ᠣᠳᠣ ᠪᠣᠯᠲᠠᠯ᠎ᠠ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠵᠢᠩᠬᠢᠨᠢ | ᠠᠩᠭᠢ ᠶᠢᠨ ᠤᠷᠢᠳᠴᠢᠯᠠᠭᠰᠠᠨ A᠂ ᠵᠢᠩᠬᠢᠨᠢ ᠠᠩᠭᠢ ᠶᠢᠨ ᠤᠷᠢᠳᠴᠢᠯᠡᠭ᠌ᠰᠠᠨ B᠂ ᠵᠢᠩᠬᠢᠨᠢ ᠠᠩᠭᠢ ᠶᠢᠨ | ᠨᠢᠭᠡᠳᠦᠭᠡᠷ ᠪᠦᠯᠦᠭ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ B ᠨᠢᠭᠡᠨᠲᠡ ᠰᠤᠷᠤᠭᠴᠢ ᠡᠯᠰᠡᠬᠦ ᠠᠵᠢᠯ ᠢᠶᠠᠨ | ᠪᠦᠬᠦᠨ ᠢ ᠳᠠᠭᠤᠰᠬᠠᠵᠤ᠂ ᠨᠡᠶᠢᠲᠡ 57652 ᠰᠢᠨ᠎ᠡ ᠰᠤᠷᠤᠭᠴᠢ ᠡᠯᠰᠡᠵᠠᠢ᠃ ᠵᠢᠩᠬᠢᠨᠢ ᠠᠩᠭᠢ ᠶᠢᠨ ᠨᠢᠭᠡᠳᠦᠭᠡᠷ | ᠪᠦᠯᠦᠭ ᠤᠨ ᠳᠡᠭᠡᠳᠦ ᠰᠤᠷᠭᠠᠭᠤᠯᠢ ᠪᠤᠳᠠᠲᠠᠢ 26694 ᠰᠢᠨ᠎ᠡ ᠰᠤᠷᠤᠭᠴᠢ ᠡᠯᠰᠡᠵᠦ᠂ ᠡᠭᠦᠨ ᠳᠤ᠂ ᠲᠥᠪ ᠤᠨ | ᠶᠠᠮᠤᠨ ᠨᠤᠭᠤᠳ ᠲᠤ ᠬᠠᠷᠢᠶᠠᠯᠠᠭᠳᠠᠬᠤ ᠳᠡᠭᠡᠳᠦ ᠰᠤᠷᠭᠠᠭᠤᠯᠢ 132 ᠬᠥᠮᠦᠨ ᠨᠡᠮᠡᠵᠤ᠂ ᠣᠷᠣᠨ ᠤ ᠭᠠᠳᠠᠨᠠᠬᠢ | ᠮᠤᠵᠢ ᠳᠤ ᠬᠠᠷᠢᠶᠠᠯᠠᠭᠳᠠᠬᠤ ᠳᠡᠭᠡᠳᠦ ᠰᠤᠷᠭᠠᠭᠤᠯᠢ 130 ᠬᠥᠮᠦᠨ ᠨᠡᠮᠡᠵᠦ᠂ ᠣᠷᠣᠨ ᠤ ᠭᠠᠳᠠᠨᠠᠬᠢ ᠶᠡᠭᠡ ᠳᠡᠭᠡᠳᠦ | ᠰᠤᠷᠭᠠᠭᠤᠯᠢ ᠶᠢᠨ ᠨᠢᠭᠡᠳᠦᠭᠡᠷ ᠡᠷᠡᠮᠡᠯᠵᠡᠯ ᠢᠶᠠᠷ ᠡᠯᠰᠡᠭᠰᠡᠨ ᠨᠣᠷᠮ᠎ᠠ 98.76% ᠪᠣᠯᠣᠨ᠎ᠠ᠃ ᠡᠭᠦᠨ ᠤ ᠬᠠᠮᠲᠤ᠂ | 2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ | ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ | ᠮᠣᠩᠭᠤᠯ ᠢᠶᠠᠷ ᠬᠢᠴᠢᠶᠡᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ᠂ ᠬᠠᠭᠤᠴᠢᠨ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠬᠢ 7 ᠳ᠋ᠤᠭᠠᠷ ᠰᠠᠷ᠎ᠠ ᠶᠢᠨ 19 ᠤ ᠡᠳᠦᠷ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠮᠡᠳᠡᠭᠦᠯᠦᠨ᠎ᠡ᠃ | ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠲᠤ 649 ᠰᠤᠷᠭᠠᠭᠤᠯᠢ ᠰᠤᠷᠤᠭᠴᠢ ᠡᠯᠰᠡᠵᠦ᠂ 43121 ᠬᠥᠮᠦᠨ | ᠡᠯᠰᠡᠬᠦ ᠪᠠᠷ ᠲᠥᠯᠥᠪᠯᠡᠵᠦ ᠪᠠᠶᠢᠨ᠎ᠠ᠃ ᠣᠷᠣᠨ ᠤ ᠳᠣᠲᠣᠷ᠎ᠠ ᠭᠠᠳᠠᠨᠠᠬᠢ ᠪᠠᠷ ᠬᠤᠪᠢᠶᠠᠷᠢᠯᠠᠪᠠᠯ᠄ ᠣᠷᠣᠨ ᠤ ᠲᠤᠲᠤᠷ᠎ᠠ | 21488 ᠬᠥᠮᠦᠨ᠂ ᠣᠷᠣᠨ ᠤ ᠭᠠᠳᠠᠨ᠎ᠠ 21633 ᠬᠥᠮᠦᠨ︔ ᠮᠡᠳᠡᠭᠦᠯᠦᠨ ᠰᠢᠯᠭᠠᠭᠤᠯᠤᠭᠰᠠᠨ ᠲᠥᠷᠥᠯ ᠢᠶᠠᠷ | ᠬᠤᠪᠢᠶᠠᠷᠢᠯᠠᠪᠠᠯ᠄ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ 10749 ᠬᠥᠮᠦᠨ᠂ ᠡᠩ ᠤᠨ ᠪᠠᠶᠢᠭᠠᠯᠢ ᠶᠢᠨ | ᠰᠢᠨᠵᠢᠯᠡᠬᠦ ᠤᠬᠠᠭᠠᠨ ᠤ 27431 ᠬᠥᠮᠦᠨ᠂ ᠮᠣᠩᠭᠤᠯ ᠢᠶᠠᠷ ᠬᠢᠴᠢᠶᠡᠯᠡᠬᠦ ᠨᠡᠶᠢᠭᠡᠮ ᠤᠨ ᠰᠢᠨᠵᠢᠯᠡᠬᠦ | ᠤᠬᠠᠭᠠᠨ ᠤ 1649 ᠬᠥᠮᠦᠨ᠂ ᠮᠣᠩᠭᠤᠯ ᠢᠶᠠᠷ ᠬᠢᠴᠢᠶᠡᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ 1579 | ᠬᠥᠮᠦᠨ᠂ ᠺᠣᠮᠫᠢᠦ᠋ᠲ᠋ᠧᠷ ᠤᠨ ᠲᠥᠷᠥᠯ ᠤᠨ 315 ᠬᠥᠮᠦᠨ᠂ ᠲᠠᠷᠢᠶᠠᠯᠠᠩ ᠤᠨ ᠤᠬᠠᠭᠠᠨ ᠤ ᠲᠥᠷᠥᠯ ᠤᠨ 290 | ᠬᠥᠮᠦᠨ᠂ ᠮᠠᠯ ᠡᠮᠨᠡᠯᠭᠡ ᠶᠢᠨ ᠲᠥᠷᠥᠯ ᠤᠨ 80 ᠬᠥᠮᠦᠨ᠂ ᠡᠳ᠋ ᠤᠨ ᠶᠠᠪᠤᠳᠠᠯ ᠨᠢᠭᠲᠠᠯᠠᠨ ᠪᠣᠳᠣᠬᠤ ᠲᠥᠷᠥᠯ ᠤᠨ | 190 ᠬᠥᠮᠦᠨ᠂ ᠤᠷᠠᠯᠢᠭ ᠤᠨ ᠠᠵᠢᠯ ᠵᠢᠷᠤᠭ ᠲᠦᠯᠦᠪᠯᠡᠭᠡ ᠶᠢᠨ ᠲᠥᠷᠥᠯ ᠤᠨ 130 ᠬᠥᠮᠦᠨ᠂ | ᠵᠢᠭᠤᠯᠴᠢᠯᠠᠯ ᠤᠨ ᠲᠥᠷᠥᠯ ᠤᠨ 100 ᠬᠥᠮᠦᠨ᠂ ᠮᠠᠰᠢᠨ ᠲᠡᠷᠭᠡ ᠵᠢᠯᠣᠭᠤᠳᠬᠤ ᠲᠥᠷᠥᠯ ᠤᠨ 41 ᠬᠥᠮᠦᠨ᠂ | ᠪᠠᠷᠢᠯᠭ᠎ᠠ ᠶᠢᠨ ᠲᠥᠷᠥᠯ ᠤᠨ 70 ᠬᠥᠮᠦᠨ᠂ ᠮᠠᠰᠢᠨ ᠴᠠᠬᠢᠯᠭᠠᠨ ᠤ ᠲᠥᠷᠥᠯ ᠤᠨ 20 ᠬᠥᠮᠦᠨ᠂ ᠮᠣᠩᠭᠤᠯ ᠮᠠᠯ | ᠡᠮᠨᠡᠯᠭᠡ ᠶᠢᠨ ᠲᠥᠷᠥᠯ ᠤᠨ 30 ᠬᠥᠮᠦᠨ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠤᠨ 65 ᠬᠥᠮᠦᠨ᠂ | ᠬᠡᠦᠬᠡᠳ ᠤᠨ ᠪᠠᠭᠰᠢ ᠶᠢᠨ ᠰᠤᠷᠭᠠᠭᠤᠯᠢ ᠶᠢᠨ ᠲᠥᠷᠥᠯ ᠤᠨ 291 ᠬᠥᠮᠦᠨ᠂ ᠠᠨᠠᠭᠠᠬᠤ ᠤᠬᠠᠭᠠᠨ ᠤ ᠲᠥᠷᠥᠯ ᠤᠨ | 50 ᠬᠥᠮᠦᠨ᠂ ᠠᠭᠤᠷᠬᠠᠶ ᠮᠠᠯᠲᠠᠬᠤ ᠲᠥᠷᠥᠯ ᠤᠨ 41 ᠬᠥᠮᠦᠨ ᠪᠣᠯᠣᠨ᠎ᠠ᠃ ᠰᠦᠯᠵᠢᠶᠡᠨ ᠳᠡᠭᠡᠷ᠎ᠡ ᠡᠷᠡᠮᠡᠯᠵᠡᠯ | ᠮᠡᠳᠡᠭᠦᠯᠵᠦ ᠳᠠᠭᠤᠰᠬᠤ ᠠᠴᠠ ᠡᠮᠦᠨ᠎ᠡ᠂ ᠰᠢᠯᠭᠠᠭᠤᠯᠤᠭᠰᠠᠳ ᠬᠥᠳᠡᠯᠦᠩᠭᠦᠶ ᠨᠡᠷᠡᠰ ᠤᠨ ᠵᠢᠭᠰᠠᠭᠠᠯᠲᠠ ᠵᠢᠴᠢ ᠱᠠᠲᠤ | ᠦᠶ᠎ᠡ ᠶᠢᠨ ᠴᠢᠨᠠᠷᠲᠠᠶ ᠪᠦᠷᠢᠳᠬᠡᠭᠰᠡᠨ ᠦᠷ᠎ᠡ ᠳ᠋ᠦᠩ ᠵᠡᠷᠭᠡ ᠪᠠᠶᠢᠳᠠᠯ ᠢ ᠦᠨᠳᠦᠰᠦᠯᠡᠨ᠂ ᠡᠷᠡᠮᠡᠯᠵᠡᠯ ᠢᠶᠠᠨ ᠰᠡᠳᠬᠢᠯ | ᠬᠠᠨᠤᠮᠵᠢᠲᠠᠢ ᠪᠣᠯᠲᠠᠯ᠎ᠠ ᠬᠡᠵᠢᠶ᠎ᠡ ᠴᠤ ᠭᠡᠰᠡᠨ ᠵᠠᠰᠠᠵᠣ ᠪᠣᠯᠣᠨ᠎ᠠ᠃ | |