7 ᠳ᠋ᠤᠭᠠᠷ ᠰᠠᠷ᠎ᠠ ᠶᠢᠨ 22 ᠤᠨ ᠡᠲᠦᠷ᠂ ᠰᠤᠷᠪᠤᠯᠵᠢᠯᠠᠬᠴᠢ ᠦᠪᠡᠷᠳᠡᠭᠡᠨ ᠵᠠᠰᠠᠬᠤ ᠤᠷᠤᠨ ᠤ ᠰᠤᠷᠭᠠᠨ | ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ᠤᠢᠢᠯᠠᠭᠠᠭᠰᠠᠨ ᠢᠶᠠᠷ᠂ ᠵᠢᠩᠬᠢᠨᠢ ᠠᠩᠬᠢ ᠶᠢᠨ | ᠬᠤᠶᠠᠲᠤᠭᠠᠷ ᠪᠦᠯᠦᠭ ᠤᠨ ᠬᠤᠶᠠᠲᠤᠭᠠᠷ ᠤᠲᠠᠭᠠᠨ ᠤᠨ ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠬᠤ ᠠᠵᠢᠯ 23 ᠤ | ᠡᠲᠦᠷ ᠤᠨ ᠦᠳᠡ ᠶᠢᠨ ᠡᠮᠦᠨᠡᠬᠢ 9 ᠴᠠᠭ ᠠᠴᠠ ᠡᠬᠢᠯᠡᠬᠦ ᠪᠤᠯᠤᠨ᠎ᠠ᠃ 10 ᠴᠠᠭ ᠠᠴᠠ ᠰᠡᠬᠦᠯᠡᠷ ᠨᠢᠬᠡᠨᠳᠡ | ᠡᠷᠡᠮᠡᠯᠵᠡᠯ ᠢᠶᠠᠨ ᠲᠠᠬᠯᠠᠬᠰᠠᠨ ᠰᠢᠯᠭᠠᠭᠤᠯᠤᠬᠰᠠᠳ ᠲᠠᠬᠢᠵᠦ ᠡᠷᠡᠮᠡᠯᠵᠡᠯ ᠢᠶᠠᠨ ᠬᠦᠴᠦᠨ ᠦᠬᠡᠢ ᠪᠤᠯᠭᠠᠵᠦ ᠪᠤᠯᠬᠤ | ᠦᠬᠡᠢ᠃ 10 ᠴᠠᠭ 30 ᠮᠢᠨᠦ᠋ᠲ ᠠᠴᠠ ᠰᠡᠬᠦᠯᠡᠷ ᠪᠠᠰᠠ ᠡᠷᠡᠮᠡᠯᠵᠡᠯ ᠲᠠᠭᠯᠠᠭ᠎ᠠ ᠦᠬᠡᠢ ᠰᠢᠯᠭᠠᠭᠤᠯᠤᠬᠰᠠᠳ | ᠲᠠᠬᠢᠵᠦ ᠲᠠᠭᠯᠠᠵᠦ ᠪᠤᠯᠬᠤ ᠦᠭᠡᠢ᠂ ᠨᠢᠬᠡᠨᠳᠡ ᠲᠠᠬᠯᠠᠬᠰᠠᠨ ᠰᠢᠯᠭᠠᠭᠤᠯᠤᠬᠰᠠᠳ ᠵᠦᠪᠬᠡᠨ ᠡᠷᠡᠮᠡᠯᠵᠡᠯ ᠢᠶᠠᠨ ᠰᠤᠯᠢᠵᠦ | ᠪᠤᠯᠤᠨ᠎ᠠ᠃ | ᠤᠢᠢᠯᠠᠭᠠᠭᠰᠠᠨ ᠢᠶᠠᠷ᠂ ᠲᠤᠰ ᠤᠲᠠᠭᠠᠨ ᠤ ᠰᠦᠯᠵᠢᠶᠡᠨ ᠳᠡᠭᠡᠷ᠎ᠡ ᠲᠠᠩᠰᠠ ᠪᠠᠨ ᠳᠤᠰᠢᠶᠠᠵᠤ ᠨᠠᠷᠠ ᠮᠡᠳᠡᠬᠦᠯᠬᠦ | ᠬᠤᠪᠢ ︵ᠲᠠᠷᠦᠢ ᠶᠡᠷᠦᠩᠬᠡᠢ ᠬᠤᠪᠢ ᠪᠠ ᠤᠯᠤᠰ ᠤᠨ ᠰᠢᠯᠭᠠᠯᠲᠠ ᠶᠢᠨ ᠨᠡᠮᠡᠯᠳᠡ ᠬᠤᠪᠢ ᠶᠢᠨ ᠨᠡᠶᠢᠯᠡᠪᠦᠷᠢ︶ ᠳᠤ᠂ | ᠡᠩ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠢᠨ 325 ᠬᠤᠪᠢ᠂ ᠡᠩ ᠤᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠬᠢᠨ 276 ᠬᠤᠪᠢ᠂ ᠮᠤᠩᠭᠤᠯ ᠢᠶᠠᠷ ᠬᠢᠴᠢᠶᠡᠯᠯᠡᠬᠦ ᠨᠡᠶᠢᠬᠡᠮ ᠤᠨ ᠰᠢᠨᠵᠢᠯᠡᠬᠦ ᠤᠬᠠᠭᠠᠨ ᠤ ᠬᠢᠨ 180 | ᠬᠤᠪᠢ᠂ ᠮᠤᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠨ 141 ᠬᠤᠪᠢ᠂ ᠮᠠᠰᠢᠨ | ᠲᠡᠷᠭᠡ ᠵᠢᠯᠤᠭᠤᠳᠬᠤ ᠲᠦᠷᠦᠯ ᠤᠨ ᠬᠢᠨ 441 ᠬᠤᠪᠢ ᠪᠤᠯᠤᠨ᠎ᠠ᠃ | ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ | ᠦᠳᠡ ᠶᠢᠨ ᠡᠮᠦᠨᠡᠬᠢ 10 ᠴᠠᠭ ᠲᠤ ᠨᠢᠬᠡᠲᠦᠬᠡᠷ ᠤᠲᠠᠭᠠᠨ ᠤ ᠪᠦᠷᠢᠳᠭᠡᠯ ᠤᠨ ᠲᠤᠭ᠎ᠠ ᠪᠠᠷᠢᠮᠲᠠ ᠶᠢ ᠨᠡᠶᠢᠳᠡᠯᠡᠬᠦ | ᠪᠤᠯᠤᠨ᠎ᠠ᠃ 11 ᠴᠠᠭ ᠲᠤ᠂ 371 ᠬᠤᠪᠢ ᠪᠠ ᠡᠬᠦᠨ ᠠᠴᠠ ᠦᠨᠲᠦᠷ ᠬᠤᠪᠢ ᠤᠯᠤᠬᠰᠠᠨ ᠰᠢᠯᠭᠠᠭᠤᠯᠤᠬᠰᠠᠳ | ᠲᠤᠰ ᠤᠲᠠᠭᠠᠨ ᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠠᠵᠢᠯ ᠢᠶᠠᠨ ᠲᠠᠭᠤᠰᠬᠠᠵᠦ᠂ 12 ᠴᠠᠭ ᠲᠤ᠂ | ᠪᠤᠰᠤᠳ ᠰᠢᠯᠭᠠᠭᠤᠯᠤᠬᠰᠠᠳ ︵ᠲᠠᠷᠦᠢ 371 ᠬᠤᠪᠢ ᠠᠴᠠ ᠲᠤᠷᠤᠭᠰᠢ ᠬᠤᠪᠢ ᠤᠯᠤᠬᠰᠠᠳ︶ ᠲᠤᠰ | ᠤᠲᠠᠭᠠᠨ ᠤ ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠬᠤ ᠠᠵᠢᠯ ᠢᠶᠠᠨ ᠳᠠᠭᠤᠰᠬᠠᠨ᠎ᠠ᠃ | ᠵᠢᠩᠬᠢᠨᠢ ᠠᠩᠬᠢ ᠶᠢᠨ ᠬᠤᠶᠠᠲᠤᠭᠠᠷ ᠪᠦᠯᠦᠭ ᠤᠨ ᠦᠯᠡᠳᠡᠭᠰᠡᠨ ᠲᠦᠯᠦᠪᠯᠡᠭᠡ ᠨᠦᠭᠦᠳ ᠢ ᠦᠪᠦᠷ | ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠬᠢ ᠶᠢᠨ ᠰᠦᠯᠵᠢᠶ᠎ᠡ ᠲᠡᠭᠡᠷᠡᠬᠢ ︽ᠵᠢᠩᠬᠢᠨᠢ | ᠠᠩᠬᠢ ᠶᠢᠨ ᠬᠤᠶᠠᠲᠤᠭᠠᠷ ᠪᠦᠯᠦᠭ ᠤᠨ ᠬᠤᠶᠠᠲᠤᠭᠠᠷ ᠤᠲᠠᠭᠠᠨ ᠤ ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠬᠤ | ᠲᠦᠯᠦᠪᠯᠡᠭᠡ ᠶᠢᠨ ᠪᠦᠷᠢᠳᠭᠡᠯ ︵ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠬᠤ ᠳᠤ ᠲᠤᠰᠬᠠᠢ ᠬᠡᠷᠡᠭᠯᠡᠬᠦ︶︾ ᠠᠴᠠ | ᠨᠠᠷᠢᠨ ᠯᠠᠪᠯᠠᠭᠠᠷᠠᠢ᠂ ᠪᠤᠰᠤᠳ ᠠᠰᠠᠭᠤᠲᠠᠯ ᠤᠳ ᠢ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠮᠡᠳᠡᠭᠡ ᠵᠠᠩᠬᠢ ᠶᠢᠨ ᠰᠦᠯᠵᠢᠶᠡᠨ ᠠᠴᠠ ᠯᠠᠪᠯᠠᠵᠦ ᠪᠤᠯᠤᠨ᠎ᠠ᠃ |