠠᠩ ᠯᠢ ᠪᠠᠶᠠᠨᠨᠠᠭᠤᠷ ᠬᠤᠳᠠ ᠶᠢᠨ ᠭᠡᠰᠡᠭ ᠦᠨᠳᠦᠰᠦᠨ ᠱᠠᠳᠤᠨ ᠤ ᠺᠠᠳ᠋ᠷᠴᠤᠳ ᠲᠠᠢ ᠶᠠᠷᠢᠯᠴᠠᠪᠠ᠃ ᠲᠡᠷᠡ ᠴᠢᠬᠤᠯᠠᠴᠢᠯᠠᠭᠰᠠᠨ ᠨᠢ᠂ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ︽ᠭᠤᠷᠪᠠᠨ ᠬᠤᠪᠢᠷᠠᠭᠤᠯᠤᠯᠳᠠ︾᠎ ᠶᠢ ᠬᠦᠨᠵᠡᠭᠡᠢ ᠠᠬᠢᠭᠤᠯᠵᠦ᠂ ᠰᠠᠬᠢᠯᠭ᠎ᠠ ᠪᠠᠳᠦ ᠶᠢ ᠬᠢᠨᠠᠨ ᠪᠠᠶᠢᠴᠠᠭᠠᠬᠤ ᠪᠤᠯᠤᠨ ᠰᠤᠷᠳᠠᠯ ᠤᠨ ᠪᠠᠶᠢᠭᠤᠯᠤᠯᠳᠠ ᠳᠤ ᠬᠢᠨᠠᠯᠳᠠ ᠲᠠᠯᠪᠢᠵᠦ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ︔ ︽ᠢᠯᠠᠭ᠎ᠠ ᠬᠦᠪᠢᠬᠦ︾᠎ ᠶᠢ ᠨᠠᠮ ᠤᠨ ᠲᠦᠷᠦ ᠪᠠᠷᠢᠬᠤ ᠰᠠᠭᠤᠷᠢ ᠪᠠ ᠪᠠᠶᠢᠷᠢ ᠰᠠᠭᠤᠷᠢ ᠶᠢ ᠪᠠᠬᠢᠵᠢᠭᠦᠯᠬᠦ ᠦᠨᠳᠦᠷᠴᠡ ᠳᠤ ᠲᠠᠯᠪᠢᠨ ᠲᠠᠨᠢᠵᠦ᠂ ᠤᠯᠠᠨ ᠲᠦᠮᠡᠨ ᠤ ᠠᠰᠢᠬ ᠲᠤᠰᠠ ᠶᠢ ᠬᠤᠬᠢᠷᠠᠭᠤᠯᠬᠤ ᠲᠦᠪ ᠪᠤᠰᠦ ᠰᠤᠷᠳᠠᠯ ᠪᠤᠯᠤᠨ ᠢᠯᠵᠢᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠭᠡᠷᠡᠭᠳᠠᠢ︔ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ︽ᠦᠨᠳᠦᠰᠦᠨ ᠱᠠᠳᠤᠨ ᠤ ᠰᠠᠭᠤᠷᠢ ᠪᠦᠳᠦᠭᠡᠨ ᠪᠠᠶᠢᠭᠤᠯᠤᠯᠳᠠ ᠶᠢᠨ ᠣᠨ︾᠎ ᠤ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠦ᠂ ᠢᠯᠵᠢᠷᠠᠯ ᠢ ᠡᠰᠡᠷᠬᠦᠴᠡᠬᠦ ᠲᠡᠮᠡᠴᠡᠯ ᠳᠤ ᠪᠠᠳᠦ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠭᠡᠷᠡᠭᠳᠠᠢ ᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号