ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠯᠤᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠯᠪᠠ
ᠨᠡᠶᠢᠲᠡᠯᠡᠭᠰᠡᠨ ᠴᠠᠭ᠄
2015/7/22
     ᠬᠤᠳᠠᠯᠳᠤᠭᠠᠨ ᠤ ᠶᠠᠪᠤᠳᠠᠯ ᠤᠨ ᠶᠠᠮᠤᠨ ᠣᠷᠴᠢᠮᠬᠠᠨ ︽ᠬᠤᠶᠠᠳᠤᠭᠠᠷ ᠪᠦᠯᠦᠭ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠤᠲᠠᠯᠠᠬᠤ ᠲᠤᠬᠠᠶ ᠮᠡᠳᠡᠭᠳᠡᠯ︾ ᠨᠡᠶᠢᠲᠡᠯᠡᠵᠤ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠶᠢᠨ ᠴᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ  ᠤᠨ ᠪᠦᠲᠦᠭᠡᠨ ᠪᠠᠶᠢᠭᠤᠯᠤᠭᠰᠠᠨ ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠬᠤᠶᠠᠳᠤᠭᠠᠷ ᠪᠦᠯᠦᠭ ᠤᠨ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠤᠲᠠᠯᠠᠭᠳᠠᠪᠠ᠃ ᠡᠨᠡ ᠵᠢᠯ ᠤᠨ 1 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠮᠡᠳᠡᠭᠦᠯᠬᠦ ᠠᠵᠢᠯ ᠢ ᠡᠬᠢᠯᠡᠭᠦᠯᠦᠭᠰᠡᠨ ᠤ ᠬᠠᠮᠲᠤ ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠤᠰᠬᠠᠶ ᠮᠡᠷᠭᠡᠵᠢᠯᠲᠡᠳ ᠤᠨ ᠮᠠᠷᠭᠤᠭᠠᠨ ᠬᠢᠵᠤ ᠬᠢᠨᠠᠨ ᠲᠤᠭᠲᠠᠭᠠᠬᠤ ᠶᠠᠪᠤᠴᠠ ᠳᠤ ᠤᠷᠤᠪᠠ᠃ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠦᠵᠡᠬᠦ ᠪᠠᠷ᠂ ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠨᠢ ᠢᠯᠡ ᠲᠣᠳᠣ ᠭᠠᠵᠠᠷ ᠣᠷᠣᠨ ᠤ ᠳᠠᠪᠠᠭᠤᠯᠢᠭ ᠪᠠ ᠦᠯᠢᠭᠡᠷ ᠵᠢᠱᠢᠶ᠎ᠡ ᠦᠵᠡᠭᠦᠯᠬᠦ ᠴᠢᠨᠠᠷᠲᠠᠶ ᠪᠠᠶᠢᠵᠤ᠂ ᠭᠠᠵᠠᠷ ᠣᠷᠣᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠲᠦᠢᠯ ᠤᠨ ᠶᠡᠭᠡ ᠠᠬᠢᠭᠤᠯᠵᠤ ᠳᠠᠶᠢᠴᠢᠯᠠᠬᠤ ᠦᠢᠯᠡᠳᠦᠯ ᠲᠠᠢ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ ᠬᠡᠪᠡ᠃      ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ 2013 ᠣᠨ ᠳᠤ ᠪᠠᠶᠢᠭᠤᠯᠤᠭᠳᠠᠵᠤ᠂ ᠶᠡᠷᠦᠩᠬᠡᠶ ᠲᠥᠯᠥᠪᠵᠢᠭᠦᠯᠭᠡ ᠶᠢᠨ ᠲᠠᠯᠠᠪᠠᠶ ᠨᠢ 3.37 ᠲᠡᠭᠰᠢ ᠳᠥᠷᠪᠡᠯᠵᠢᠨ ᠺᠢᠯᠣᠮᠧᠲᠷ ᠪᠤᠯᠤᠨ᠎ᠠ᠃  ᠬᠦᠷᠢᠶᠡᠯᠡᠩ ᠨᠢ ᠤᠯᠠᠮᠵᠢᠯᠠᠯᠲᠤ ᠠᠵᠤ ᠦᠢᠯᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠯᠲᠡ ᠪᠠᠷ ᠭᠤᠣᠯ ᠪᠤᠯᠭᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠬᠦᠮᠦᠵᠢᠭᠦᠯᠵᠤ ᠨᠡᠪᠴᠢᠭᠦᠯᠬᠦ ᠪᠠ ᠣᠷᠣᠰ ᠮᠣᠩᠭᠤᠯ ᠤᠯᠤᠰ ᠲᠤ ᠬᠠᠨᠳᠤᠭᠤᠯᠤᠭᠰᠠᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠢᠶᠠᠷ ᠣᠨᠴᠠᠯᠢᠭ ᠪᠣᠯᠭᠠᠨ᠂ 74 ᠠᠵᠤ ᠠᠬᠤᠶᠢᠯᠠᠯ᠂ 2 ᠠᠵᠢᠯ ᠲᠥᠷᠥᠯ ᠤᠨ ᠨᠡᠶᠢᠭᠡᠮᠯᠢᠭ᠂ 15 ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ  ᠬᠤᠷᠰᠢᠯᠴᠠᠬᠤ ᠪᠠᠶᠢᠭᠤᠯᠤᠮᠵᠢ ᠤᠷᠤᠵᠤ ᠰᠠᠭᠤᠭᠠᠳ ᠪᠤᠢ᠃ ᠬᠦᠷᠢᠶᠡᠯᠡᠩ ᠤᠨ ᠡᠭᠦᠳᠦᠨ ᠪᠠᠶᠢᠭᠤᠯᠤᠭᠰᠠᠨ ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠶᠠᠷᠢᠯᠴᠠᠭᠠᠨ ᠤ ᠲᠠᠪᠴᠠᠩ ᠪᠣᠯ ᠥᠪᠥᠷ ᠮᠣᠩᠭᠤᠯ ᠣᠷᠣᠨ ᠤ ᠠᠩᠬᠠᠳᠠᠭᠴᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠶᠠᠷᠢᠯᠴᠠᠭᠠᠨ ᠤ ᠲᠠᠪᠴᠠᠩ ᠪᠠᠶᠢᠵᠤ᠂ ᠥᠪᠥᠷ ᠮᠣᠩᠭᠤᠯ ᠤᠨ ᠬᠤᠳᠠᠯᠳᠤᠭᠠᠨ ᠤ ᠰᠦᠯᠵᠢᠶ᠎ᠡ᠂ ᠥᠪᠥᠷ ᠮᠣᠩᠭᠤᠯ ᠤᠨ ᠣᠯᠠᠨ ᠤᠯᠤᠰ ᠤᠨ ᠬᠤᠳᠠᠯᠳᠤᠭᠠᠨ ᠤ ᠰᠦᠯᠵᠢᠶ᠎ᠡ ᠵᠡᠷᠭᠡ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠨᠢᠭᠡᠨᠲᠡ ᠰᠦᠯᠵᠢᠶᠡᠨ ᠳᠤ ᠭᠠᠷᠴᠤ ᠡᠵᠡᠩᠨᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号