︽ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾ ᠪᠠ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯᠯᠠᠭ᠎ᠠ ᠶᠢᠨ ᠲᠥᠯᠥᠪᠯᠡᠭᠡ︾ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠴᠢᠨ | ᠲᠣᠭᠤᠷᠢᠨ ᠢ ᠬᠢᠨᠠᠨ ᠬᠡᠮᠵᠢᠬᠦ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠣᠷᠴᠢᠨ | ᠲᠣᠭᠤᠷᠢᠨ ᠢ ᠬᠢᠨᠠᠨ ᠬᠡᠮᠵᠢᠬᠦ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠢᠨ ᠪᠤᠰᠤᠳᠴᠢ᠂ ᠦᠨᠡᠨ ᠪᠣᠳᠠᠲᠠᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ | ᠣᠷᠴᠢᠮᠬᠠᠨ ᠣᠷᠴᠢᠨ ᠲᠣᠭᠤᠷᠢᠨ ᠤ ᠠᠭᠠᠷ ᠤᠨ ᠠᠦ᠋ᠲ᠋ᠣ᠋ ᠬᠢᠨᠠᠨ ᠬᠡᠮᠵᠢᠬᠦ ᠶᠢ ᠥᠪᠡᠷ ᠢ ᠪᠠᠨ ᠪᠠᠶᠢᠴᠠᠭᠠᠵᠤ | ᠥᠪᠡᠰᠦᠪᠡᠨ ᠵᠠᠯᠠᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠣᠷᠴᠢᠨ ᠲᠣᠭᠤᠷᠢᠨ ᠤ ᠠᠭᠠᠷ ᠤᠨ ᠠᠦ᠋ᠲ᠋ᠣ᠋ | ᠬᠢᠨᠠᠨ ᠬᠡᠮᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠣᠶᠢᠯᠠᠭᠠᠭᠰᠠᠨ ᠢᠶᠠᠷ᠂ ᠮᠠᠨ ᠤ ᠣᠷᠣᠨ ᠤ 12 ᠲᠤᠰᠬᠠᠢ ᠣᠷᠣᠨ ᠤ ᠳᠡᠰ ᠤᠨ ᠬᠤᠲᠠ ᠳᠤ ︽12·5︾ | ᠶᠢᠨ ᠲᠦᠯᠦᠪᠵᠢᠭᠦᠯᠭᠡ ᠳᠤ ᠣᠯᠣᠰ ᠢᠶᠠᠷ ᠴᠣᠬᠤᠯᠠᠪᠤᠷᠢᠯᠠᠭᠤᠯᠤᠭᠠᠳ ᠦᠨᠡᠮᠰᠢᠭᠦᠯᠦᠭᠰᠡᠨ ᠤᠯᠤᠰ ᠤᠨ ᠣᠷᠴᠢᠨ | ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠰᠦᠯᠵᠢᠶᠡᠨ ᠤ ᠴᠢᠭ᠋ ᠤᠨ ᠪᠠᠶᠢᠷᠢ ᠨᠡᠶᠢᠲᠡ 44 ᠪᠠᠶᠢᠵᠤ᠂ | ᠡᠭᠦᠨ ᠳᠤ 42 ᠬᠤᠲᠠ ᠶᠢᠨ ᠦᠨᠡᠯᠡᠯᠲᠡ ᠶᠢᠨ ᠴᠢᠭ᠋ ᠤᠨ ᠪᠠᠶᠢᠷᠢ᠂ 2 ᠠᠷᠢᠭᠤᠨ ᠴᠡᠪᠡᠷ ᠤᠨ ᠬᠠᠷᠢᠴᠠᠭᠤᠯᠬᠤ | ᠴᠢᠭ᠋ ᠤᠨ ᠪᠠᠶᠢᠷᠢ ᠪᠣᠢ᠃ 2012 ᠣᠨ ᠤ 12 ᠳ᠋ᠤᠭᠠᠷ ᠰᠠᠷ᠎ᠠ ᠠᠴᠠ2014 ᠣᠨ ᠤ 11 ᠳ᠋ᠦ᠋ᠭᠡᠷ ᠰᠠᠷ᠎ᠠ | ᠪᠣᠯᠲᠠᠯ᠎ᠠ᠂ ᠥᠪᠥᠷ ᠮᠣᠩᠭᠤᠯ ᠤᠨ 12 ᠠᠶᠢᠮᠠᠭ ᠬᠤᠲᠠ ᠰᠢᠨ᠎ᠡ ᠪᠠᠷᠢᠮᠵᠢᠶ᠎ᠠ ᠶᠢᠨ 6 ᠵᠦᠢᠯ ᠤᠨ ᠪᠣᠬᠢᠷ ᠪᠣᠳᠠᠰ | ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠵᠢᠴᠢ ᠲᠤᠭ᠎ᠠ ᠪᠠᠷᠢᠮᠲᠠ ᠶᠢᠨ ᠰᠦᠯᠵᠢᠶ᠎ᠡ ᠬᠤᠯᠪᠣᠬᠤ ᠠᠵᠢᠯ ᠢ | ᠵᠠᠯᠭ᠎ᠠ ᠵᠠᠯᠭᠠᠪᠡᠷ ᠪᠡᠶᠡᠯᠡᠭᠦᠯᠦᠭᠰᠡᠨ ᠪᠥᠭᠡᠳ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠨᠡᠶᠢᠭᠡᠮ ᠳᠤ ᠵᠢᠩᠬᠢᠨᠢ ᠴᠠᠭ | ᠲᠤᠨᠢ ᠨᠡᠶᠢᠲᠡᠯᠡᠪᠡ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠤ ᠱᠠᠭᠠᠷᠳᠠᠯᠭ᠎ᠠ ᠪᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠡᠨᠡ ᠵᠢᠯ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ ᠣᠷᠴᠢᠨ ᠲᠣᠭᠤᠷᠢᠨ ᠤ ᠠᠭᠠᠷ ᠤᠨ ᠠᠦ᠋ᠲ᠋ᠣ᠋ | ᠬᠢᠨᠠᠨ ᠬᠡᠮᠵᠢᠵᠦ ᠪᠠᠶᠢᠴᠠᠭᠠᠬᠤ ᠲᠤᠰᠬᠠᠶ ᠵᠦᠢᠯ ᠤᠨ ᠠᠵᠢᠯᠯᠠᠭ᠎ᠠ ᠶᠢᠨ ᠲᠥᠰᠦᠯ︾ ᠢ ᠲᠣᠭᠲᠠᠭᠠᠨ ᠳᠣᠷᠣᠭᠰᠢ | ᠪᠠᠭᠤᠯᠭᠠᠵᠤ᠂ 4-6 ᠳ᠋ᠤᠭᠠᠷ ᠰᠠᠷ᠎ᠠ ᠳᠤ ᠪᠦᠬᠦ ᠣᠷᠣᠨ ᠤ ᠣᠷᠴᠢᠨ ᠲᠣᠭᠤᠷᠢᠨ ᠤ ᠠᠭᠠᠷ ᠤᠨ ᠠᠦ᠋ᠲ᠋ᠣ᠋ ᠬᠢᠨᠠᠨ | ᠬᠡᠮᠵᠢᠭᠰᠡᠨ ᠶᠠᠰᠤ ᠴᠢᠨᠠᠷ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 6 ᠪᠠᠶᠢᠴᠠᠭᠠᠬᠤ | ᠳᠤᠭᠤᠶᠢᠯᠠᠩ ᠠᠴᠠ ᠪᠦᠬᠦ ᠣᠷᠣᠨ ᠤ 12 ᠠᠶᠢᠮᠠᠭ ᠬᠤᠲᠠ ᠳᠤ ᠠᠭᠠᠷ ᠤᠨ ᠠᠦ᠋ᠲ᠋ᠣ᠋ ᠬᠢᠨᠠᠨ ᠬᠡᠮᠵᠢᠭᠰᠡᠨ ᠶᠠᠰᠤ | ᠴᠢᠨᠠᠷ ᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠦᠷᠨᠢᠭᠦᠯᠪᠡ᠃ ᠡᠯ᠎ᠡ ᠠᠶᠢᠮᠠᠭ | ᠬᠤᠲᠠ ᠶᠢᠨ ᠥᠪᠡᠷ ᠢ ᠪᠠᠨ ᠪᠠᠶᠢᠴᠠᠭᠠᠬᠤ ᠠᠵᠢᠯ ᠦᠷᠨᠢᠭᠦᠯᠦᠭᠰᠡᠨ ᠪᠠᠶᠢᠳᠠᠯ᠂ ᠬᠢᠨᠠᠨ ᠬᠡᠮᠵᠢᠬᠦ ᠴᠢᠭ᠋ ᠤᠨ | ᠪᠠᠶᠢᠷᠢ ᠶᠢᠨ ᠨᠢᠭᠡᠳᠦᠯᠲᠦ ᠴᠢᠨᠠᠷ᠂ ᠲᠤᠷᠰᠢᠴᠠ ᠠᠪᠬᠤ ᠰᠢᠰᠲ᠋ᠧᠮ ᠤᠨ ᠵᠢᠷᠤᠮᠵᠢᠯᠲᠤ ᠴᠢᠨᠠᠷ᠂ ᠬᠡᠮᠵᠢᠯᠲᠡ ᠶᠢᠨ | ᠣᠨᠣᠪᠴᠢᠲᠤ ᠴᠢᠨᠠᠷ᠂ ᠲᠤᠭ᠎ᠠ ᠪᠠᠷᠢᠮᠲᠠ ᠶᠢᠨ ᠨᠠᠶᠢᠳᠠᠪᠤᠷᠢᠲᠤ ᠴᠢᠨᠠᠷ ᠪᠠ ᠬᠠᠷᠢᠯᠴᠠᠨ ᠨᠡᠶᠢᠴᠡᠬᠦ ᠴᠢᠨᠠᠷ᠂ ᠬᠢᠨᠠᠨ | ᠬᠡᠮᠵᠢᠭᠰᠡᠨ ᠳᠠᠩᠰᠠ ᠡᠪᠬᠡᠮᠡᠯ ᠤᠨ ᠪᠦᠷᠢᠨ ᠪᠦᠲᠦᠨ ᠴᠢᠨᠠᠷ ᠵᠢᠴᠢ ᠠᠭᠠᠷ ᠤᠨ ᠠᠦ᠋ᠲ᠋ᠣ᠋ ᠥᠷᠲᠡᠭᠡ ᠶᠢ ᠰᠢᠯᠭᠠᠨ | ᠠᠪᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠭᠤᠣᠯᠳᠠᠯᠭ᠎ᠠ ᠲᠠᠢ ᠬᠢᠨᠠᠨ ᠪᠠᠶᠢᠴᠠᠭᠠᠪᠠ᠃ ᠡᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠨ ᠬᠡᠮᠵᠢᠬᠦ ᠭᠤᠣᠯ ᠥᠷᠲᠡᠭᠡ 5 ᠳ᠋ᠤᠭᠠᠷ ᠰᠠᠷ᠎ᠠ ᠶᠢᠨ | ᠡᠬᠢ ᠪᠠᠷ ᠪᠦᠬᠦ ᠣᠷᠣᠨ ᠳᠤ ᠬᠠᠨᠳᠣᠭᠤᠯᠤᠨ ᠣᠽᠣᠨ ᠤ ᠪᠠᠷᠢᠮᠵᠢᠶ᠎ᠠ ᠶᠢ ᠳᠠᠮᠵᠢᠭᠤᠯᠬᠤ ᠵᠢᠴᠢ PM 2.5 ᠶᠢᠨ | ᠭᠠᠷ ᠢᠶᠠᠷ ᠬᠠᠷᠢᠴᠠᠭᠤᠯᠤᠨ ᠬᠢᠨᠠᠨ ᠪᠠᠶᠢᠴᠠᠭᠠᠬᠤ ᠶᠢ ᠵᠠᠯᠭ᠎ᠠ ᠵᠠᠯᠭᠠᠪᠡᠷ ᠦᠷᠨᠢᠭᠦᠯᠪᠡ᠃ ᠣᠳᠣᠬᠠᠨ ᠳᠤ᠂ ᠪᠣᠢ | ᠪᠦᠬᠦᠢ ᠠᠶᠢᠮᠠᠭ ᠬᠤᠲᠠ ᠣᠽᠣᠨ ᠤ ᠬᠡᠮᠵᠢᠶ᠎ᠡ ᠶᠢᠨ ᠡᠬᠢ ᠰᠤᠷᠪᠤᠯᠵᠢ ᠶᠢ ᠡᠷᠢᠬᠦ ᠠᠵᠢᠯ ᠢ ᠴᠦᠮ ᠪᠡᠶᠡᠯᠡᠭᠦᠯᠵᠦ᠂ | PM 2.5 ᠶᠢᠨ ᠭᠠᠷ ᠢᠶᠠᠷ ᠬᠠᠷᠢᠴᠠᠭᠤᠯᠤᠨ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠦᠭᠰᠡᠨ ᠨᠢᠭᠡᠳᠦᠭᠡᠷ | ᠪᠦᠯᠦᠭ ᠲᠤ 2 ᠠᠶᠢᠮᠠᠭ ᠬᠤᠲᠠ ᠪᠠᠶᠢᠵᠤ᠂ ᠡᠨᠡ ᠵᠢᠯ ᠨᠡᠶᠢᠲᠡ ᠭᠤᠷᠪᠠᠨ ᠪᠦᠯᠦᠭ ᠬᠤᠪᠢᠶᠠᠨ ᠵᠢᠯ ᠤᠨ | ᠡᠴᠦᠰ ᠠᠴᠠ ᠡᠮᠦᠨ᠎ᠡ 7 ᠠᠶᠢᠮᠠᠭ ᠬᠤᠲᠠ ᠶᠢᠨ PM 2.5 ᠶᠢ ᠭᠠᠷ ᠢᠶᠠᠷ ᠬᠠᠷᠢᠴᠠᠭᠤᠯᠤᠨ ᠬᠢᠨᠠᠨ ᠪᠠᠶᠢᠴᠠᠭᠠᠬᠤ ᠶᠢ | ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | |