ᠪᠦᠬᠦ ᠤᠯᠤᠰ ᠤᠨ 12315 ᠢᠨᠲ᠋ᠧᠷ ᠰᠦᠯᠵᠢᠶ᠎ᠡ ᠶᠢᠨ ᠲᠠᠪᠴᠠᠩ ᠪᠦᠲᠦᠭᠡᠨ ᠪᠠᠶᠢᠭᠤᠯᠬᠤ ᠮᠡᠷᠭᠡᠵᠢᠯ ᠤᠨ ᠲᠥᠰᠦᠯ ᠢ ᠨᠤᠲᠠᠯᠠᠬᠤ ᠬᠤᠷᠠᠯ ᠲᠦᠩᠯᠢᠶᠣᠣ ᠳᠤ ᠬᠤᠷᠠᠯᠳᠤᠪᠠ
ᠨᠡᠶᠢᠲᠡᠯᠡᠭᠰᠡᠨ ᠴᠠᠭ᠄
2015/7/22
     ᠬᠡᠷᠡᠭᠯᠡᠭᠴᠢᠳ ᠤᠨ ᠵᠠᠭᠠᠯᠳᠤᠯᠭ᠎ᠠ ᠬᠢᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠪᠠ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠳᠠᠬᠢ 12315 ᠰᠢᠰᠲ᠋ᠧᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠲᠠᠷᠬᠠᠭᠠᠭᠰᠠᠨ ﹇2015﹈ 24 ᠳ᠋ᠦ᠋ᠭᠡᠷ ᠳᠤᠭᠠᠳᠤ ᠪᠢᠴᠢᠭ ᠮᠠᠲ᠋ᠧᠷᠢᠶᠠᠯ ᠳᠤ ᠳᠤᠷᠠᠳᠤᠭᠰᠠᠨ ︽ᠪᠦᠬᠦ ᠤᠯᠤᠰ ᠤᠨ 12315 ᠢᠨᠲ᠋ᠧᠷ ᠰᠦᠯᠵᠢᠶ᠎ᠡ ᠶᠢᠨ ᠲᠠᠪᠴᠠᠩ ᠢ ᠲᠦᠷᠭᠡᠳᠬᠡᠨ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠵᠠᠩ ᠮᠤᠤ ᠲᠣᠪᠴᠢᠶᠠᠨ ᠳᠠᠷᠤᠭ᠎ᠠ ᠶᠢᠨ ᠳᠤᠷᠠᠳᠤᠭᠰᠠᠨ ︽12315 ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠵᠢᠭᠦᠯᠦᠨ ᠰᠠᠭᠠᠳ ᠦᠭᠡᠢ ᠨᠡᠪᠲᠡᠷᠡᠭᠦᠯᠵᠦ᠂ ᠪᠦᠬᠦ ᠤᠯᠤᠰ ᠲᠤ ᠨᠢᠭᠡᠳᠦᠯᠲᠡᠶ 12315 ᠳᠠᠪᠴᠠᠩ ᠪᠠᠶᠢᠭᠤᠯᠬᠤ ᠶᠢ ᠳᠥᠯᠭᠢᠨ ᠠᠬᠢᠭᠤᠯᠬᠤ︾ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶ᠎ᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠣᠪᠴᠢᠶ᠎ᠠ ᠨᠢ ᠮᠡᠳᠡᠭᠡ ᠵᠠᠩᠭᠢ ᠶᠢᠨ ᠲᠥᠪ ᠲᠠᠢ ᠬᠠᠮᠲᠤᠷᠠᠨ 7 ᠳ᠋ᠤᠭᠠᠷ ᠰᠠᠷ᠎ᠠ ᠶᠢᠨ 17᠎ ᠤ ᠡᠳᠤᠷ ᠲᠦᠩᠯᠢᠶᠤᠤ ᠬᠤᠳᠠ ᠳᠤ ᠨᠤᠲᠠᠯᠠᠬᠤ ᠬᠤᠷᠠᠯ ᠢ ᠬᠤᠷᠠᠯᠳᠤᠭᠤᠯᠵᠤ᠂ ᠡᠯ᠎ᠡ ᠮᠤᠵᠢ ᠬᠤᠲᠠ ᠶᠢᠨ ᠬᠡᠷᠡᠭᠯᠡᠭᠴᠢᠳ ᠤᠨ ᠡᠷᠬᠡ ᠠᠰᠢᠭ ᠶᠢᠨ ᠬᠠᠮᠠᠭᠠᠯᠠᠯᠲᠠ ᠪᠣᠯᠤᠨ 12315 ᠪᠠᠶᠢᠭᠤᠯᠤᠮᠵᠢ ᠶᠢᠨ ᠬᠠᠷᠢᠭᠤᠴᠠᠯᠭᠠᠲᠠᠳ ᠢ ᠤᠷᠢᠨ ᠣᠷᠣᠯᠴᠠᠭᠤᠯᠵᠤ᠂ ᠪᠦᠬᠦ ᠤᠯᠤᠰ ᠤᠨ12315 ᠢᠨᠲ᠋ᠧᠷ ᠰᠦᠯᠵᠢᠶ᠎ᠡ ᠶᠢᠨ ᠲᠠᠪᠴᠠᠩ ᠢ ᠪᠦᠲᠦᠭᠡᠨ ᠪᠠᠶᠢᠭᠤᠯᠬᠤ ᠪᠣᠳᠠᠲᠠᠶ ᠤᠴᠢᠷ ᠢ ᠶᠠᠷᠢᠯᠴᠠᠨ ᠨᠤᠲᠠᠯᠠᠯᠲᠠ ᠬᠢᠪᠡ᠃      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠶᠠᠩ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠭᠰᠠᠨ ᠤ ᠬᠠᠮᠲᠤ ᠮᠠᠨ ᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠳᠠᠯ ᠢ ᠲᠠᠨᠢᠯᠴᠠᠭᠤᠯᠪᠠ᠃ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶ᠎ᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠬᠤᠸᠠᠩ ᠵᠢᠶᠠᠨ ᠬᠤᠸᠠ ᠠᠬᠤᠶ ᠪᠠᠶᠢᠳᠠᠯ ᠤᠨ ᠲᠣᠶᠢᠮᠣᠴᠢᠯᠠᠯ᠂ ᠪᠦᠲᠦᠭᠡᠨ ᠪᠠᠶᠢᠭᠤᠯᠬᠤ ᠬᠠᠷᠠᠯᠲᠠ ᠪᠠ ᠪᠦᠲᠦᠭᠡᠨ ᠪᠠᠶᠢᠭᠤᠯᠬᠤ ᠦᠨᠳᠦᠰᠦᠯᠡᠯ ᠵᠡᠷᠭᠡ ᠭᠤᠷᠪᠠᠨ ᠲᠠᠯ᠎ᠠ ᠠᠴᠠ ᠪᠦᠬᠦ ᠤᠯᠤᠰ ᠤᠨ 12315 ᠢᠨᠲ᠋ᠧᠷ ᠰᠦᠯᠵᠢᠶ᠎ᠡ ᠶᠢᠨ ᠲᠠᠪᠴᠠᠩ ᠢ ᠪᠦᠲᠦᠭᠡᠨ ᠪᠠᠶᠢᠭᠤᠯᠬᠤ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠪᠠ︔ ᠮᠡᠳᠡᠭᠡ ᠵᠠᠩᠭᠢ ᠶᠢᠨ ᠲᠥᠪ ᠤᠨ ᠳᠡᠳ᠋ ᠡᠷᠬᠢᠯᠡᠭᠴᠢ ᠸᠧᠶ ᠬᠤᠩ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠢᠷᠤᠭ ᠲᠥᠯᠥᠪᠯᠡᠭᠡ᠂ ᠵᠠᠳᠠᠯᠤᠯᠲᠠ ᠪᠠ ᠬᠠᠲᠠᠭᠤ ᠬᠡᠷᠡᠭᠰᠡᠯ ᠤᠨ ᠬᠡᠷᠡᠭᠴᠡᠭᠡ ᠵᠡᠷᠭᠡ ᠲᠠᠯ᠎ᠠ ᠠᠴᠠ ᠪᠦᠬᠦ ᠤᠯᠤᠰ ᠤᠨ 12315ᠢᠨᠲ᠋ᠧᠷ ᠰᠦᠯᠵᠢᠶ᠎ᠡ ᠶᠢᠨ ᠲᠠᠪᠴᠠᠩ ᠢ ᠪᠦᠲᠦᠭᠡᠨ ᠪᠠᠶᠢᠭᠤᠯᠬᠤ ᠲᠥᠰᠥᠯ ᠢ ᠲᠣᠳᠣᠷᠬᠠᠶᠢᠯᠠᠨ ᠦᠭᠦᠯᠡᠪᠡ᠃  ᠶᠦᠨᠨᠠᠨ ᠮᠤᠵᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠠᠷᠤᠭ᠎ᠠ ᠵᠠᠩ ᠷᠦᠩ ᠮᠢᠩ᠂ ᠬᠤᠪᠸᠢ ᠮᠤᠵᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠤᠨ ᠳᠡᠳ᠋ ᠳᠠᠷᠤᠭ᠎ᠠ ᠯᠢ ᠵᠢᠶᠠᠩ ᠬᠠᠨ ᠵᠢᠴᠢ ᠡᠯ᠎ᠡ ᠮᠤᠵᠢ ᠣᠷᠣᠨ ᠬᠤᠲᠠ ᠶᠢᠨ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠪᠣᠯᠤᠨ 12315᠎ ᠶᠢᠨ ᠬᠠᠷᠢᠭᠤᠴᠠᠯᠭᠠᠲᠠᠳ ᠢᠳᠡᠪᠬᠢᠲᠡᠶ ᠪᠠᠷ ᠶᠠᠷᠢᠯᠴᠠᠭ᠎ᠠ ᠳᠤ ᠣᠷᠣᠯᠴᠠᠨ ᠦᠭᠡ ᠬᠡᠯᠡᠭᠰᠡᠨ ᠪᠥᠭᠡᠳ ︽ᠪᠦᠬᠦ ᠤᠯᠤᠰ ᠤᠨ12315 ᠢᠨᠲ᠋ᠧᠷ ᠰᠦᠯᠵᠢᠶ᠎ᠡ ᠶᠢᠨ ᠲᠠᠪᠴᠠᠩ ᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ᠂ ᠮᠡᠷᠭᠡᠵᠢᠯ ᠤᠨ ᠲᠥᠰᠦᠯ︾ ︵ᠰᠠᠨᠠᠯ ᠬᠤᠷᠢᠶᠠᠬᠤ ᠡᠬᠡ ᠨᠣᠣᠷᠠᠭ︶᠎ ᠳᠤ ᠪᠦᠲᠦᠭᠡᠯᠴᠢ ᠴᠢᠨᠠᠷᠲᠠᠶ ᠰᠠᠨᠠᠯ ᠳᠤᠷᠠᠳᠤᠭᠰᠠᠨ ᠪᠠᠶᠢᠨ᠎ᠠ᠃      ᠡᠯ᠎ᠡ ᠮᠤᠵᠢ ᠣᠷᠣᠨ ᠬᠤᠲᠠ ᠶᠢᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ᠂ ᠡᠨᠡ ᠤᠳᠠᠭᠠᠨ ᠤ ᠬᠤᠷᠠᠯ ᠨᠢ ᠨᠢᠭᠡᠨ ᠰᠤᠷᠤᠯᠴᠠᠬᠤ ᠪᠠ ᠰᠣᠯᠢᠯᠴᠠᠬᠤ ᠲᠠᠪᠴᠠᠩ ᠢ ᠪᠠᠶᠢᠭᠤᠯᠵᠤ᠂ ᠪᠦᠬᠦ ᠤᠯᠤᠰ ᠤᠨ ᠨᠢᠭᠡᠳᠦᠯᠲᠡᠢ 12315 ᠲᠠᠪᠴᠠᠩ ᠢ ᠪᠦᠲᠦᠭᠡᠨ ᠪᠠᠶᠢᠭᠤᠯᠬᠤ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠬᠥᠭᠵᠢᠯᠲᠡ ᠶᠢ ᠳᠥᠯᠭᠢᠨ ᠠᠬᠢᠭᠤᠯᠬᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠵᠢᠯ ᠤᠨ ᠰᠢᠨ᠎ᠡ ᠰᠡᠳᠭᠢᠮᠵᠢ ᠶᠢ ᠳᠤᠷᠠᠳᠤᠭᠰᠠᠨ ᠪᠠᠶᠢᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号