ᠥᠪᠥᠷ ᠮᠣᠩᠭᠤᠯ ᠲᠠᠷᠢᠶᠠᠯᠠᠩ ᠢ ᠳᠡᠮᠵᠢᠵᠤ ᠬᠠᠮᠠᠭᠠᠯᠠᠬᠤ ᠨᠥᠬᠦᠪᠥᠷᠢ ᠶᠢᠨ ᠪᠡᠯᠡ ᠮᠥᠩᠭᠦ  55.6  ᠳ᠋ᠦᠡᠭᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2015/7/23
    ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠤᠶᠢᠯᠠᠭᠠᠭᠰᠠᠨ ᠨᠢ᠂ 2015 ᠣᠨ ᠠᠴᠠ ᠡᠬᠢᠯᠡᠨ᠂ ᠤᠯᠤᠰ ᠠᠴᠠ ᠲᠠᠷᠢᠶᠠᠯᠠᠩ ᠤᠨ ᠭᠤᠷᠪᠠᠨ ᠵᠦᠢᠯ ᠤᠨ ᠨᠥᠬᠦᠪᠥᠷᠢ ᠳᠤ ᠥᠭᠡᠷᠡᠴᠢᠯᠡᠯᠲᠡ ᠬᠢᠵᠦ᠂ ᠠᠮᠤ ᠪᠤᠳᠠᠭᠠᠨ ᠤ ᠰᠢᠭᠤᠳ ᠨᠥᠬᠦᠪᠥᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠪᠤᠯᠤᠨ ᠲᠠᠷᠢᠮᠠᠯ ᠤᠨ ᠰᠠᠶᠢᠨ ᠦᠷ᠎ᠡ ᠶᠢᠨ ᠨᠥᠬᠦᠪᠥᠷᠢ ᠶᠢ ᠲᠤᠬᠢᠷᠠᠭᠤᠯᠤᠨ ᠨᠡᠶᠢᠯᠡᠭᠦᠯᠦᠭᠡᠳ ᠲᠠᠷᠢᠶᠠᠯᠠᠩ ᠢ ᠳᠡᠮᠵᠢᠵᠤ ᠬᠠᠮᠠᠭᠠᠯᠠᠬᠤ ᠨᠥᠬᠦᠪᠥᠷᠢ ᠪᠤᠯᠭᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢᠭᠡᠨᠲᠡ ᠡᠯ᠎ᠡ ᠠᠶᠢᠮᠠᠭ ᠬᠤᠲᠠ ᠳᠤ 2015 ᠣᠨ ᠤ ᠲᠠᠷᠢᠶᠠᠯᠠᠩ ᠢ ᠳᠡᠮᠵᠢᠵᠤ ᠬᠠᠮᠠᠭᠠᠯᠠᠬᠤ ᠨᠥᠬᠦᠪᠥᠷᠢ ᠪᠡᠯᠡ ᠮᠥᠩᠭᠦ 55.6 ᠳ᠋ᠦᠡᠭᠰᠢᠭᠤᠷ ᠲᠥᠭᠦᠷᠢᠭ ᠪᠠᠭᠤᠯᠭᠠᠭᠰᠠᠨ ᠤ ᠬᠠᠮᠲᠤ ᠡᠯ᠎ᠡ ᠭᠠᠵᠠᠷ ᠲᠤ ᠦᠨᠡᠨᠬᠦ ᠠᠷᠭ᠎ᠠ ᠬᠡᠮᠵᠢᠶ᠎ᠡ ᠠᠪᠴᠤ᠂ ᠳᠡᠭᠡᠷ᠎ᠡ ᠳᠤᠷᠠᠳᠤᠭᠰᠠᠨ ᠨᠥᠬᠦᠪᠥᠷᠢ ᠪᠡᠯᠡ ᠮᠥᠩᠭᠦ ᠶᠢ ᠦᠳᠲᠦᠷ ᠲᠦᠷᠭᠡᠨ ᠲᠠᠷᠢᠶᠠᠴᠢᠨ ᠡᠷᠦᠬᠡ ᠳᠤ ᠦᠭᠭᠦ ᠬᠡᠷᠡᠭᠲᠠᠢ ᠬᠡᠵᠤ ᠱᠠᠭᠠᠷᠳᠠᠵᠠᠢ᠃ ᠣᠳᠣᠬᠠᠨ ᠳᠤ᠂ ᠪᠦᠬᠦ ᠣᠷᠣᠨ ᠤ ᠡᠯ᠎ᠡ ᠭᠠᠵᠠᠷ ᠤᠨ ᠬᠢᠨ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠥᠬᠦᠪᠥᠷᠢ ᠪᠡᠯᠡ ᠮᠥᠩᠭᠦ ᠶᠢ ᠶᠠᠭ ᠱᠠᠯᠠᠪᠳᠠᠨ ᠦᠭᠴᠦ ᠪᠠᠶᠢᠨ᠎ᠠ᠃      ᠲᠠᠷᠢᠶᠠᠯᠠᠩ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠠᠮᠤ ᠪᠤᠳᠠᠭᠠᠨ ᠤ ᠬᠤᠷᠢᠶᠠᠯᠲᠠ ᠶᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠢ ᠰᠢᠭᠤᠳ ᠬᠤᠯᠪᠤᠭᠳᠠᠬᠤ ᠪᠤᠯᠬᠤᠷ᠂ ᠤᠯᠤᠰ ᠪᠤᠯᠤᠨ ᠥᠪᠡᠷᠲᠡᠭᠡᠨ ᠵᠠᠰᠠᠬᠤ ᠣᠷᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠪᠠᠶᠢᠨ᠎ᠠ᠃ ᠡᠨᠡ ᠵᠢᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠲᠤᠬᠢᠷᠠᠭᠤᠯᠤᠯᠲᠠ ᠠᠴᠠ ᠪᠤᠯᠤᠭᠠᠳ᠂ ᠲᠠᠷᠢᠶᠠᠯᠠᠩ ᠤᠨ ᠨᠥᠬᠦᠪᠥᠷᠢ ᠪᠡᠯᠡ ᠮᠥᠩᠭᠦ ᠶᠢ ᠪᠠᠭᠤᠯᠭᠠᠬᠤ ᠨᠢ ᠦᠡᠭᠭᠡᠷᠡᠭᠰᠡᠨ ᠵᠢᠯ ᠤᠳ ᠤᠨ ᠬᠢ ᠠᠴᠠ ᠪᠠᠭ᠎ᠠ ᠤᠷᠤᠶᠢᠲᠠᠪᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠱᠠᠭᠠᠷᠳᠠᠭᠰᠠᠨ ᠨᠢ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠬᠤ ᠶᠢᠨ ᠬᠠᠮᠲᠤ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠢᠭᠠᠨ ᠵᠢᠯᠣᠭᠤᠳᠬᠤ ᠪᠠ ᠰᠢᠮᠳᠠᠭᠤᠯᠤᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠤᠯᠵᠤ ᠮᠡᠳᠡᠮᠡᠭᠴᠡ ᠠᠴᠠ ᠳᠠᠷᠤᠶᠢᠬᠠᠨ ᠵᠠᠯᠠᠷᠠᠭᠤᠯᠤᠨ ᠰᠢᠢᠳᠪᠦᠷᠢᠯᠡᠵᠤ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠨᠡᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠠᠢ᠂᠃ ᠡᠭᠦᠨ ᠤ ᠬᠠᠮᠲᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠪᠤᠯᠤᠨ ᠥᠷᠭᠡᠨ ᠣᠯᠠᠨ ᠲᠠᠷᠢᠶᠠᠴᠢᠨ ᠣᠯᠠᠨ ᠲᠦᠮᠡᠨ ᠳᠤ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠠᠢ ᠰᠠᠨᠠᠭᠠᠴᠢᠯᠠᠭ᠎ᠠ ᠲᠠᠢ ᠪᠠᠷ ᠤᠬᠠᠭᠤᠯᠤᠨ  ᠲᠠᠶᠢᠯᠪᠤᠷᠢᠯᠠᠨ ᠦᠭᠴᠦ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠤᠬᠢᠴᠠᠭᠤᠯᠤᠨ ︽ᠪᠦᠬᠦᠨ ᠳᠤ ᠲᠤᠬᠢᠷᠠᠬᠤ ᠺᠠᠷᠲ︾᠎ ᠶᠢ ᠬᠦᠢᠴᠡᠳ ᠠᠰᠢᠭᠯᠠᠨ ᠨᠥᠬᠦᠪᠥᠷᠢ ᠪᠡᠯᠡ ᠮᠥᠩᠭᠦ ᠶᠢ ᠤᠯᠭᠤᠵᠤ᠂ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠶ ᠡᠷᠦᠬᠡ ᠬᠠᠮᠢᠶᠠᠷᠬᠤ᠂ ᠢᠯᠡ ᠨᠡᠶᠢᠲᠡᠯᠡᠬᠦ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠲᠠᠷᠢᠶᠠᠴᠢᠨ ᠡᠷᠦᠬᠡ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号