ᠥᠪᠥᠷ ᠮᠣᠩᠭᠤᠯ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠨᠢᠭᠡᠳᠦᠯᠲᠠᠢ ᠪᠤᠯᠭᠠᠪᠠ
ᠨᠡᠶᠢᠲᠡᠯᠡᠭᠰᠡᠨ ᠴᠠᠭ᠄
2015/7/20
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠠᠷᠭ᠎ᠠ︾ ︵ᠳᠣᠷᠣᠭᠰᠢ ᠠᠷᠭ᠎ᠠ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠶᠠᠪᠤᠭᠤᠯᠤᠭᠰᠠᠨ ᠤ ᠬᠠᠮᠲᠤ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠦᠪᠦᠷ ᠵᠠᠰᠠᠭ ᠲᠠᠷᠬᠠᠭᠠᠭᠰᠠᠨ ﹇2009﹈ 78 ᠳ᠋ᠤᠭᠠᠷ ᠲᠤᠭᠠᠳᠤ ᠪᠢᠴᠢᠭ ᠮᠠᠲ᠋ᠧᠷᠢᠶᠠᠯ︶᠎ ᠶᠢ ᠬᠦᠴᠦᠨ ᠦᠭᠡᠶ ᠪᠤᠯᠭᠠᠪᠠ᠃ ᠲᠤᠰ ᠠᠷᠭ᠎ᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡᠳᠦᠯᠲᠡᠶ ᠲᠥᠷᠥ ᠶᠢᠨ ᠪᠣᠳᠣᠯᠭ᠎ᠠ ᠶᠢᠨ ᠲᠤᠭᠲᠠᠭᠠᠯ ᠢ ᠬᠡᠷᠡᠭᠵᠢᠭᠦᠯᠬᠦ ᠶᠢ ᠲᠤᠲᠤᠷᠬᠠᠶᠢᠯᠠᠪᠠ᠃      ᠰᠦᠢᠳᠬᠡᠯ ᠲᠤᠰᠢᠶᠠᠬᠤ ᠰᠠᠭᠤᠷᠢ ᠲᠤᠭ᠎ᠠ ᠪᠤᠯᠤᠨ ᠤᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠪᠤᠯᠭᠠᠨ᠎ᠠ      ᠠᠵᠦ ᠠᠬᠤᠢᠢᠯᠠᠯ ᠤᠨ ᠠᠵᠢᠯᠳᠠᠨ ᠠᠵᠢᠯᠴᠢᠨ ᠤ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠦᠷᠢᠮ ᠨᠢ ᠬᠤᠶᠢᠰᠢᠳᠠ ᠨᠢᠭᠡᠳᠦᠯᠳᠡᠢ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠡᠷᠡᠭᠵᠢᠭᠦᠯᠤᠨ᠎ᠡ᠃ ᠠᠷᠭ᠎ᠠ ᠶᠢᠨ ᠲᠤᠭᠲᠠᠭᠠᠯ ᠢᠶᠠᠷ᠂ ᠲᠠᠭᠠᠳᠬᠠᠯ ᠳᠤ ᠤᠷᠤᠯᠴᠠᠭᠰᠠᠨ ᠨᠢᠭᠡᠴᠡ ᠨᠢ ᠲᠤᠰ ᠨᠢᠭᠡᠴᠡ ᠶᠢᠨ ᠢᠶᠠᠨ ᠠᠵᠢᠯᠳᠠᠨ ᠠᠵᠢᠯᠴᠢᠨ ᠤ ᠴᠠᠯᠢᠩ ᠤᠨ ᠶᠡᠷᠦᠩᠭᠡᠢ ᠲᠤᠭ᠎ᠠ ᠪᠠᠷ ᠰᠠᠭᠤᠷᠢ ᠲᠤᠭ᠎ᠠ ᠪᠤᠯᠭᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ  ᠰᠦᠢᠳᠭᠡᠯ ᠲᠤᠰᠢᠶᠠᠨ᠎ᠠ︔ ᠠᠵᠢᠯᠳᠠᠨ ᠠᠵᠢᠯᠴᠢᠨ ᠲᠡᠭᠡᠷ᠎ᠡ ᠵᠢᠯ ᠤᠨ ᠲᠤᠰ ᠬᠦᠮᠦᠨ ᠤ ᠰᠠᠷ᠎ᠠ ᠶᠢᠨ ᠳᠤᠮᠳᠠᠴᠢ ᠴᠠᠯᠢᠩ ᠢᠶᠠᠷ ᠰᠠᠭᠤᠷᠢ ᠲᠤᠭ᠎ᠠ ᠪᠤᠯᠭᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠦᠢᠳᠭᠡᠯ ᠲᠤᠰᠢᠶᠠᠵᠤ᠂ ᠠᠵᠢᠯᠳᠠᠨ ᠠᠵᠢᠯᠴᠢᠨ ᠤ ᠲᠡᠭᠡᠷ᠎ᠡ ᠵᠢᠯ ᠤᠨ ᠲᠤᠰ ᠬᠦᠮᠦᠨ ᠤ ᠰᠠᠷ᠎ᠠ ᠶᠢᠨ ᠳᠤᠮᠳᠠᠴᠢ ᠴᠠᠯᠢᠩ ᠨᠢ ᠪᠦᠭᠦ ᠤᠷᠤᠨ ᠤ ᠠᠵᠢᠯ ᠤᠨ ᠪᠠᠶᠢᠷᠢ ᠲᠡᠭᠡᠷ᠎ᠡ ᠪᠠᠶᠢᠭ᠎ᠠ ᠠᠵᠢᠯᠳᠠᠨ ᠠᠵᠢᠯᠴᠢᠨ ᠤ ᠳᠤᠮᠳᠠᠴᠢ ᠴᠠᠯᠢᠩ ᠤᠨ 60%᠎ ᠠᠴᠠ ᠲᠤᠤᠷ᠎ᠠ ᠪᠠᠶᠢᠪᠠᠯ᠂ ᠪᠦᠭᠦ ᠤᠷᠤᠨ ᠤ ᠠᠵᠢᠯ ᠤᠨ ᠪᠠᠶᠢᠷᠢ ᠲᠡᠭᠡᠷ᠎ᠡ ᠪᠠᠶᠢᠭ᠎ᠠ ᠠᠵᠢᠯᠳᠠᠨ ᠠᠵᠢᠯᠴᠢᠨ ᠤ ᠳᠤᠮᠳᠠᠴᠢ ᠴᠠᠯᠢᠩ ᠤᠨ 60%᠎ ᠪᠠᠷ ᠰᠠᠭᠤᠷᠢ ᠲᠤᠭ᠎ᠠ  ᠪᠤᠯᠭᠠᠨ ᠰᠦᠢᠳᠭᠡᠯ ᠲᠤᠰᠢᠶᠠᠵᠦ᠂ ᠪᠦᠭᠦ ᠤᠷᠤᠨ ᠤ ᠠᠵᠢᠯ ᠤᠨ ᠪᠠᠶᠢᠷᠢ ᠲᠡᠭᠡᠷ᠎ᠡ ᠪᠠᠶᠢᠭ᠎ᠠ ᠠᠵᠢᠯᠳᠠᠨ ᠠᠵᠢᠯᠴᠢᠨ ᠤ  ᠳᠤᠮᠳᠠᠴᠢ ᠴᠠᠯᠢᠩ ᠤᠨ 300%᠎ ᠠᠴᠠ ᠦᠨᠳᠦᠷ ᠪᠠᠶᠢᠪᠠᠯ᠂ ᠪᠦᠭᠦ ᠤᠷᠤᠨ ᠤ ᠠᠵᠢᠯ ᠤᠨ ᠪᠠᠶᠢᠷᠢ ᠲᠡᠭᠡᠷ᠎ᠡ ᠪᠠᠶᠢᠭ᠎ᠠ ᠠᠵᠢᠯᠳᠠᠨ ᠠᠵᠢᠯᠴᠢᠨ ᠤ ᠳᠤᠮᠳᠠᠴᠢ ᠴᠠᠯᠢᠩ ᠤᠨ 300%᠎ ᠪᠠᠷ ᠰᠠᠭᠤᠷᠢ ᠲᠤᠭ᠎ᠠ ᠪᠤᠯᠭᠠᠨ ᠰᠦᠢᠳᠭᠡᠯ ᠲᠤᠰᠢᠶᠠᠨ᠎ᠠ ︔ ᠬᠤᠳᠠ ᠪᠠᠯᠭᠠᠰᠤ ᠶᠢᠨ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠭᠡ ᠪᠠ ᠠᠮᠢᠳᠤᠯᠢᠭ ᠢᠶᠠᠷ ᠠᠵᠢᠯ ᠤᠯᠤᠭᠰᠠᠨ ᠬᠦᠮᠦᠰ ᠪᠦᠭᠦ ᠤᠷᠤᠨ ᠤ ᠠᠵᠢᠯ ᠤᠨ ᠪᠠᠶᠢᠷᠢ ᠲᠡᠭᠡᠷ᠎ᠡ ᠪᠠᠶᠢᠭ᠎ᠠ ᠠᠵᠢᠯᠳᠠᠨ ᠠᠵᠢᠯᠴᠢᠨ ᠤ ᠳᠤᠮᠳᠠᠴᠢ ᠴᠠᠯᠢᠩ ᠤᠨ 60%᠎ ᠠᠴᠠ 300%᠎ ᠶᠢᠨ ᠬᠡᠪᠴᠢᠶᠡᠨ ᠳᠤ ᠪᠠᠶᠢᠪᠠᠯ᠂ ᠰᠦᠢᠳᠭᠡᠯ ᠲᠤᠰᠢᠶᠠᠬᠤ ᠰᠠᠭᠤᠷᠢ ᠲᠤᠭ᠎ᠠ ᠪᠠᠨ ᠦᠪᠡᠷᠳᠡᠭᠡᠨ ᠰᠤᠩᠭᠤᠨ᠎ᠠ᠃ ᠡᠭᠦᠨ ᠤ ᠬᠠᠮᠲᠤ ᠲᠤᠰᠢᠶᠠᠬᠤ ᠰᠠᠭᠤᠷᠢ ᠲᠤᠭ᠎ᠠ ᠶᠢ ᠲᠣᠭᠲᠠᠭᠤᠨ ᠢᠶᠠᠷ ᠰᠢᠯᠵᠢᠯᠲᠡ ᠬᠢᠯᠬᠡᠬᠦ ᠶᠢ ᠪᠠᠲᠤᠯᠠᠬᠤ ᠶᠢᠨ ᠲᠤᠰᠠᠳᠠ᠂ ᠰᠢᠯᠵᠢᠯᠲᠡ ᠬᠢᠯᠬᠡᠬᠦ ᠠᠷᠭ᠎ᠠ ᠬᠡᠮᠵᠢᠶ᠎ᠡ ᠠᠪᠴᠤ ᠪᠤᠯᠤᠨ᠎ᠠ᠂ ᠪᠣᠳᠠᠲᠠᠶ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ ᠡᠭᠦᠨ ᠤ ᠬᠠᠮᠲᠤ ᠨᠢᠭᠡᠳᠦᠯᠲᠡᠶ ᠰᠦᠢᠳᠬᠡᠯ ᠲᠤᠰᠢᠶᠠᠬᠤ ᠬᠠᠷᠢᠴᠠᠯ ᠢ ᠬᠡᠷᠡᠭᠵᠢᠬᠦᠯᠦᠨ᠎ᠡ᠃ ᠲᠤᠬᠠᠶᠢᠯᠠᠪᠠᠯ᠂ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠵᠠᠷᠤᠳᠠᠯ ᠲᠤᠰᠢᠶᠠᠬᠤ ᠬᠠᠷᠢᠴᠠᠯ ᠨᠢ 20 %᠂ ᠠᠵᠢᠯᠲᠠᠨ ᠠᠵᠢᠯᠴᠢᠨ ᠬᠤᠪᠢ ᠬᠥᠮᠦᠨ ᠤ ᠰᠦᠢᠳᠬᠡᠯ ᠲᠤᠰᠢᠶᠠᠬᠤ ᠬᠠᠷᠢᠴᠠᠯ ᠨᠢ 8 % ᠪᠤᠯᠤᠨ᠎ᠠ︔ ᠬᠤᠲᠠ  ᠪᠠᠯᠭᠠᠰᠤ ᠶᠢᠨ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠪᠠ ᠠᠮᠢᠳᠤᠯᠢᠭ ᠢᠶᠠᠷ ᠠᠵᠢᠯ ᠤᠯᠤᠭᠰᠠᠨ ᠬᠦᠮᠦᠰ ᠤᠨ ᠰᠦᠢᠳᠬᠡᠯ ᠲᠤᠰᠢᠶᠠᠬᠤ ᠬᠠᠷᠢᠴᠠᠯ ᠨᠢ 20 % ᠪᠣᠯᠤᠨ᠎ᠠ᠃ ᠬᠤᠪᠢ ᠬᠥᠮᠦᠨ ᠤ ᠳᠠᠩᠰᠠᠨ ᠡᠷᠦᠬᠡ ᠶᠢ ᠨᠢᠭᠡᠳᠦᠯᠲᠡᠶ ᠪᠤᠯᠭᠠᠨ᠎ᠠ᠂ ᠲᠤᠬᠠᠶᠢᠯᠠᠪᠠᠯ ᠬᠤᠪᠢ ᠬᠥᠮᠦᠨ ᠤ ᠳᠠᠩᠰᠠᠨ ᠡᠷᠦᠬᠡ ᠶᠢ ᠨᠢᠭᠡᠳᠦᠯᠲᠡᠶ ᠪᠤᠯᠭᠠᠬᠤ ᠳᠤ ᠬᠤᠪᠢ ᠬᠥᠮᠦᠨ ᠤ ᠰᠦᠢᠳᠭᠡᠯ ᠲᠤᠰᠢᠶᠠᠬᠤ ᠴᠠᠯᠢᠩ ᠤᠨ 8%᠎ ᠶᠢᠨ ᠶᠣᠰᠣᠭᠠᠷ ᠲᠡᠮᠳᠡᠭᠯᠡᠨ ᠤᠷᠤᠭᠤᠯᠵᠤ᠂ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠨᠡᠶᠢᠲᠡᠯᠡᠭᠰᠡᠨ ᠳᠠᠩᠰᠠᠨ ᠳᠤ ᠲᠡᠮᠳᠡᠭᠯᠡᠭᠰᠡᠨ ᠬᠦᠦ ᠮᠥᠩᠭᠦ ᠶᠢᠨ ᠨᠣᠷᠮ᠎ᠠ ᠶᠣᠰᠣᠭᠠᠷ ᠬᠦᠦ ᠮᠥᠩᠭᠦ ᠪᠤᠳᠤᠨ᠎ᠠ᠃        ᠠᠷᠭ᠎ᠠ ᠶᠢᠨ ᠶᠣᠰᠣᠭᠠᠷ᠂ ᠨᠢᠭᠡᠳᠦᠯᠲᠡᠶ ᠤᠯᠭᠤᠮᠵᠢ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠤᠳᠤᠵᠤ ᠥᠭᠬᠦ ᠠᠷᠭ᠎ᠠ ᠶᠢ ᠨᠢᠭᠡᠳᠦᠯᠲᠡᠶ ᠪᠤᠯᠭᠠᠨ᠎ᠠ᠃ ᠬᠤᠶᠢᠰᠢᠳᠠ ᠳᠠᠭᠠᠳᠬᠠᠯ ᠳᠤ ᠣᠷᠣᠯᠴᠠᠭᠰᠠᠨ ᠬᠦᠮᠦᠰ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠬᠤ ᠠᠮᠠᠷᠠᠬᠤ ᠨᠠᠰᠤᠨ ᠳᠤ  ᠬᠦᠷᠦᠭᠰᠡᠨ ᠦᠶ᠎ᠡ ᠳᠤ ᠰᠦᠢᠳᠬᠡᠯ ᠲᠤᠰᠢᠶᠠᠭᠰᠠᠨ ᠵᠢᠯ ᠨᠢ ᠪᠦᠬᠦᠯᠢ 15 ᠵᠢᠯ ᠪᠠᠶᠢᠪᠠᠯ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠰᠠᠷ᠎ᠠ ᠪᠠᠷ ᠠᠪᠤᠨ᠎ᠠ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠨᠢᠭᠡᠳᠦᠯᠲᠡᠶ ᠲᠥᠯᠥᠪᠯᠡᠬᠦ ᠦᠨᠳᠦᠰᠦᠨ ᠠᠰᠠᠷᠠᠮᠵᠢ ᠶᠢᠨ ᠮᠥᠩᠭᠦ ᠪᠤᠯᠤᠨ ᠬᠤᠪᠢ ᠬᠥᠮᠦᠨ ᠤ ᠳᠠᠩᠰᠠᠨ ᠳᠤ ᠲᠡᠮᠳᠡᠭᠯᠡᠭᠰᠡᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠪᠦᠷᠢᠯᠳᠦᠨ᠎ᠡ᠂ ᠨᠢᠭᠡᠳᠦᠯᠲᠡᠶ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠪᠠᠷᠢᠮᠵᠢᠶ᠎ᠠ ᠶᠢ ᠪᠦᠬᠦ ᠣᠷᠣᠨ ᠤ ᠳᠡᠭᠡᠷ᠎ᠡ ᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠪᠣᠯᠤᠨ ᠲᠤᠰ ᠬᠥᠮᠦᠨ ᠤ ᠢᠯᠡᠳᠬᠡᠭᠴᠢ ᠲᠤᠭ᠎ᠠ ᠪᠣᠯᠭᠠᠬᠤ ᠰᠠᠷ᠎ᠠ ᠶᠢᠨ ᠳᠤᠮᠳᠠᠴᠢ ᠰᠦᠢᠳᠭᠡᠯ ᠲᠤᠰᠢᠶᠠᠬᠤ ᠴᠠᠯᠢᠩ ᠤᠨ ᠳᠤᠮᠳᠠᠴᠢ ᠬᠡᠮᠵᠢᠭᠳᠡᠯ ᠢᠶᠠᠷ ᠦᠷᠡᠵᠢᠭᠦᠯᠦᠭᠡᠳ ᠣᠯᠤᠭᠰᠠᠨ ᠲᠤᠭ᠎ᠠ ᠪᠠᠷ ᠰᠠᠭᠤᠷᠢ ᠲᠤᠭ᠎ᠠ ᠪᠣᠯᠭᠠᠵᠤ᠂ ᠪᠦᠬᠦᠯᠢ 1 ᠵᠢᠯ ᠰᠦᠢᠳᠬᠡᠯ ᠲᠤᠰᠢᠶᠠᠬᠤ ᠪᠦᠷᠢ 1 %᠎ ᠶᠢ ᠣᠯᠭᠤᠨ᠎ᠠ︔ ᠬᠤᠪᠢ ᠬᠥᠮᠦᠨ ᠤ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠤᠳᠤᠵᠤ ᠤᠯᠭᠤᠬᠤ ᠰᠠᠷ᠎ᠠ ᠶᠢᠨ ᠪᠠᠷᠢᠮᠵᠢᠶ᠎ᠠ ᠶᠢ ᠪᠤᠯ ᠬᠤᠪᠢ ᠬᠥᠮᠦᠨ ᠤ ᠳᠠᠩᠰᠠᠨ ᠡᠷᠦᠬᠡ ᠳᠤ ᠬᠠᠳᠠᠭᠠᠯᠠᠭᠰᠠᠨ ᠲᠤᠭ᠎ᠠ ᠶᠢ ᠰᠠᠷ᠎ᠠ ᠶᠢᠨ ᠲᠤᠭ᠎ᠠ ᠪᠠᠷ ᠬᠤᠪᠢᠶᠠᠨ᠎ᠠ᠃ ᠡᠭᠦᠨ ᠤ ᠬᠠᠮᠲᠤ ᠲᠤᠲᠤᠷᠬᠠᠶᠢᠯᠠᠭᠰᠠᠨ ᠨᠢ᠂ ᠤᠯᠭᠤᠮᠵᠢ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠵᠣᠯᠭᠠᠭᠤᠯᠬᠤ ᠶᠢ ᠪᠠᠲᠤᠯᠠᠬᠤ ᠶᠢᠨ ᠲᠤᠰᠠᠳᠠ᠂ ᠰᠢᠯᠵᠢᠯᠲᠡ ᠬᠢᠯᠬᠡᠬᠦ ᠠᠷᠭ᠎ᠠ ᠬᠡᠮᠵᠢᠶ᠎ᠡ ᠶᠢ ᠠᠪᠴᠤ ᠪᠤᠯᠤᠨ᠎ᠠ᠂ ᠪᠤᠳᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃      ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠬᠠᠮᠢᠶᠠᠷᠴᠤ ᠬᠡᠷᠡᠭᠯᠡᠨ᠎ᠡ      ᠲᠤᠰ ᠠᠷᠭ᠎ᠠ ᠲᠤᠲᠤᠷᠬᠠᠶᠢᠯᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠠᠢ ᠲᠦᠯᠦᠪᠯᠡᠨ ᠬᠠᠮᠢᠶᠠᠷᠬᠤ ᠪᠠ ᠬᠡᠷᠡᠭᠯᠡᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠬᠦᠯᠦᠨ᠎ᠡ᠃ ᠳᠠᠭᠠᠳᠬᠠᠯ ᠳᠤ ᠣᠷᠣᠯᠴᠠᠭᠰᠠᠨ ᠨᠢᠭᠡᠴᠡ ᠪᠤᠯᠤᠨ ᠳᠠᠭᠠᠳᠬᠠᠯ ᠳᠤ ᠣᠷᠣᠯᠴᠠᠭᠰᠠᠨ ᠬᠦᠮᠦᠰ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ ᠲᠤᠰᠢᠶᠠᠬᠤ  ᠳᠤ᠂  ᠰᠢᠭᠤᠳ ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠯᠤᠰ ᠤᠨ ᠬᠦᠮᠦᠷᠭᠡ ᠳᠤ ᠲᠤᠰᠢᠶᠠᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠤᠳᠠᠭᠠᠨ ᠵᠢᠯ ᠬᠤᠷᠠᠮᠳᠤᠭᠤᠯᠤᠭᠰᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠬᠤᠶᠠᠷ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ  ᠮᠦᠡᠭᠭᠦ ᠶᠢᠨ ᠡᠷᠭᠢᠯᠲᠡ ᠶᠢᠨ ᠮᠥᠩᠭᠦ ᠤᠷᠢᠳᠴᠢᠯᠠᠨ ᠦᠯᠡᠳᠡᠭᠡᠬᠦ ᠶᠢ ᠭᠠᠷᠭᠠᠪᠠᠯ᠂ ᠪᠦᠬᠦᠨ ᠢ ᠳᠡᠭᠡᠭᠰᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠯᠤᠰ ᠤᠨ ᠬᠦᠮᠦᠷᠭᠡ ᠳᠤ ᠰᠢᠯᠵᠢᠭᠦᠯᠦᠨ᠎ᠡ᠃      ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠢᠭᠡᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠣᠭᠲᠠᠭᠠᠯ ᠠᠴᠠ ᠵᠦᠷᠢᠴᠡᠨ ᠠᠵᠢᠯ ᠠᠴᠠ ᠪᠠᠭᠤᠬᠤ ᠭᠠᠷᠳᠠᠮ ᠬᠦᠢᠴᠡᠳᠭᠡᠭᠰᠡᠨ ᠳᠤ ᠦᠭᠭᠦ ᠵᠠᠷᠤᠳᠠᠯ᠂ ᠥᠪᠡᠷ ᠎ ᠲᠡᠭᠡᠨ ᠲᠥᠷᠥ ᠶᠢᠨ ᠪᠣᠳᠣᠯᠭ᠎ᠠ  ᠲᠤᠭᠲᠠᠭᠠᠨ ᠨᠡᠮᠡᠭᠳᠡᠭᠦᠯᠦᠭᠰᠡᠨ ᠵᠠᠷᠤᠳᠠᠯ ᠢ᠂ ᠲᠤᠬᠠᠶ ᠶᠢᠨ ᠭᠠᠵᠠᠷ ᠤᠨ ᠡᠳ᠋ ᠤᠨ ᠵᠠᠰᠠᠭ ᠠᠴᠠ ᠡᠭᠦᠷᠭᠡᠯᠡᠨ᠎ᠡ︔ ᠡᠯ᠎ᠡ ᠱᠠᠲᠤᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠣᠷᠣᠯᠭ᠎ᠠ ᠶᠢᠨ ᠲᠥᠰᠦᠪ ᠤᠨ ᠳᠤᠲᠠᠭᠤ ᠲᠠᠲᠠᠪᠤᠷᠢᠯᠠᠭᠰᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠪᠡᠶᠡᠯᠡᠭᠦᠯᠦᠭᠡᠳᠦᠢ ᠪᠤᠯ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠲᠥᠰᠦᠪ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠠᠯᠲᠠᠲᠤ ᠰᠢᠯᠭᠠᠨ ᠬᠢᠨᠠᠬᠤ ᠬᠠᠷᠢᠭᠤᠴᠠᠯᠭ᠎ᠠ ᠳᠤ ᠤᠷᠤᠭᠤᠯᠵᠤ᠂ ᠵᠢᠯ ᠤᠨ ᠡᠴᠦᠰ ᠲᠤ ᠡᠯ᠎ᠡ ᠠᠶᠢᠮᠠᠭ ᠬᠤᠲᠠ  ᠬᠢᠭᠡᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠰᠦᠪ ᠢ ᠭᠦᠢᠴᠡᠳᠭᠡᠭᠰᠡᠨ ᠪᠠ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ  ᠰᠢᠯᠭᠠᠨ ᠬᠢᠨᠠᠬᠤ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠠᠷᠢᠨ ᠪᠣᠳᠣᠵᠤ ᠲᠡᠩᠴᠡᠭᠦᠷᠢᠲᠡᠶ ᠪᠠᠶᠢᠯᠭᠠᠬᠤ ᠪᠠ ᠦᠷᠭᠦᠯᠵᠢᠯᠡᠨ ᠬᠦᠭᠵᠢᠬᠦᠯᠬᠦ ᠵᠠᠷᠴᠢᠮ ᠤᠨ ᠶᠣᠰᠣᠭᠠᠷ᠂ ᠰᠠᠭᠤᠷᠢ ᠮᠦᠡᠭᠭᠦ ᠶᠢᠨ ᠨᠠᠷᠢᠨ ᠪᠣᠳᠣᠬᠤ ᠲᠣᠭᠲᠠᠴᠠ ᠪᠤᠯᠤᠨ ᠡᠳ᠋ ᠤᠨ ᠶᠠᠪᠤᠳᠠᠯ ᠤᠨ ᠰᠡᠷᠡᠮᠵᠢᠯᠡᠭᠦᠯᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠤᠯᠵᠤᠯᠲᠤ ᠲᠤᠭ᠎ᠠ ︵ᠬᠥᠮᠦᠨ ᠠᠮᠠ ᠶᠢᠨ ᠪᠦᠲᠦᠴᠡ᠂ ᠰᠦᠢᠳᠬᠡᠯ ᠲᠤᠰᠢᠶᠠᠬᠤ ᠨᠣᠷᠮ᠎ᠠ᠂ ᠣᠷᠣᠯᠠᠬᠤ ᠨᠣᠷᠮ᠎ᠠ᠂ ᠰᠠᠭᠤᠷᠢ ᠮᠥᠩᠭᠦ ᠶᠢᠨ ᠠᠰᠢᠭ᠋ ᠣᠷᠣᠯᠭ᠎ᠠ ᠶᠢᠨ ᠨᠣᠷᠮ᠎ᠠ ᠵᠡᠷᠭᠡ︶᠎ ᠶᠢᠨ ᠰᠤᠳᠤᠯᠤᠯ ᠢ ᠴᠢᠩᠭᠠᠳᠬᠠᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠳ᠋ ᠤᠨ ᠵᠠᠰᠠᠭ ᠤᠨ ᠣᠷᠣᠭᠤᠯᠤᠯᠲᠠ ᠬᠢᠭᠡᠳ ᠬᠤᠪᠢᠶᠠᠨ ᠡᠭᠦᠷᠭᠡᠯᠡᠬᠦ ᠲᠣᠭᠲᠠᠴᠠ ᠶᠢ ᠪᠦᠷᠢᠨᠰᠢᠭᠦᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠡᠯᠡ ᠴᠤᠭᠯᠠᠭᠤᠯᠬᠤ ᠠᠷᠭ᠎ᠠ ᠵᠠᠮ ᠢ ᠦᠷᠭᠡᠳᠭᠡᠵᠤ᠂ ᠰᠠᠭᠤᠷᠢ ᠮᠦᠡᠭᠭᠦ ᠶᠢᠨ ᠠᠶᠤᠯ ᠦᠭᠡᠢ ᠪᠠᠶᠢᠬᠤ ᠪᠠ ᠥᠷᠲᠡᠭ ᠪᠠᠲᠤᠯᠠᠵᠤ ᠥᠷᠲᠡᠭ ᠨᠡᠮᠡᠭᠳᠡᠭᠦᠯᠬᠦ ᠶᠢ ᠦᠨᠡᠨ ᠬᠦ ᠪᠠᠲᠤᠯᠠᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠦᠷᠭᠦᠯᠵᠢᠯᠡᠨ ᠠᠵᠢᠯᠯᠠᠭᠠᠨ ᠲᠠᠢ ᠪᠠᠶᠢᠬᠤ ᠶᠢ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号