ᠥᠪᠥᠷ ᠮᠣᠩᠭᠤᠯ᠄ ᠠᠯᠪᠠᠨ ᠶᠠᠪᠤᠳᠠᠯ ᠤᠨ ᠨᠢᠰᠬᠡᠯ ᠤᠨ ᠪᠢᠯᠧᠲ ᠬᠤᠳᠠᠯᠳᠤᠨ ᠠᠪᠬᠤ ᠦᠬᠡᠷᠡᠴᠢᠯᠡᠯᠳᠡ ᠶᠢ ᠲᠤᠰ ᠰᠠᠷ᠎ᠠ ᠠᠴᠠ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2015/7/24
     ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠬ ᠤᠨ ᠲᠢᠩᠬᠢᠮ ᠠᠴᠠ ᠲᠦᠷᠦᠬᠦᠬᠡᠨ ᠨᠡᠶᠢᠳᠡᠯᠡᠭᠰᠡᠨ ᠢᠶᠠᠷ᠂ ᠦᠪᠡᠷᠲᠡᠭᠡᠨ ᠵᠠᠰᠠᠬᠤ ᠤᠷᠤᠨ ᠤ ᠲᠤᠰ ᠱᠠᠳᠤᠨ ᠤ ᠡᠯ᠎ᠠ ᠲᠦᠰᠦᠪ ᠤᠨ ᠨᠢᠬᠡᠴᠡ ᠶᠢᠨ ᠠᠯᠪᠠᠨ ᠠᠵᠢᠯᠳᠠᠳ ᠲᠤᠰ ᠰᠠᠷ᠎ᠠ ᠠᠴᠠ ᠡᠬᠢᠯᠡᠨ ᠠᠯᠪᠠᠨ ᠶᠠᠪᠤᠳᠠᠯ ᠤᠨ ᠺᠠᠷᠲ ᠢᠶᠠᠷ ᠢᠶᠠᠨ ᠵᠠᠰᠠᠬ ᠤᠨ ᠤᠷᠳᠤᠨ ᠠᠴᠠ ᠬᠤᠳᠠᠯᠳᠤᠨ ᠠᠪᠬᠤ ᠨᠢᠰᠬᠡᠯ ᠤᠨ ᠪᠢᠯᠧᠲ ᠤᠨ ᠬᠠᠮᠢᠶᠠᠷᠤᠯᠳᠠ ᠶᠢᠨ ᠰᠦᠯᠵᠢᠶ᠎ᠠ ᠲᠡᠭᠡᠷ᠎ᠠ ᠠᠴᠠ ᠨᠢᠰᠬᠡᠯ ᠤᠨ ᠪᠢᠯᠧᠲ ᠬᠤᠳᠠᠯᠳᠤᠨ ᠠᠪᠴᠤ ᠴᠢᠳᠠᠬᠤ ᠪᠤᠯᠤᠬᠰᠠᠨ ᠪᠠᠶᠢᠨ᠎ᠠ᠂ ᠡᠶᠢᠨ ᠬᠦ ᠮᠠᠨ ᠤ ᠤᠷᠤᠨ ᠤ ᠠᠯᠪᠠᠨ ᠶᠠᠪᠤᠳᠠᠯ ᠤᠨ ᠨᠢᠰᠬᠡᠯ ᠤᠨ ᠪᠢᠯᠧᠲ ᠬᠤᠳᠠᠯᠳᠤᠨ ᠠᠪᠬᠤ ᠥᠭᠡᠷᠡᠴᠢᠯᠡᠯᠲᠡ ᠵᠢᠩᠬᠢᠨᠢ ᠪᠠᠷ ᠶᠠᠪᠤᠬᠳᠠᠵᠦ ᠡᠬᠢᠯᠡᠯ᠎ᠠ᠃      ᠤᠢᠢᠯᠠᠭᠠᠬᠰᠠᠨ ᠢᠶᠠᠷ᠂ ᠤᠯᠤᠰ ᠤᠨ ᠲᠤᠳᠤᠭᠠᠳᠤ ᠶᠢᠨ ᠠᠭᠠᠷ ᠤᠨ ᠠᠶᠠᠯᠠᠯ ᠤᠨ ᠺᠤᠮᠫᠠᠨᠢ ᠶᠢᠨ ᠬᠢᠨ ᠵᠠᠰᠠᠬ ᠤᠨ ᠤᠷᠳᠤᠨ ᠠᠴᠠ ᠬᠤᠳᠠᠯᠳᠤᠨ ᠠᠪᠬᠤ ᠬᠡᠷ᠎ᠠ ᠶᠤᠰᠤᠭᠠᠷ ᠠᠯᠪᠠᠨ ᠶᠠᠪᠤᠳᠠᠯ ᠤᠨ ᠨᠢᠰᠬᠡᠯ ᠤᠨ ᠪᠢᠯᠧᠲ ᠳᠤ ᠦᠨ᠎ᠠ ᠶᠢᠨ ᠬᠠᠷᠠᠭᠠᠯᠵᠠᠯ ᠦᠵᠡᠬᠦᠯᠤᠨ᠂ ᠡᠯ᠎ᠠ ᠱᠠᠳᠤᠨ ᠤ ᠵᠠᠰᠠᠬ ᠤᠨ ᠤᠷᠳᠤᠨ ᠪᠠᠰᠠ ᠵᠠᠰᠠᠬ ᠤᠨ ᠤᠷᠳᠤᠨ ᠠᠴᠠ ᠬᠤᠳᠠᠯᠳᠤᠨ ᠠᠪᠬᠤ ᠦᠷ᠎ᠠ ᠳ᠋ᠦᠩ ᠢ ᠬᠠᠮᠳᠤ ᠪᠠᠷ ᠡᠳ᠋ᠯᠡᠬᠦ ᠪᠤᠯᠤᠨ᠎ᠠ᠃ ᠵᠠᠬ᠎ᠠ ᠲᠡᠯᠬᠡᠬᠦᠷ ᠤᠨ ᠬᠢᠮᠳᠠᠷᠠᠯ ᠲᠠᠢ ᠨᠢᠰᠬᠡᠯ ᠤᠨ ᠪᠢᠯᠧᠲ ᠢ ᠡᠯ᠎ᠠ ᠠᠭᠠᠷ ᠤᠨ ᠠᠶᠠᠯᠠᠯ ᠤᠨ ᠺᠤᠮᠫᠠᠨᠢ ᠨᠢ ᠤᠯᠤᠰ ᠤᠨ ᠲᠤᠳᠤᠭᠠᠳᠤ ᠪᠠ ᠤᠯᠠᠨ ᠤᠯᠤᠰ ᠤᠨ ᠨᠢᠰᠬᠡᠯ ᠤᠨ ᠪᠢᠯᠧᠲ ᠤᠨ ᠡᠯ᠎ᠠ ᠡᠬᠡᠯᠵᠢ ᠶᠢᠨ ᠨᠢᠰᠬᠡᠯ ᠤᠨ ᠪᠢᠯᠧᠲ ᠤᠨ ᠦᠨ᠎ᠠ ᠶᠢ ᠨᠢ ᠬᠢᠮᠳᠠᠷᠠᠭᠤᠯᠤᠬᠰᠠᠨ ᠰᠠᠭᠤᠷᠢᠨ ᠲᠡᠭᠡᠷ᠎ᠠ ᠪᠠᠰᠠ 9.5᠎ ᠢᠶᠠᠷ ᠨᠤᠭᠤᠯᠤᠨ ᠬᠢᠮᠳᠠᠷᠠᠭᠤᠯᠤᠨ᠎ᠠ︔ ᠵᠠᠬ᠎ᠠ ᠲᠡᠯᠬᠡᠬᠦᠷ ᠤᠨ ᠬᠢᠮᠳᠠᠷᠠᠯ ᠦᠬᠡᠢ ᠨᠢᠰᠬᠡᠯ ᠤᠨ ᠪᠢᠯᠧᠲ ᠢ 8.8᠂ 8.5᠎ ᠢᠶᠠᠷ ᠨᠤᠭᠤᠯᠤᠨ ᠬᠢᠮᠳᠠᠷᠠᠭᠤᠯᠬᠤ ᠬᠠᠷᠠᠭᠠᠯᠵᠠᠯ ᠦᠵᠡᠬᠦᠯᠦᠨ᠎ᠠ᠃ ᠪᠢᠯᠧᠲ ᠬᠤᠳᠠᠯᠳᠤᠨ ᠠᠪᠤᠬᠴᠢ ᠵᠠᠷᠴᠢᠮ ᠲᠡᠭᠡᠷ᠎ᠠ ᠪᠠᠨ ᠬᠢᠮᠳᠠᠷᠠᠯ ᠦᠬᠡᠢ ᠨᠢᠰᠬᠡᠯ ᠤᠨ ᠪᠢᠯᠧᠲ ᠢ ᠬᠤᠳᠠᠯᠳᠤᠨ ᠠᠪᠴᠤ ᠪᠤᠯᠬᠤ ᠦᠬᠡᠢ᠃ ᠨᠢᠰᠬᠡᠯ ᠤᠨ ᠪᠢᠯᠧᠲ ᠬᠤᠳᠠᠯᠳᠤᠨ ᠠᠪᠬᠤ ᠠᠷᠭ᠎ᠠ ᠵᠠᠮ ᠤᠨ ᠲᠠᠯ᠎ᠠ ᠪᠠᠷ᠂ ᠪᠢᠯᠧᠲ ᠬᠤᠳᠠᠯᠳᠤᠨ ᠠᠪᠤᠬᠴᠢ ᠠᠯᠪᠠᠨ ᠶᠠᠪᠤᠳᠠᠯ ᠤᠨ ᠺᠠᠷᠲ ᠢᠶᠠᠷ ᠢᠶᠠᠨ ᠵᠠᠰᠠᠬ ᠤᠨ ᠤᠷᠳᠤᠨ ᠠᠴᠠ ᠬᠤᠳᠠᠯᠳᠤᠨ ᠠᠪᠬᠤ ᠨᠢᠰᠬᠡᠯ ᠤᠨ ᠪᠢᠯᠧᠲ ᠤᠨ ᠬᠠᠮᠢᠶᠠᠷᠤᠯᠳᠠ ᠶᠢᠨ ᠰᠦᠯᠵᠢᠶ᠎ᠠ ᠲᠡᠭᠡᠷ᠎ᠠ ᠠᠴᠠ ᠬᠤᠪᠢᠨ ᠳᠠᠭᠠᠨ ᠪᠤᠶᠤ ᠪᠤᠰᠤᠳ ᠠᠯᠪᠠᠨ ᠠᠵᠢᠯᠳᠠᠨ ᠳᠤ ᠨᠢᠰᠬᠡᠯ ᠤᠨ ᠪᠢᠯᠧᠲ ᠬᠤᠳᠠᠯᠳᠤᠨ ᠠᠪᠴᠤ ᠪᠤᠯᠤᠨ᠎ᠠ᠂ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠨᠢᠰᠬᠡᠯ ᠤᠨ ᠪᠢᠯᠧᠲ ᠪᠤᠷᠤᠯᠠᠭᠤᠯᠬᠤ ᠬᠢᠷᠢ ᠬᠡᠮ ᠲᠠᠢ ᠡᠯ᠎ᠠ ᠠᠭᠠᠷ ᠤᠨ ᠠᠶᠠᠯᠠᠯ ᠤᠨ ᠺᠤᠮᠫᠠᠨᠢ ᠶᠢᠨ ᠰᠢᠭᠤᠳ ᠪᠤᠷᠤᠯᠠᠭᠤᠯᠬᠤ ᠪᠠᠶᠢᠭᠤᠯᠤᠮᠵᠢ ᠪᠤᠶᠤ ᠨᠢᠰᠬᠡᠯ ᠤᠨ ᠪᠢᠯᠧᠲ ᠢ ᠤᠷᠤᠯᠠᠨ ᠪᠤᠷᠤᠯᠠᠭᠤᠯᠬᠤ ᠪᠠᠶᠢᠭᠤᠯᠤᠮᠵᠢ ᠪᠠᠷ ᠲᠠᠮᠵᠢᠵᠦ᠂ ᠠᠯᠪᠠᠨ ᠶᠠᠪᠤᠳᠠᠯ ᠤᠨ ᠺᠠᠷᠲ ᠪᠤᠶᠤ ᠪᠠᠩᠬᠢ ᠶᠢᠨ ᠺᠠᠷᠲ ᠢᠶᠠᠷ ᠢᠶᠠᠨ ᠰᠢᠯᠵᠢᠬᠦᠯᠦᠨ ᠲᠤᠭᠠᠴᠠᠭ᠎ᠠ ᠬᠢᠬᠦ ᠠᠷᠭ᠎ᠠ ᠪᠠᠷ ᠬᠤᠪᠢᠨ ᠳᠠᠭᠠᠨ ᠪᠤᠶᠤ ᠪᠤᠰᠤᠳ ᠠᠯᠪᠠᠨ ᠠᠵᠢᠯᠳᠠᠨ ᠳᠤ ᠨᠢᠰᠬᠡᠯ ᠤᠨ ᠪᠢᠯᠧᠲ ᠬᠤᠳᠠᠯᠳᠤᠨ ᠠᠪᠴᠤ ᠪᠠᠰᠠ ᠪᠤᠯᠤᠨ᠎ᠠ᠃ ᠡᠬᠦᠨ  ᠠᠴᠠ ᠭᠠᠳᠠᠨ᠎ᠠ᠂ ᠵᠠᠬ᠎ᠠ ᠲᠡᠯᠬᠡᠬᠦᠷ ᠲᠡᠭᠡᠷ᠎ᠠ ᠪᠤᠷᠤᠯᠠᠭᠤᠯᠵᠦ ᠪᠠᠶᠢᠬᠤ ᠠᠯᠪᠠᠨ ᠶᠠᠪᠤᠳᠠᠯ ᠤᠨ ᠨᠢᠰᠬᠡᠯ ᠤᠨ ᠪᠢᠯᠧᠲ ᠠᠴᠠ ᠭᠠᠳᠠᠨᠠᠬᠢ ᠵᠠᠰᠠᠬ ᠤᠨ ᠤᠷᠳᠤᠨ ᠠᠴᠠ ᠬᠤᠳᠠᠯᠳᠤᠨ ᠠᠪᠬᠤ ᠬᠠᠷᠠᠭᠠᠯᠵᠠᠯ ᠤᠨ ᠦᠨ᠎ᠠ ᠠᠴᠠ ᠬᠢᠮᠳᠠ ᠪᠠᠷ ᠪᠤᠷᠤᠯᠠᠭᠤᠯᠵᠦ ᠪᠠᠶᠢᠬᠤ ᠤᠯᠤᠰ ᠤᠨ ᠲᠤᠳᠤᠭᠠᠳᠤ ᠶᠢᠨ ᠠᠭᠠᠷ ᠤᠨ ᠠᠶᠠᠯᠠᠯ ᠤᠨ ᠺᠤᠮᠫᠠᠨᠢ ᠶᠢᠨ ᠨᠢᠰᠬᠡᠯ ᠤᠨ ᠪᠢᠯᠧᠲ ᠢ ᠴᠤ ᠬᠤᠳᠠᠯᠳᠤᠨ ᠠᠪᠴᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号