ᠥᠪᠥᠷ ᠮᠣᠩᠭᠤᠯ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ ᠲᠥᠷᠥᠯ ᠵᠦᠢᠯ ᠤᠨ ᠰᠠᠭᠤᠷᠢ ᠮᠥᠩᠭᠦ ᠪᠠᠶᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2015/7/23
     ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ ᠵᠠᠭᠪᠤᠷ  ︵PPP︶᠎ ᠢ ᠳᠡᠯᠭᠡᠷᠡᠭᠦᠯᠬᠦ ᠶᠢᠨ ᠲᠤᠰᠠᠲᠠ᠂ ᠥᠪᠥᠷ ᠮᠣᠩᠭᠤᠯ  ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ ᠲᠥᠷᠥᠯ ᠵᠦᠢᠯ ᠤᠨ ᠰᠠᠭᠤᠷᠢ ᠮᠥᠩᠭᠦ ᠪᠠᠶᠢᠭᠤᠯᠵᠤ᠂ ᠲᠥᠷᠥᠯ ᠵᠦᠢᠯ ᠨᠡᠭᠡᠭᠡᠬᠦ᠂ ᠪᠡᠯᠡ ᠲᠤᠬᠢᠷᠠᠭᠤᠯᠬᠤ ᠳᠤ ᠳᠡᠮᠵᠢᠯᠭᠡ ᠦᠵᠡᠭᠦᠯᠬᠦ᠂ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠬᠥᠲᠥᠯᠥᠨ ᠵᠢᠯᠣᠭᠤᠳᠬᠤ᠂ ᠲᠤᠰᠬᠠᠶ ᠵᠦᠢᠯ ᠢᠶᠠᠷ ᠰᠢᠯᠵᠢᠭᠦᠯᠦᠨ ᠥᠭᠬᠦ  ᠪᠡᠯᠡ ᠮᠥᠩᠭᠦ ᠬᠤᠪᠢᠶᠠᠷᠢᠯᠠᠬᠤ ᠲᠣᠭᠲᠠᠴᠠ ᠶᠢᠨ ᠰᠢᠨ᠎ᠡ ᠶᠢ ᠡᠭᠦᠳᠬᠦ ᠳᠤ ᠬᠡᠷᠡᠭᠯᠡᠨ᠎ᠡ᠃      ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠠᠷ᠂ ᠥᠪᠥᠷ ᠮᠣᠩᠭᠤᠯ ᠠᠩᠬᠠᠳᠠᠭᠴᠢ ᠪᠦᠯᠦᠭ ᠨᠡᠶᠢᠲᠡ 43 PPP ᠵᠢᠱᠢᠶ᠎ᠡ ᠦᠵᠡᠭᠦᠯᠬᠦ ᠲᠥᠷᠥᠯ ᠵᠦᠢᠯ ᠭᠠᠷᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤ ᠬᠠᠩᠭᠠᠬᠤ᠂ ᠪᠣᠬᠢᠷ ᠤᠰᠤ ᠰᠢᠢᠳᠪᠦᠷᠢᠯᠡᠬᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂  ᠡᠮᠨᠡᠯᠭᠡ᠂ ᠬᠤᠭ ᠨᠣᠪᠰᠢ ᠰᠢᠢᠳᠪᠦᠷᠢᠯᠡᠬᠦ ᠵᠡᠷᠭᠡ ᠬᠦᠷᠢᠶᠡᠨ ᠳᠤ ᠬᠤᠯᠪᠣᠭᠳᠠᠵᠤ᠂  ᠭᠠᠭᠴᠠ  ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠨᠢ ᠴᠥᠮ 1.5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠡᠯᠡ ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ 730 ᠭᠠᠷᠤᠢ ᠳ᠋ᠦᠩᠰᠢᠭᠤᠷ ᠲᠥᠭᠦᠷᠢᠭ ᠲᠤ ᠬᠦᠷᠪᠡ᠃      ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠨᠢᠭᠡ ᠪᠦᠯᠦᠭ ᠴᠢᠬᠤᠯᠠ ᠶᠡᠭᠡ ᠠᠵᠤ ᠦᠢᠯᠡᠰ᠂ ᠰᠠᠭᠤᠷᠢ ᠪᠡᠯᠡᠳᠬᠡᠮᠵᠢ ᠪᠣᠯᠣᠨ ᠨᠡᠶᠢᠭᠡᠮ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠥᠷᠥᠯ ᠵᠦᠢᠯ ᠢ ᠲᠥᠰᠥᠪᠯᠡᠵᠦ᠂ ᠡᠭᠦᠨ ᠳᠤ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠳᠤ 4857 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠵᠢᠱᠢᠵᠦ᠂ ᠠᠮᠢ ᠠᠬᠤᠶ ᠂ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠠᠶᠠᠯᠠᠯ᠂ ᠬᠤᠲᠠ ᠶᠢᠨ ᠰᠠᠭᠤᠷᠢ ᠪᠡᠯᠡᠳᠬᠡᠮᠵᠢ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠨᠡᠶᠢᠭᠡᠮ ᠤᠨ ᠬᠥᠷᠥᠩᠭᠡ ᠶᠢ ᠥᠷᠭᠡᠨ ᠢᠶᠠᠷ ᠰᠢᠩᠭᠡᠭᠡᠨ ᠠᠪᠴᠤ ᠣᠷᠣᠯᠴᠠᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号