ᠡᠮᠦᠨᠡᠭᠡᠨ᠂ ᠮᠠᠨ ᠤ ᠤᠷᠤᠨ ︽︿ᠢᠨᠲ᠋ᠧᠷ ᠰᠦᠯᠵᠢᠶ᠎ᠡ +﹀ ᠶᠢ ᠲᠦᠷᠭᠡᠳᠭᠡᠨ ᠠᠬᠢᠭᠤᠯᠬᠤ ᠲᠤᠬᠠᠢ | ᠠᠵᠢᠯ ᠤᠨ ᠵᠢᠯᠤᠭᠤᠳᠬᠤ ᠰᠠᠨᠠᠯ︾ ᠢ ᠲᠤᠭᠳᠠᠭᠠᠭᠰᠠᠨ ᠨᠢ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠶᠢᠨ | ᠠᠵᠢᠯ ᠢ ᠲᠦᠷᠭᠡᠳᠭᠡᠨ ᠠᠬᠢᠭᠤᠯᠵᠦ᠂ ᠢᠨᠲ᠋ᠧᠷ ᠰᠦᠯᠵᠢᠶ᠎ᠡ ᠶᠢᠨ ᠠᠵᠦ ᠠᠬᠤᠢ ᠶᠢ ᠶᠡᠬᠡᠪᠡᠷ ᠬᠦᠭᠵᠢᠬᠦᠯᠵᠠᠢ᠂ | ᠡᠭᠦᠨ ᠤ ᠵᠡᠷᠭᠡᠪᠡᠷ᠂ ᠢᠨᠲ᠋ᠧᠷ ᠰᠦᠯᠵᠢᠶ᠎ᠡ ᠶᠢᠨ ᠨᠡᠮᠡᠭᠳᠡᠯ ᠢ ᠲᠤᠭᠳᠠᠪᠤᠷᠢᠵᠢᠭᠤᠯᠵᠦ᠂ ᠪᠦᠲᠦᠴᠡ ᠶᠢ ᠳᠤᠬᠢᠷᠠᠭᠤᠯᠤᠨ | ᠂ ᠬᠡᠯᠪᠡᠷᠢ ᠶᠢ ᠬᠤᠪᠢᠷᠠᠭᠤᠯᠬᠤ ᠪᠤᠯᠤᠨ ᠠᠷᠠᠳ ᠲᠤ ᠠᠰᠢᠭ ᠬᠦᠷᠳᠡᠭᠡᠬᠦ ᠵᠡᠷᠭᠡ ᠶᠠᠪᠤᠴᠠ ᠳᠤ ᠦᠵᠡᠬᠦᠯᠬᠦ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠰᠠᠭᠤᠷᠢ ᠪᠤᠯᠤᠨ ᠬᠤᠰᠢᠭᠤᠴᠢ ᠴᠢᠨᠠᠷᠳᠠᠢ ᠦᠢᠯᠡᠳᠦᠯ ᠢ ᠪᠦᠷᠢᠮᠦᠰᠦᠨ | ᠪᠠᠳᠠᠷᠠᠭᠤᠯᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠲᠠᠢ ᠢᠳᠡᠪᠬᠢᠲᠡᠢ ᠵᠤᠬᠢᠴᠠᠵᠦ᠂ ᠠᠵᠦ | ᠠᠬᠤᠢ ᠶᠢᠨ ᠬᠦᠭᠵᠢᠯᠳᠡ ᠶᠢᠨ ᠰᠢᠨ᠎ᠡ ᠨᠢᠭᠡᠨ ᠳᠡᠭᠳᠡᠷ ᠲᠤ ᠳᠡᠪᠰᠢᠬᠦ ᠶᠢ ᠠᠬᠢᠭᠤᠯᠵᠠᠢ᠃ | ᠪᠤᠳᠠᠳᠦ ᠴᠤᠭᠴᠠ ᠶᠢᠨ ᠠᠵᠦ ᠠᠬᠤᠢ ᠪᠤᠯᠤᠨ ᠢᠨᠲ᠋ᠧᠷ ᠰᠦᠯᠵᠢᠶ᠎ᠡ ᠶᠢ ᠪᠦᠬᠦ ᠲᠠᠯ᠎ᠠ ᠪᠠᠷ | ᠤᠶᠠᠯᠳᠤᠭᠤᠯᠤᠨ᠎ᠠ | ᠤᠳᠤᠬᠠᠨ ᠳᠤ᠂ ᠢᠨᠲ᠋ᠧᠷ ᠰᠦᠯᠵᠢᠶ᠎ᠡ ᠪᠤᠯᠤᠨ ᠡᠭᠦᠯᠡᠨ ᠪᠤᠳᠤᠯᠳᠠ᠂ ᠪᠤᠳᠠᠰ ᠤᠨ ᠰᠦᠯᠵᠢᠶ᠎ᠡ ᠵᠡᠷᠭᠡ ᠰᠢᠨ᠎ᠡ | ᠨᠢᠭᠡ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠬᠡᠷᠡᠭᠯᠡᠭᠡ ᠶᠢ | ᠲᠦᠷᠭᠡᠳᠭᠡᠭᠰᠡᠨ ᠨᠢ ᠠᠵᠦ ᠠᠬᠤᠢᠢᠯᠠᠯ ᠤᠨ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠯᠪᠡᠷᠢ | ᠵᠡᠷᠭᠡ ᠶᠢ ᠬᠦᠨᠵᠡᠭᠡᠢ ᠬᠤᠪᠢᠷᠠᠭᠤᠯᠵᠦ᠂ ᠬᠦᠴᠦᠨ ᠢᠶᠠᠨ ᠰᠢᠪᠬᠠᠨ ᠤᠯᠠᠮᠵᠢᠯᠠᠯᠠᠳᠦ ᠠᠵᠦ ᠦᠢᠯᠡᠰ ᠶᠢ ᠰᠢᠨ᠎ᠡ ᠪᠠᠷ | ᠱᠤᠭᠤᠵᠦ᠂ ᠰᠢᠨ᠎ᠡ ᠪᠠᠷ ᠪᠤᠢ ᠪᠤᠯᠤᠭᠰᠠᠨ ᠠᠵᠦ ᠦᠢᠯᠡᠰ ᠤᠨ ᠮᠠᠨᠳᠤᠬᠤ ᠶᠢ ᠠᠬᠢᠭᠤᠯᠵᠠᠢ᠃ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ ᠠᠩᠬ᠎ᠠ ᠤᠳᠠᠭ᠎ᠠ ︽ | ᠢᠨᠲ᠋ᠧᠷ ᠰᠦᠯᠵᠢᠶ᠎ᠡ +︾ ᠶᠢᠨ ᠠᠵᠢᠯᠯᠠᠭ᠎ᠠ ᠶᠢᠨ ᠲᠦᠯᠦᠪᠯᠡᠭᠡ ᠶᠢ ᠳᠤᠷᠠᠳᠤᠨ ᠭᠠᠷᠭᠠᠵᠠᠢ᠂ ᠠᠩᠬᠠᠳᠤᠭᠠᠷ ᠤᠳᠠᠭ᠎ᠠ | ᠢᠨᠲ᠋ᠧᠷ ᠰᠦᠯᠵᠢᠶ᠎ᠡ ᠶᠢᠨ ᠬᠦᠭᠵᠢᠯᠳᠡ ᠶᠢ ᠠᠬᠢᠭᠤᠯᠬᠤ ᠶᠢ ᠤᠯᠤᠰ ᠤᠨ ᠠᠵᠦ ᠠᠬᠤᠢ ᠶᠢᠨ ᠦᠵᠦ | ᠲᠦᠯᠦᠪᠯᠡᠭᠡ ᠳᠤ ᠬᠠᠮᠤᠷᠤᠨ ᠤᠷᠤᠭᠤᠯᠵᠠᠢ᠃ ︽ᠢᠨᠲ᠋ᠧᠷ ᠰᠦᠯᠵᠢᠶ᠎ᠡ +︾ ᠭᠡᠬᠦ ᠤᠬᠠᠭᠳᠠᠬᠤᠨ ᠡᠶᠢᠨᠬᠦ ᠬᠠᠯᠠᠮᠰᠢᠯ | ᠪᠤᠯᠤᠯ᠎ᠠ᠃ | ᠶᠠᠭᠤ ᠶᠢ ︽ᠢᠨᠲ᠋ᠧᠷ ᠰᠦᠯᠵᠢᠶ᠎ᠡ +︾ ᠭᠡᠳᠡᠭ ᠪᠤᠢ︖ ᠦᠪᠦᠷ ᠮᠤᠩᠭᠤᠯ ᠤᠨ ᠬᠦᠭᠵᠢᠯᠳᠡ ᠶᠢᠨ | ᠰᠤᠳᠤᠯᠭᠠᠨ ᠤ ᠲᠦᠪ ᠤᠨ ᠳᠡᠭᠡᠳᠦ ᠳᠡᠰ ᠤᠨ ᠠᠵᠦ ᠠᠬᠤᠢᠢᠴᠢ ᠵᠠᠩ ᠶᠦᠩ ᠵᠢᠶᠦ᠋ᠨ᠄ ︽︿ᠢᠨᠲ᠋ᠧᠷ ᠰᠦᠯᠵᠢᠶ᠎ᠡ | +﹀ ᠪᠤᠯ ᠢᠨᠲ᠋ᠧᠷ ᠰᠦᠯᠵᠢᠶ᠎ᠡ ᠶᠢ ᠠᠰᠢᠬᠯᠠᠭᠰᠠᠨ ᠳᠡᠪᠴᠡᠩ ᠮᠦᠨ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ | ᠮᠡᠷᠭᠡᠵᠢᠯ ᠢ ᠠᠰᠢᠬᠯᠠᠵᠦ᠂ ᠢᠨᠲ᠋ᠧᠷ ᠰᠦᠯᠵᠢᠶ᠎ᠡ ᠪᠤᠯᠤᠨ ᠤᠯᠠᠮᠵᠢᠯᠠᠯᠳᠦ ᠠᠵᠢᠯ ᠲᠦᠷᠦᠯ ᠢ ᠪᠠᠭᠳᠠᠭᠠᠭᠰᠠᠨ ᠡᠯ᠎ᠡ | ᠠᠵᠢᠯ ᠲᠦᠷᠦᠯ ᠤᠨ ᠬᠢᠨ ᠢ ᠤᠶᠠᠯᠳᠤᠭᠤᠯᠵᠦ᠂ ᠰᠢᠨ᠎ᠡ ᠬᠦᠷᠷᠢᠶᠡᠨ ᠳᠤ ᠨᠢᠭᠡᠨ ᠵᠦᠢᠯ ᠤᠨ ᠰᠢᠨ᠎ᠡ ᠪᠠᠶᠢᠳᠠᠯ ᠢ ᠪᠤᠢ | ᠪᠤᠯᠭᠠᠨ᠎ᠠ︾ ᠭᠡᠪᠡ᠃ | ︽ᠢᠨᠲ᠋ᠧᠷ ᠰᠦᠯᠵᠢᠶ᠎ᠡ +︾ ᠶᠢᠨ ᠶᠡᠭᠡ ᠤᠷᠤᠰᠬᠠᠯ ᠳᠤᠤᠷ᠎ᠠ᠂ ᠰᠧᠴᠤᠸᠠᠨ᠂ ᠹᠦᠵᠢᠶᠠᠨ ᠵᠡᠷᠭᠡ | ᠭᠠᠵᠠᠷ ᠤᠳ ᠨᠢᠭᠡᠨᠳᠡ ᠬᠠᠮᠢᠶ᠎ᠠ ᠪᠦᠬᠦᠢ ᠰᠠᠨᠠᠯ ᠲᠤᠭᠳᠠᠭᠠᠵᠦ᠂ ᠨᠡᠩ ᠤᠯᠠᠨ ᠮᠤᠵᠢ ᠬᠤᠳᠠ ᠶᠠᠭ ᠴᠠᠭ ᠢ ᠠᠮᠵᠢᠨ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠤᠭᠳᠠᠭᠠᠵᠦ ᠪᠤᠢ᠃ | ᠦᠪᠦᠷ ᠮᠤᠩᠭᠤᠯ ᠳᠤ ᠠᠪᠴᠦ ᠬᠡᠯᠡᠪᠡᠯ᠂ ︽ᠢᠨᠲ᠋ᠧᠷ ᠰᠦᠯᠵᠢᠶ᠎ᠡ +︾ ᠶᠢ ᠠᠬᠢᠭᠤᠯᠬᠤ ᠶᠢᠨ ᠴᠢᠬᠤᠯᠠ | ᠴᠢᠨᠠᠷ ᠨᠢ ᠶᠠᠭᠤ ᠪᠢᠯᠡ ︖ | ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠦ ᠠᠬᠤᠢ ᠰᠤᠳᠤᠯᠬᠤ | ᠭᠠᠵᠠᠷ ᠤᠨ ᠰᠤᠳᠤᠯᠤᠭᠴᠢ ᠢᠤᠢ ᠭᠤᠸᠠᠩ ᠵᠢᠶᠦ᠋ᠨ ᠤ ᠦᠵᠡᠬᠦ ᠪᠠᠷ᠂ ᠡᠨᠡ ᠪᠤᠯ ᠮᠠᠨ ᠤ ᠤᠷᠤᠨ ᠠᠵᠦ ᠠᠬᠤᠢ ᠶᠢᠨ | ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠢ ᠵᠤᠬᠢᠴᠠᠬᠤ ᠭᠡᠷᠡᠭᠴᠡᠭᠡ ᠪᠤᠯᠬᠤ ᠶᠤᠮ᠃ ︽ᠮᠠᠨ ᠤ | ᠤᠷᠤᠨ ᠶᠠᠭ ᠠᠵᠦ ᠠᠬᠤᠢ ᠶᠢᠨ ᠪᠦᠲᠦᠴᠡ ᠪᠠᠨ ᠵᠤᠬᠢᠴᠠᠭᠤᠯᠵᠦ᠂ ᠬᠡᠯᠪᠡᠷᠢ ᠶᠢ ᠬᠤᠪᠢᠷᠠᠭᠤᠯᠵᠦ ᠳᠡᠰ ᠳᠡᠪᠰᠢᠬᠦᠯᠬᠦ | ᠵᠠᠩᠬᠢᠯᠠᠭ᠎ᠠ ᠶᠢᠨ ᠦᠶ᠎ᠡ ᠳᠤ ᠪᠤᠢ᠂ ︿ᠰᠠᠨᠠᠯ﹀ ᠢ ᠲᠤᠭᠳᠠᠭᠠᠭᠰᠠᠨ ᠨᠢ᠂ ᠮᠠᠨ ᠤ ᠤᠷᠤᠨ ᠤ ᠢᠨᠲ᠋ᠧᠷ ᠰᠦᠯᠵᠢᠶ᠎ᠡ ᠶᠢᠨ | ᠠᠵᠦ ᠠᠬᠤᠢ ᠶᠢᠨ ᠬᠦᠭᠵᠢᠯᠳᠡ ᠢ ᠠᠬᠢᠭᠤᠯᠬᠤ ᠳᠤ ᠠᠰᠢᠬᠳᠠᠢ ᠪᠠᠶᠢᠵᠦ᠂ ᠡᠭᠦᠨ ᠤ ᠤᠯᠠᠮ ᠢᠶᠠᠷ ᠮᠠᠨ ᠤ ᠤᠷᠤᠨ ᠤ | ᠠᠵᠦ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠰᠢᠨ᠎ᠡ ᠨᠢᠭᠡᠨ ᠳᠡᠭᠳᠡᠷ ᠲᠤ ᠳᠡᠪᠰᠢᠬᠦ ᠶᠢ ᠠᠬᠢᠭᠤᠯᠤᠨ᠎ᠠ︾ | ᠭᠡᠵᠦ ᠬᠡᠯᠡᠪᠡ᠃ | ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠮᠡᠳᠡᠭᠡ ᠵᠠᠩᠬᠢᠵᠢᠯᠠᠭᠰᠠᠨ ᠠᠵᠢᠯ ᠤᠨ ᠵᠦᠪᠯᠡᠯ ᠤᠨ ᠳᠡᠳ᠋ | ᠡᠷᠬᠢᠯᠡᠭᠴᠢ ᠵᠠᠩ ᠪᠠᠢ ᠴᠧᠩ᠄ ︽︿ᠰᠠᠨᠠᠯ﹀ ᠨᠢ ᠢᠨᠲ᠋ᠧᠷ ᠰᠦᠯᠵᠢᠶ᠎ᠡ ᠶᠢᠨ ᠠᠵᠦ ᠠᠬᠤᠢ ᠶᠢᠨ ᠪᠦᠬᠦ ᠬᠦᠷᠢᠶ᠎ᠡ᠂ | ᠪᠦᠬᠦ ᠶᠠᠪᠤᠴᠠ ᠶᠢ ᠶᠡᠷᠦᠩᠬᠡᠢ ᠳᠤᠨᠢ ᠵᠢᠯᠤᠭᠤᠳᠤᠨ ᠠᠬᠢᠭᠤᠯᠵᠦ᠂ ᠢᠨᠲ᠋ᠧᠷ ᠰᠦᠯᠵᠢᠶ᠎ᠡ ᠶᠢᠨ ᠮᠡᠷᠭᠡᠵᠢᠯ ᠳᠤ ᠬᠡᠷᠬᠢᠨ | ᠰᠠᠭᠤᠷᠢᠯᠠᠵᠦ᠂ ᠬᠡᠷᠡᠭᠯᠡᠭᠡ ᠶᠢ ᠳᠦᠷᠭᠡᠳᠬᠡᠨ ᠬᠦᠨᠵᠡᠭᠡᠶᠢᠷᠡᠬᠦᠯᠬᠦ ᠪᠤᠯᠤᠨ ︿ᠢᠨᠲ᠋ᠧᠷ ᠰᠦᠯᠵᠢᠶ᠎ᠡ +﹀ ᠶᠢᠨ | ᠠᠵᠢᠯᠯᠠᠭ᠎ᠠ ᠶᠢ ᠲᠦᠷᠭᠡᠳᠭᠡᠬᠦ ᠠᠰᠠᠭᠤᠳᠠᠯ ᠢ ᠰᠢᠢᠳᠪᠦᠷᠢᠯᠡᠨ᠎ᠡ᠂ ᠪᠤᠳᠠᠳᠦ ᠴᠤᠭᠴᠠ ᠶᠢᠨ ᠠᠵᠦ ᠠᠬᠤᠢ ᠪᠤᠯᠤᠨ | ᠢᠨᠲ᠋ᠧᠷ ᠰᠦᠯᠵᠢᠶ᠎ᠡ ᠶᠢᠨ ᠠᠵᠦ ᠠᠬᠤᠢ ᠶᠢ ᠪᠦᠬᠦ ᠲᠠᠯ᠎ᠠ ᠪᠠᠷ ᠤᠶᠠᠯᠳᠤᠭᠤᠯᠬᠤ ᠶᠢ ᠪᠡᠶᠡᠯᠡᠬᠦᠯᠦᠨ᠎ᠡ︾ ᠭᠡᠵᠦ | ᠬᠡᠯᠡᠪᠡ᠃ | ᠬᠠᠷᠠᠯᠳᠠ ᠪᠠᠨ ᠲᠤᠭᠳᠠᠭᠠᠵᠦ ᠭᠤᠤᠯᠳᠠᠯᠭ᠎ᠠ ᠪᠠᠨ ᠰᠢᠪᠳᠤᠯᠤᠨ᠎ᠠ | ᠮᠠᠨ ᠤ ᠤᠷᠤᠨ ᠤ ︽ᠢᠨᠲ᠋ᠧᠷ ᠰᠦᠯᠵᠢᠶ᠎ᠡ +︾ ᠶᠢᠨ ᠬᠦᠭᠵᠢᠯᠳᠡ ᠶᠢᠨ ᠴᠢᠭᠯᠡᠯ ᠪᠤᠯᠤᠨ ᠬᠠᠷᠠᠯᠳᠠ ᠨᠢ | ᠶᠠᠭᠤ ᠪᠤᠢ︖ ︽ ᠰᠠᠨᠠᠯ︾ ᠠᠴᠠ ᠬᠠᠷᠢᠭᠤᠯᠳᠠ ᠦᠭᠭᠦᠯ᠎ᠡ᠄ ᠢᠷᠡᠭᠡᠳᠦᠢ ᠶᠢᠨ 5 ᠵᠢᠯ ᠳᠤ᠂ ᠪᠦᠬᠦ ᠤᠷᠤᠨ ︽ | ᠢᠨᠲ᠋ᠧᠷ ᠰᠦᠯᠵᠢᠶ᠎ᠡ +︾ ᠶᠢ ᠲᠦᠷᠭᠡᠳᠭᠡᠨ ᠠᠬᠢᠭᠤᠯᠵᠦ᠂ ᠡᠬᠦᠯᠡᠨ ᠪᠤᠳᠤᠯᠳᠠ ᠵᠡᠷᠭᠡ ᠪᠠᠷ ᠲᠦᠯᠦᠭᠡᠯᠡᠬᠦᠯᠦᠭᠰᠡᠨ | ᠰᠢᠨ᠎ᠡ ᠨᠢᠭᠡ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠢ ᠠᠵᠦ ᠠᠬᠤᠢ ᠨᠡᠶᠢᠭᠡᠮ ᠤᠨ ᠡᠯ᠎ᠡ ᠠᠵᠢᠯ ᠳᠦᠷᠦᠯ ᠡᠯ᠎ᠡ | ᠬᠦᠷᠢᠶ᠎ᠡ ᠴᠠᠷᠠᠭ᠎ᠠ ᠳᠤ ᠦᠷᠭᠡᠨ ᠢᠶᠠᠷ ᠭᠡᠷᠡᠭᠯᠡᠭᠡᠨ ᠳᠤ ᠤᠷᠤᠭᠤᠯᠵᠦ᠂ ᠢᠨᠲ᠋ᠧᠷ ᠰᠦᠯᠵᠢᠶ᠎ᠡ ᠶᠢᠨ ᠠᠵᠦ ᠦᠢᠯᠡᠰ ᠤᠨ | ᠬᠡᠯᠪᠡᠷᠢ ᠶᠢ ᠬᠤᠪᠢᠷᠠᠭᠤᠯᠵᠦ ᠳᠡᠰ ᠳᠡᠪᠰᠢᠬᠦᠯᠬᠦ ᠳᠤ ᠦᠵᠡᠬᠦᠯᠬᠦ ᠦᠢᠯᠡᠳᠦᠯ ᠳᠤᠪᠤᠶᠢᠮ᠎ᠠ ᠪᠤᠯᠵᠦ᠂ ᠢᠨᠲ᠋ᠧᠷ | ᠰᠦᠯᠵᠢᠶ᠎ᠡ ᠶᠢᠨ ᠠᠵᠦ ᠠᠬᠤᠢ ᠶᠢᠨ ᠬᠦᠭᠵᠢᠯᠳᠡ ᠶᠢᠨ ᠳᠦᠪᠰᠢᠨ ᠪᠦᠬᠦ ᠲᠠᠯ᠎ᠠ ᠪᠠᠷ ᠳᠡᠭᠡᠭᠰᠢᠯᠡᠨ᠎ᠡ᠃ | ︽ᠰᠠᠨᠠᠯ︾ ᠠᠴᠠ ᠬᠡᠳᠦᠨ ᠴᠢᠬᠤᠯᠠ ᠬᠡᠮᠵᠢᠶᠡᠯᠡᠭᠰᠡᠨ ᠬᠦᠢᠴᠡᠳᠬᠡᠯ ᠲᠤᠭ᠎ᠠ ᠶᠢ ᠳᠤᠷᠠᠳᠴᠠᠢ᠄ 2020 ᠤᠨ | ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠱᠠᠳᠤᠨ ᠤ 5 ᠢᠨᠲ᠋ᠧᠷ ᠰᠦᠯᠵᠢᠶ᠎ᠡ ᠶᠢᠨ ᠠᠵᠦ ᠠᠬᠤᠢ ᠶᠢᠨ | ᠲᠦᠪᠯᠡᠷᠡᠩᠬᠦᠢ ᠤᠷᠤᠨ᠂ 10 ᠡᠯᠧᠺᠲᠷᠦᠨ ᠬᠤᠳᠠᠯᠳᠤᠭᠠᠨ ᠤ ᠲᠦᠪᠯᠡᠷᠡᠭᠰᠡᠨ ᠤᠷᠤᠨ᠂ 10 ᠡᠩ ᠤᠨ | ᠲᠠᠸᠠᠷ ᠤᠨ ᠡᠯᠧᠺᠲᠷᠦᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠦ᠂ ᠡᠯᠧᠺᠲᠷᠦᠨ ᠠᠷᠠᠯᠵᠢᠶ᠎ᠠ ᠶᠢᠨ | ᠬᠡᠮᠵᠢᠶ᠎ᠡ ᠶᠢ 5800 ᠳ᠋ᠦᠩᠰᠢᠭᠤᠷ ᠲᠦᠭᠦᠷᠢᠭ ᠠᠴᠠ ᠳᠡᠭᠡᠭᠰᠢ ᠪᠤᠯᠭᠠᠵᠦ᠂ ᠢᠨᠲ᠋ᠧᠷ ᠰᠦᠯᠵᠢᠶ᠎ᠡ ᠶᠢᠨ | ᠦᠢᠯᠡᠴᠢᠯᠡᠭᠡᠨ ᠤ ᠤᠷᠤᠯᠭ᠎ᠠ ᠶᠢ 500 ᠳ᠋ᠦᠩᠰᠢᠭᠤᠷ ᠲᠦᠭᠦᠷᠢᠭ ᠲᠤ ᠬᠦᠷᠭᠡᠨ᠎ᠡ᠃ | ︽ᠰᠠᠨᠠᠯ︾ ᠳᠤ ᠪᠢᠳᠡᠨ ︽8+1︾ ᠠᠵᠢᠯ ᠤᠨ ᠭᠤᠤᠯᠳᠠᠯᠭ᠎ᠠ ᠳᠤᠷᠠᠳᠴᠠᠢ᠃ | ︽8︾ ᠨᠢ ᠠᠵᠦ ᠦᠢᠯᠡᠳᠪᠦᠷᠢ᠂ ᠲᠠᠷᠢᠶᠠᠯᠠᠩ ᠮᠠᠯ ᠠᠵᠦ ᠠᠬᠤᠢ᠂ ᠮᠦᠩᠬᠦᠨ ᠬᠦᠢᠯᠭᠡᠭᠡ ᠵᠡᠷᠭᠡ ᠨᠠᠢᠮᠠᠨ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠵᠢᠭᠠᠵᠦ᠂ ᠭᠤᠤᠯ ᠨᠢ ᠠᠵᠦ ᠦᠢᠯᠡᠳᠪᠦᠷᠢ ᠶᠢᠨ ᠢᠨᠲ᠋ᠧᠷ ᠰᠦᠯᠵᠢᠶ᠎ᠡ᠂ | ᠡᠯᠧᠺᠲᠷᠦᠨ ᠬᠤᠳᠠᠯᠳᠤᠭ᠎ᠠ᠂ ᠢᠨᠲ᠋ᠧᠷ ᠰᠦᠯᠵᠢᠶ᠎ᠡ ᠶᠢᠨ ᠮᠦᠩᠬᠦᠨ ᠬᠦᠢᠯᠭᠡᠭᠡ ᠶᠢ ᠬᠦᠭᠵᠢᠬᠦᠯᠬᠦ ᠵᠡᠷᠭᠡ ᠲᠠᠯ᠎ᠠ ᠶᠢ | ᠳᠤᠪᠤᠶᠢᠯᠭᠠᠨ᠎ᠠ᠃ ︽ 1︾ ᠨᠢ ᠢᠨᠲ᠋ᠧᠷ ᠰᠦᠯᠵᠢᠶ᠎ᠡ ᠪᠤᠯᠤᠨ ᠡᠭᠦᠯᠡᠨ ᠪᠤᠳᠤᠯᠳᠠ᠂ ᠰᠢᠯᠵᠢᠮᠡᠯ ᠴᠢᠮᠡᠭᠡ ᠨᠡᠪᠳᠡᠷᠡᠯᠭᠡ | ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠦᠢᠯᠡᠰ ᠤᠨ ᠤᠶᠠᠯᠳᠤᠭᠰᠠᠨ ᠬᠦᠭᠵᠢᠯᠳᠡ ᠶᠢ | ᠢᠳᠡᠪᠬᠢᠳᠠᠢ ᠠᠬᠢᠭᠤᠯᠵᠦ᠂ ᠢᠨᠲ᠋ᠧᠷ ᠰᠦᠯᠵᠢᠶ᠎ᠡ ᠶᠢᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ | ᠪᠤᠵᠠᠭᠠᠢᠢᠷᠠᠭᠤᠯᠬᠤ ᠶᠢ ᠵᠢᠭᠠᠵᠦ ᠪᠤᠢ᠃ | ︽︿ᠰᠠᠨᠠᠯ﹀ ᠨᠢ ︿ᠢᠨᠲ᠋ᠧᠷ ᠰᠦᠯᠵᠢᠶ᠎ᠡ +﹀ ︿8+1﹀ ᠠᠵᠢᠯ ᠤᠨ ᠭᠤᠤᠯᠳᠠᠯᠭ᠎ᠠ ᠳᠤ ᠠᠬᠢᠭᠤᠯᠬᠤ | ᠠᠭᠤᠯᠭ᠎ᠠ᠂ ᠠᠬᠢᠭᠤᠯᠬᠤ ᠠᠷᠭ᠎ᠠ ᠬᠡᠮᠵᠢᠶ᠎ᠡ ᠵᠡᠷᠭᠡ ᠳᠤ ᠨᠠᠷᠢᠯᠢᠭ ᠲᠦᠯᠦᠪᠯᠡᠭᠡ ᠲᠤᠭᠳᠠᠭᠠᠬᠤ ᠶᠢᠨ ᠵᠡᠷᠭᠡᠪᠡᠷ | ᠦᠪᠡᠷᠳᠡᠭᠡᠨ ᠵᠠᠰᠠᠬᠤ ᠤᠷᠤᠨ ᠤ ᠬᠠᠷᠢᠭᠤᠴᠠᠯᠭ᠎ᠠ ᠶᠢᠨ ᠨᠢᠭᠡᠴᠡ ᠶᠢ ᠳᠤᠳᠤᠷᠬᠠᠢ ᠲᠤᠭᠳᠠᠭᠠᠵᠠᠢ︾ ᠭᠡᠵᠦ ᠢᠤᠢ | ᠭᠤᠸᠠᠩ ᠵᠢᠶᠦ᠋ᠨ ᠶᠠᠷᠢᠨ᠎ᠠ᠃ ︽ᠢᠨᠲ᠋ᠧᠷ ᠰᠦᠯᠵᠢᠶ᠎ᠡ +︾ ᠠᠵᠦ ᠦᠢᠯᠡᠳᠪᠦᠷᠢ ᠶᠢᠨ ᠬᠦᠭᠵᠢᠯᠳᠡ ᠶᠢᠨ | ᠲᠠᠯ᠎ᠠ ᠪᠠᠷ᠂ ︽ᠰᠠᠨᠠᠯ︾ ᠳᠤ᠂ 2020 ᠤᠨ ᠪᠤᠯᠳᠠᠯ᠎ᠠ᠂ 50 ᠤᠶᠤᠨᠴᠢᠯᠠᠭᠰᠠᠨ ᠠᠵᠦ ᠦᠢᠯᠡᠳᠪᠦᠷᠢ | ᠪᠠᠶᠢᠭᠤᠯᠵᠦ᠂ 10 ᠤᠶᠤᠨᠴᠢᠯᠠᠭᠰᠠᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠪᠠᠶᠢᠭᠤᠯᠤᠨ᠎ᠠ ᠭᠡᠵᠦ | ᠵᠢᠭᠠᠵᠦ ᠭᠠᠷᠭᠠᠵᠠᠢ᠃ | ︽︿ᠢᠨᠲ᠋ᠧᠷ ᠰᠦᠯᠵᠢᠶ᠎ᠡ +﹀ ᠶᠢᠨ ᠵᠠᠰᠠᠭ ᠤᠨ ᠶᠠᠪᠤᠳᠠᠯ ᠤᠨ ᠲᠠᠯ᠎ᠠ ᠪᠠᠷ᠂ ︿ᠰᠠᠨᠠᠯ﹀ ᠳᠤ᠂ ᠡᠬᠦᠯᠡᠨ | ᠪᠤᠳᠤᠯᠳᠠ ᠪᠤᠯᠤᠨ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨᠡᠯᠧᠺᠲᠷᠣᠨ ᠵᠠᠰᠠᠭ ᠤᠨ ᠶᠠᠪᠤᠳᠠᠯ ᠤᠨ ᠤᠯᠠᠨ | ᠨᠡᠶᠢᠳᠡ ᠶᠢᠨ ᠳᠡᠪᠴᠡᠩ ᠢ ᠪᠠᠶᠢᠭᠤᠯᠬᠤ ᠪᠤᠯᠤᠨ ᠬᠡᠷᠡᠭᠯᠡᠭᠡᠨ ᠳᠤ ᠤᠷᠤᠭᠤᠯᠬᠤ ᠶᠢ ᠢᠳᠡᠪᠬᠢᠳᠠᠢ ᠦᠷᠨᠢᠬᠦᠯᠵᠦ᠂ | ᠵᠠᠰᠠᠭ ᠤᠨ ᠤᠷᠳᠤᠨ ᠠᠴᠠ ᠡᠭᠦᠯᠡᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠶᠢ ᠳᠡᠯᠭᠡᠷᠡᠬᠦᠯᠦᠨ᠎ᠡ᠃ ᠵᠠᠰᠠᠭ | ᠵᠠᠬᠢᠷᠭᠠᠨ ᠤ ᠬᠢᠨᠡᠨ ᠵᠦᠪᠰᠢᠶᠡᠷᠡᠯ᠂ ᠠᠷᠠᠳ ᠲᠤ ᠳᠦᠬᠦᠮ ᠦᠵᠡᠬᠦᠯᠬᠦ ᠦᠢᠯᠡᠴᠢᠯᠡᠭᠡ ᠵᠡᠷᠭᠡ ᠴᠢᠳᠠᠪᠬᠢ ᠶᠢ ᠨᠢᠭᠡ | ᠴᠤᠭᠴᠠᠵᠢᠭᠤᠯᠤᠭᠰᠠᠨ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠳᠤ | ᠬᠤᠯᠪᠤᠭᠠᠯᠠᠨ ᠬᠦᠳᠡᠯᠦᠯᠴᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠢ ᠳᠦᠷᠭᠡᠳᠬᠡᠨ | ᠪᠠᠶᠢᠭᠤᠯᠵᠦ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠪᠤᠳᠠᠳᠦ ᠴᠤᠭᠴᠠ ᠶᠢᠨ ᠶᠡᠭᠡ ᠲᠢᠩᠬᠢᠮ ᠲᠠᠢ ᠤᠶᠠᠯᠳᠤᠬᠤ ᠶᠢ | ᠪᠡᠶᠡᠯᠡᠬᠦᠯᠦᠨ᠎ᠡ︾ ᠭᠡᠵᠦ ᠵᠠᠩ ᠪᠠᠢ ᠴᠧᠩ ᠲᠠᠨᠢᠯᠴᠠᠭᠤᠯᠤᠨ᠎ᠠ᠃ | ᠠᠷᠭ᠎ᠠ ᠬᠡᠮᠵᠢᠶ᠎ᠡ ᠠᠪᠴᠤ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ | ︽ᠶᠠᠮᠠᠷ ᠪᠤᠳᠠᠳᠠᠢ ᠠᠷᠭ᠎ᠠ ᠬᠡᠮᠵᠢᠶ᠎ᠡ ᠪᠠᠷ ᠡᠨᠡᠬᠦ ᠲᠦᠮᠡᠨ ᠤ ᠰᠡᠳᠬᠢᠯ ᠢ ᠤᠯᠤᠭᠰᠠᠨ ᠲᠦᠷᠦ ᠶᠢᠨ | ᠪᠤᠳᠤᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠪᠤᠢ︖︾ ᠭᠡᠵᠦ ᠢᠨᠲ᠋ᠧᠷ | ᠰᠦᠯᠵᠢᠶᠡᠨ ᠤ ᠬᠦᠷᠢᠶᠡᠨ ᠳᠤ ᠤᠯᠠᠨ ᠵᠢᠯ ᠮᠡᠷᠡᠶᠢᠭᠰᠡᠨ ᠯᠢᠨ ᠸᠠᠨ ᠵᠦᠩ ᠦᠪᠡᠷ ᠤᠨ ᠡᠭᠡᠳᠡᠷᠡᠭᠡᠨ ᠢᠶᠠᠨ ᠨᠢᠭᠤᠯ | ᠦᠭᠡᠢ ᠶᠠᠷᠢᠨ᠎ᠠ᠃ | ︽ᠠᠷᠭ᠎ᠠ ᠪᠤᠳᠤᠯᠭ᠎ᠠ ᠶᠢᠨ ᠲᠠᠯ᠎ᠠ ᠪᠠᠷ ᠠᠪᠴᠦ ᠦᠵᠡᠪᠡᠯ᠂ ᠭᠤᠤᠯ ᠨᠢ ᠠᠵᠦ ᠦᠢᠯᠡᠰ ᠤᠨ ᠲᠦᠪᠯᠡᠷᠡᠯ ᠢ | ᠠᠬᠢᠭᠤᠯᠬᠤ᠂ ᠲᠤᠯᠤᠭᠠᠢᠢᠯᠠᠭᠴᠢ ᠠᠵᠦ ᠠᠬᠤᠢᠢᠯᠠᠯ ᠢ ᠪᠤᠶᠢᠵᠢᠭᠤᠯᠬᠤ᠂ ᠰᠢᠨ᠎ᠡ ᠶᠢ ᠡᠭᠦᠳᠴᠤ ᠦᠢᠯᠡᠰ | ᠪᠤᠰᠬᠠᠬᠤ ᠶᠢ ᠵᠤᠷᠢᠭᠵᠢᠭᠤᠯᠬᠤ᠂ ᠵᠠᠬ᠎ᠠ ᠳᠡᠯᠭᠡᠭᠦᠷ ᠤᠨ ᠳᠠᠶᠢᠴᠢᠯᠠᠯᠳᠠ ᠶᠢ ᠴᠢᠩᠭᠠᠳᠬᠠᠬᠤ᠂ ᠴᠢᠳᠠᠪᠤᠷᠢᠳᠠᠨ ᠳᠤ | ᠲᠦᠰᠢᠭᠯᠡᠬᠦ ᠶᠢ ᠴᠢᠩᠭᠠᠳᠬᠠᠬᠤ᠂ ᠪᠡᠯᠡ ᠮᠦᠩᠬᠦᠨ ᠤ ᠳᠡᠮᠵᠢᠯᠭᠡ ᠶᠢ ᠨᠡᠮᠡᠭᠳᠡᠭᠦᠯᠬᠦ ᠵᠡᠷᠭᠡ ᠵᠢᠷᠭᠤᠭᠠᠨ ᠲᠠᠯ᠎ᠠ ᠶᠢᠨ | ᠠᠵᠢᠯ ᠢ ᠰᠠᠶᠢᠳᠤᠷ ᠬᠢᠬᠦ ᠭᠡᠷᠡᠭᠳᠠᠢ︾ ᠭᠡᠵᠦ ᠵᠠᠩ ᠪᠠᠢ ᠴᠧᠩ ᠲᠠᠨᠢᠯᠴᠠᠭᠤᠯᠤᠨ᠎ᠠ᠃ | ᠬᠡᠷᠬᠢᠨ ︽ᠢᠨᠲ᠋ᠧᠷ ᠰᠦᠯᠵᠢᠶ᠎ᠡ +︾ ᠳᠤ ᠰᠠᠶᠢᠨ ᠰᠠᠶᠢᠬᠠᠨ ᠬᠦᠭᠵᠢᠯᠳᠡ ᠶᠢᠨ ᠤᠷᠴᠢᠨ ᠬᠠᠩᠭᠠᠬᠤ | ᠪᠢᠯᠡ︖ | ︽ᠪᠦᠬᠦ᠋ᠢᠯᠡ ᠢᠨᠲ᠋ᠧᠷ ᠰᠦᠯᠵᠢᠶ᠎ᠡ ᠶᠢᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠪᠠᠰᠠ | ᠲᠦᠢᠯ ᠤᠨ ᠴᠢᠬᠤᠯᠠ ᠶᠤᠮ᠂ ᠵᠢᠱᠢᠶᠡᠯᠡᠪᠡᠯ᠂ ᠵᠠᠷᠤᠳᠠᠯ ᠰᠦᠢᠳᠬᠡᠯ᠂ ᠠᠮᠤᠷ ᠲᠦᠪᠰᠢᠨ ᠵᠡᠷᠭᠡ᠃ | ᠬᠦᠭᠵᠢᠯᠳᠡ ᠶᠢᠨ ᠤᠷᠴᠢᠨ ᠢ ᠰᠢᠯᠢᠳᠡᠭᠵᠢᠬᠦᠯᠬᠦ ᠲᠠᠯ᠎ᠠ ᠪᠠᠷ ᠭᠤᠤᠯ ᠨᠢ ᠰᠦᠯᠵᠢᠶᠡᠨ ᠤ ᠰᠠᠭᠤᠷᠢ ᠶᠢ ᠳᠡᠭᠡᠭᠰᠢᠯᠡᠬᠦᠯᠬᠦ | ᠂ ᠢᠳᠡᠭᠡᠮᠵᠢ ᠶᠢᠨ ᠲᠤᠭᠳᠠᠴᠠ ᠶᠢ ᠪᠠᠶᠢᠭᠤᠯᠬᠤ᠂ ᠰᠦᠯᠵᠢᠶᠡᠨ ᠤ ᠠᠮᠤᠷ ᠲᠦᠪᠰᠢᠨ ᠢ ᠪᠠᠲᠤᠯᠠᠬᠤ᠂ ᠤᠬᠠᠭᠤᠯᠭ᠎ᠠ | ᠪᠤᠯᠪᠠᠰᠤᠷᠠᠯ ᠢ ᠴᠢᠩᠭᠠᠳᠬᠠᠬᠤ᠂ ᠬᠠᠮᠳᠤᠷᠠᠨ ᠠᠬᠢᠭᠤᠯᠬᠤ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠶᠢᠨ | ᠠᠵᠢᠯ ᠠᠴᠠ ᠭᠠᠷᠳᠠᠵᠦ ᠬᠢᠬᠦ ᠭᠡᠷᠡᠭᠳᠠᠢ︾ ᠭᠡᠵᠦ ᠵᠠᠩ ᠪᠠᠢ ᠴᠧᠩ ᠤᠴᠢᠷᠯᠠᠨ᠎ᠠ᠃ | ︽ᠢᠨᠲ᠋ᠧᠷ ᠰᠦᠯᠵᠢᠶ᠎ᠡ +︾ ᠮᠠᠨ ᠤ ᠤᠷᠤᠨ ᠳᠤ ᠡᠷᠴᠢᠮᠳᠠᠢ ᠶᠠᠪᠤᠭᠳᠠᠭᠰᠠᠭᠠᠷ᠃ 7 ᠰᠠᠷ᠎ᠠ ᠶᠢᠨ 6 ᠤ | ᠡᠳᠦᠷ᠂ ᠲᠦᠪ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠳᠤᠮᠳᠠᠳᠦ ᠤᠯᠤᠰ ᠤᠨ ᠢᠨᠲ᠋ᠧᠷ ᠰᠦᠯᠵᠢᠶ᠎ᠡ ᠶᠢᠨ | ᠠᠵᠦ ᠠᠬᠤᠢ ᠰᠤᠳᠤᠯᠬᠤ ᠬᠦᠷᠢᠶᠡᠯᠡᠩ ᠪᠤᠯᠤᠨ ᠦᠪᠦᠷ ᠮᠤᠩᠭᠤᠯ ᠤᠨ ᠬᠠᠮᠢᠶᠠᠷᠤᠯᠳᠠ ᠶᠢ ᠤᠳᠤᠬᠢᠴᠢᠯᠠᠬᠤ | ᠰᠤᠳᠤᠯᠭᠠᠨ ᠤ ᠲᠦᠪ ᠬᠤᠯᠪᠤᠭᠠᠯᠠᠨ᠂ ᠲᠤᠰ ᠰᠤᠷᠭᠠᠭᠤᠯᠢ ᠳᠤ ᠲᠦᠰᠢᠭᠯᠡᠨ ︽ᠦᠪᠦᠷ ᠮᠤᠩᠭᠤᠯ ᠤᠨ ᠢᠨᠲᠧᠷ | ᠰᠦᠯᠵᠢᠶ᠎ᠡ ᠶᠢᠨ ᠠᠵᠦ ᠠᠬᠤᠢ ᠶᠢᠨ ᠰᠤᠳᠤᠯᠭᠠᠨ ᠤ ᠲᠦᠪ︾ ᠢ ᠪᠠᠶᠢᠭᠤᠯᠵᠠᠢ᠂ ᠡᠨᠡ ᠨᠢ ᠦᠪᠡᠷᠳᠡᠭᠡᠨ ᠵᠠᠰᠠᠬᠤ | ᠤᠷᠤᠨ ᠤ ᠠᠩᠬᠠᠳᠤᠭᠠᠷ ᠢᠨᠲ᠋ᠧᠷ ᠰᠦᠯᠵᠢᠶ᠎ᠡ ᠶᠢᠨ ᠠᠵᠦ ᠠᠬᠤᠢ ᠶᠢᠨ ᠰᠤᠳᠤᠯᠭᠠᠨ ᠤ ᠪᠠᠶᠢᠭᠤᠯᠤᠮᠵᠢ ᠪᠢᠯᠡ᠃ | ᠲᠤᠰ ᠲᠦᠪ ᠨᠢ ᠦᠪᠡᠷᠳᠡᠭᠡᠨ ᠵᠠᠰᠠᠬᠤ ᠤᠷᠤᠨ ᠤ ᠢᠨᠲ᠋ᠧᠷ ᠰᠦᠯᠵᠢᠶ᠎ᠡ ᠶᠢᠨ ᠠᠵᠦ ᠠᠬᠤᠢ ᠶᠢᠨ ᠬᠦᠭᠵᠢᠯᠳᠡ | ᠪᠤᠯᠤᠨ ᠪᠦᠲᠦᠭᠡᠨ ᠪᠠᠶᠢᠭᠤᠯᠤᠯᠳᠠ ᠶᠢ ᠠᠬᠢᠭᠤᠯᠬᠤ ᠪᠠᠷ ᠬᠠᠷᠠᠯᠳᠠ ᠪᠠᠨ ᠪᠤᠯᠭᠠᠵᠦ᠂ ᠦᠪᠡᠷᠳᠡᠭᠡᠨ ᠵᠠᠰᠠᠬᠤ ᠤᠷᠤᠨ ᠤ | ᠠᠵᠦ ᠠᠬᠤᠢ ᠨᠡᠶᠢᠭᠡᠮ ᠤᠨ ᠬᠦᠭᠵᠢᠯᠳᠡ ᠳᠤ ᠦᠢᠯᠡᠴᠢᠯᠡᠨ᠎ᠡ᠃ ᠳᠤᠮᠳᠠᠳᠦ ᠤᠯᠤᠰ ᠤᠨ ᠢᠨᠲ᠋ᠧᠷ ᠰᠦᠯᠵᠢᠶ᠎ᠡ ᠶᠢᠨ | ᠠᠵᠦ ᠠᠬᠤᠢ ᠰᠤᠳᠤᠯᠬᠤ ᠬᠦᠷᠢᠶᠡᠯᠡᠩ ᠪᠤᠯᠤᠨ ᠦᠪᠦᠷ ᠮᠤᠩᠭᠤᠯ ᠤᠨ ᠬᠠᠮᠢᠶᠠᠷᠤᠯᠳᠠ ᠶᠢ ᠤᠳᠤᠬᠢᠴᠢᠯᠠᠬᠤ | ᠰᠤᠳᠤᠯᠭᠠᠨ ᠤ ᠲᠦᠪ ᠨᠢ ᠡᠷᠳᠡᠮ ᠰᠢᠨᠵᠢᠯᠡᠭᠡᠨ ᠤ ᠲᠦᠷᠦᠯ ᠵᠦᠢᠯ ᠢ ᠬᠤᠯᠪᠤᠭᠠᠯᠠᠨ ᠭᠤᠶᠤᠴᠢᠯᠠᠬᠤ ᠪᠤᠯᠤᠨ | ᠰᠤᠳᠤᠯᠬᠤ ᠵᠡᠷᠭᠡ ᠬᠡᠯᠪᠡᠷᠢ ᠪᠠᠷ ᠬᠠᠮᠳᠤᠪᠠᠷ ᠦᠪᠦᠷ ᠮᠤᠩᠭᠤᠯ ᠤᠨ ᠢᠨᠲ᠋ᠧᠷ ᠰᠦᠯᠵᠢᠶ᠎ᠡ ᠶᠢᠨ ᠠᠵᠦ ᠠᠬᠤᠢ ᠶᠢᠨ | ᠰᠤᠳᠤᠯᠭᠠᠨ ᠤ ᠲᠦᠪ ᠢ ᠪᠦᠲᠦᠭᠡᠨ ᠪᠠᠶᠢᠭᠤᠯᠤᠨ᠎ᠠ᠃ | |