2015 ᠤᠨ ᠤ ᠦᠪᠦᠷ ᠮᠤᠩᠭᠤᠯ ᠤᠨ ᠳᠠᠯ᠎ᠠ ᠨᠤᠳᠤᠭ ᠤᠨ ᠵᠢᠭᠤᠯᠴᠢᠯᠠᠯ ᠤᠨ ᠠᠷᠠᠯᠵᠢᠶᠠᠨ ᠤ ᠴᠤᠬᠯᠠᠭᠠᠨ ᠡᠬᠢᠯᠡᠪᠡ  126 ᠠᠵᠦ ᠠᠬᠤᠢᠢᠯᠠᠯ ᠴᠤᠬᠯᠠᠭᠠᠨ ᠳᠤ ᠤᠷᠤᠯᠴᠠᠪᠠ
ᠨᠡᠶᠢᠲᠡᠯᠡᠭᠰᠡᠨ ᠴᠠᠭ᠄
2015/7/24
     7 ᠳ᠋ᠤᠭᠠᠷ ᠰᠠᠷ᠎ᠠ ᠶᠢᠨ 23᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠡ 2015 ᠤᠨ ᠤ ᠦᠪᠦᠷ ᠮᠤᠩᠭᠤᠯ ᠤᠨ ᠲᠠᠯ᠎ᠠ ᠨᠤᠳᠤᠬ ᠤᠨ ᠵᠢᠭᠤᠯᠴᠢᠯᠠᠯ ᠤᠨ ᠠᠷᠠᠯᠵᠢᠶᠠᠨ ᠤ ᠴᠤᠬᠯᠠᠭᠠᠨ ᠰᠢᠯᠢ ᠶᠢᠨ ᠭᠤᠤᠯ ᠠᠶᠢᠮᠠᠬ ᠤᠨ ᠰᠢᠯᠢ ᠶᠢᠨ ᠬᠤᠲᠠ ᠳᠤ ᠡᠬᠢᠯᠡᠵᠦ᠂ ᠤᠷᠤᠨ ᠤ ᠲᠤᠳᠤᠨ᠎ᠠ ᠭᠠᠳᠠᠨᠠᠬᠢ 126 ᠠᠵᠦ ᠠᠬᠤᠢᠢᠯᠠᠯ᠂ ᠭᠡᠳᠦᠨ ᠮᠢᠩᠭᠠᠨ ᠵᠥᠢᠯ ᠤᠨ ᠵᠤᠭᠠᠴᠠᠯ ᠤᠨ ᠪᠦᠳᠦᠭᠡᠭᠳᠡᠬᠦᠨ ᠵᠢᠴᠢ ᠰᠤᠳᠤᠨ ᠵᠤᠭᠠᠴᠠᠯ ᠤᠨ ᠱᠤᠭᠤᠮ ᠤᠨ ᠪᠦᠳᠦᠭᠡᠭᠳᠡᠬᠦᠨ ᠴᠤᠬᠯᠠᠭᠠᠨ ᠳᠤ ᠤᠷᠤᠯᠴᠠᠪᠠ᠃ ᠵᠢᠭᠤᠯᠴᠢᠯᠠᠯ ᠤᠨ ᠠᠷᠠᠯᠵᠢᠶᠠᠨ ᠤ ᠴᠤᠬᠯᠭᠠᠨ ᠤ ᠬᠤᠭᠤᠴᠠᠭᠠᠨ ᠳᠤ᠂ 2015 ᠤᠨ ᠤ ᠲᠠᠯ᠎ᠠ ᠨᠤᠳᠤᠬ ᠤᠨ ᠲᠤᠷᠭᠠᠨ ᠵᠠᠮ · ᠲᠤᠮᠳᠠᠳᠦ ᠤᠯᠤᠰ ᠤᠨ ᠠᠳᠤᠭᠤᠨ ᠤ ᠨᠤᠲᠤᠭ ᠠᠳᠤᠭᠤᠨ ᠤ ᠦᠢᠯᠡᠰ ᠤᠨ ᠦᠵᠡᠰᠬᠦᠯᠡᠩ ᠤᠨ ᠴᠤᠬᠯᠠᠭᠠᠨ᠂ ᠰᠢᠯᠢ ᠶᠢᠨ ᠭᠤᠤᠯ ᠤᠨ ᠲᠠᠯ᠎ᠠ ᠨᠤᠳᠤᠬ ᠤᠨ ᠬᠡᠷᠲᠦ ᠲᠡᠷᠭᠡ ᠵᠢᠯᠤᠭᠤᠳᠤᠨ ᠬᠡᠭᠡᠷ᠎ᠠ ᠪᠠᠭᠤᠳᠠᠯᠯᠠᠬᠤ ᠴᠤᠬᠯᠠᠭᠠᠠ᠂ ᠰᠢᠯᠢ ᠶᠢᠨ ᠭᠤᠤᠯ ᠤᠨ ᠲᠠᠯ᠎ᠠ ᠨᠤᠳᠤᠬ ᠤᠨ ᠲᠠᠭᠤᠤ ᠬᠦᠭᠵᠢᠮ ᠤᠨ ᠨᠠᠶᠢᠷ ᠴᠦ  ᠰᠢᠯᠢ ᠶᠢᠨ ᠬᠤᠲᠠ ᠳᠤ ᠶᠠᠪᠤᠬᠳᠠᠨ᠎ᠠ᠃      ᠤᠢᠢᠷ᠎ᠠ ᠶᠢᠨ ᠵᠢᠯ ᠠᠴᠠ ᠨᠠᠰᠢ᠂ ᠮᠠᠨ ᠤ ᠤᠷᠤᠨ ᠦᠨᠳᠦᠰᠦᠳᠡᠨ ᠤ ᠭᠠᠷ ᠤᠷᠠᠯᠠᠯ ᠤᠨ ᠪᠦᠲᠦᠭᠡᠭᠲᠡᠬᠦᠨ᠂ ᠦᠨᠳᠦᠰᠦᠳᠡᠨ ᠤ ᠬᠤᠪᠴᠠᠰᠦ ᠵᠠᠰᠠᠯ᠂ ᠦᠨᠳᠦᠰᠦᠳᠡᠨ ᠤ ᠤᠯᠠᠮᠵᠢᠯᠠᠯᠳᠦ ᠢᠳᠡᠭᠡᠨ ᠵᠡᠷᠭᠡ ᠵᠢᠭᠤᠯᠴᠢᠯᠠᠯ ᠤᠨ ᠲᠠᠸᠠᠷ ᠢ ᠶᠡᠭᠡᠪᠡᠷ ᠬᠦᠭᠵᠢᠭᠦᠯᠦᠭᠰᠡᠡ ᠨᠢ ᠮᠠᠨ ᠤ ᠤᠷᠤᠨ ᠤ ᠵᠢᠭᠤᠯᠴᠢᠯᠠᠯ ᠤᠨ ᠪᠦᠳᠦᠭᠡᠭᠳᠡᠬᠦᠨ ᠢ ᠪᠠᠶᠠᠯᠢᠬᠵᠢᠭᠤᠯᠬᠤ᠂ ᠵᠢᠭᠤᠯᠴᠢᠯᠠᠯ ᠪᠠᠷᠠᠭ᠎ᠠ ᠬᠤᠳᠠᠯᠳᠤᠨ ᠠᠪᠬᠤ ᠵᠠᠬ᠎ᠠ ᠲᠡᠯᠭᠡᠬᠦᠷ ᠢ ᠬᠦᠭᠵᠢᠶᠠᠠ ᠲᠠᠢ ᠪᠤᠯᠭᠠᠬᠤ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ᠂ ᠤᠯᠠᠨ ᠢᠶᠠᠷ ᠢᠶᠠᠨ ᠦᠢᠯᠡᠰ ᠪᠤᠰᠬᠠᠬᠤ ᠪᠦᠬᠦᠨ ᠢᠶᠠᠷ ᠢᠶᠠᠨ ᠰᠢᠨ᠎ᠠ ᠶᠢ ᠡᠬᠦᠳᠬᠦ ᠰᠠᠶᠢᠨ ᠰᠠᠶᠢᠬᠠᠨ ᠰᠢᠨ᠎ᠠ ᠶᠢ ᠡᠬᠦᠳᠴᠦ ᠦᠢᠯᠡᠰ ᠪᠤᠰᠬᠠᠬᠤ ᠪᠠᠶᠢᠳᠠᠯ ᠢ ᠲᠦᠷᠭᠡᠨ ᠪᠤᠢ ᠪᠤᠯᠭᠠᠬᠤ ᠳᠤ ᠢᠳᠡᠪᠬᠢᠳᠠᠢ ᠠᠬᠢᠭᠤᠯᠬᠤ ᠦᠢᠯᠡᠳᠦᠯ ᠦᠵᠡᠭᠦᠯᠵᠠᠢ᠃ ᠲᠤᠰ ᠤᠳᠠᠭ᠎ᠠ ᠶᠢᠨ ᠵᠢᠭᠤᠯᠴᠢᠯᠠᠯ ᠤᠨ ᠠᠷᠠᠯᠵᠢᠶᠠᠨ ᠤ ᠴᠤᠬᠯᠠᠭᠠᠨ ᠤᠨᠴᠠᠭᠠᠢ ᠬᠤᠪᠴᠠᠰᠤᠨ ᠤ ᠦᠵᠡᠭᠦᠯᠦᠯᠭᠡ ᠶᠢᠨ ᠲᠤᠭᠤᠷᠢᠬ᠂ ᠲᠠᠸᠠᠷ ᠤᠨ ᠪᠤᠷᠤᠯᠠᠭᠤᠯᠭ᠎ᠠ ᠶᠢᠨ ᠲᠤᠭᠤᠷᠢᠬ᠂ ᠭᠡᠭᠡᠷ᠎ᠠ ᠭᠠᠳᠠᠨ᠎ᠠ ᠭᠡᠷᠡᠭᠯᠡᠬᠦ ᠵᠦᠢᠯ ᠵᠢᠴᠢ ᠵᠢᠭᠤᠯᠴᠢᠯᠠᠯ ᠤᠨ ᠲᠦᠬᠦᠭᠡᠷᠤᠮᠵᠢ ᠶᠢᠨ ᠲᠤᠭᠤᠷᠢᠬ ᠭᠠᠷᠭᠠᠵᠦ ᠂ ᠲᠤᠬᠠᠢ ᠶᠢᠨ ᠲᠠᠯᠠᠪᠠᠢ ᠳᠤ ᠲᠡᠯᠭᠡᠨ ᠦᠵᠡᠭᠦᠯᠬᠦ᠂ ᠰᠤᠯᠢᠯᠴᠠᠭ᠎ᠠ ᠵᠦᠪᠲᠡᠯᠴᠡᠭᠡ ᠬᠢᠬᠦ᠂ ᠪᠦᠳᠦᠭᠡᠭᠳᠡᠬᠦᠨ ᠤ ᠲᠠᠨᠢᠯᠴᠠᠭᠤᠯᠭ᠎ᠠ᠂ ᠰᠤᠶᠤᠯ ᠪᠡᠶ᠎ᠠ ᠶᠢᠨ ᠲᠠᠮᠢᠷ ᠤᠨ ᠠᠵᠢᠯᠯᠠᠭ᠎ᠠ ᠡᠷᠬᠢᠯᠡᠬᠦ ᠵᠡᠷᠭᠡ ᠤᠯᠠᠨ ᠵᠦᠢᠯ ᠤᠨ ᠭᠡᠯᠪᠡᠷᠢ ᠪᠠᠷ ᠪᠦᠬᠦ ᠤᠷᠤᠨ ᠤ ᠲᠠᠯ᠎ᠠ ᠨᠤᠳᠤᠬ ᠤᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠦᠷ᠎ᠠ ᠪᠦᠳᠦᠭᠡᠯ ᠢ ᠬᠦᠢᠴᠡᠳ ᠢᠯᠡᠷᠡᠭᠦᠯᠵᠦ᠂ ᠤᠷᠤᠨ ᠤ ᠲᠤᠳᠤᠨ᠎ᠠ ᠭᠠᠳᠠᠨᠠᠬᠢ ᠵᠢᠭᠤᠯᠴᠢᠯᠠᠯ ᠤᠨ ᠰᠤᠯᠢᠯᠴᠠᠯᠭ᠎ᠠ ᠬᠠᠮᠳᠤᠷᠠᠯᠴᠠᠭ᠎ᠠ ᠳᠤ ᠲᠠᠪᠴᠠᠩ ᠪᠠᠶᠢᠭᠤᠯᠵᠤ ᠦᠭᠴᠠᠢ᠃      ᠤᠢᠢᠯᠠᠭᠠᠬᠰᠠᠠ ᠢᠶᠠᠷ᠂ ᠲᠤᠰ ᠤᠳᠠᠭ᠎ᠠ ᠶᠢᠨ ᠵᠢᠭᠤᠯᠴᠢᠯᠠᠯ ᠤᠨ ᠠᠷᠠᠯᠵᠢᠶᠠᠨ ᠤ ᠴᠤᠬᠯᠠᠭᠠᠨ ᠲᠡᠭᠡᠷ᠎ᠠ᠂ ᠰᠢᠯᠢ ᠶᠢᠨ ᠭᠤᠤᠯ ᠠᠶᠢᠮᠠᠬ ᠤᠨ ᠬᠢᠨ ᠺᠢᠨᠣ᠋ ︽ᠴᠢᠨ᠋ᠸ᠎ᠠ ᠶᠢᠨ ᠲᠤᠲ᠋ᠧᠮ︾᠎ ᠢ ᠰᠡᠬᠦᠳᠡᠷᠯᠡᠵᠦ ᠦᠢᠯᠡᠳᠦᠭᠰᠡᠡ ᠭᠠᠵᠠᠷ ᠪᠤᠯᠬᠤ ᠤᠯᠠᠭᠠᠢ ᠬᠦᠭᠡ ᠴᠢᠨ᠋ᠸ᠎ᠠ ᠶᠢᠨ ᠲᠠᠯ᠎ᠠ ᠨᠤᠳᠤᠬ ᠤᠨ ᠵᠢᠭᠤᠯᠴᠢᠯᠠᠯ᠂ ᠰᠢᠯᠢ ᠶᠢᠨ ᠭᠤᠤᠯ ᠤᠨ ᠲᠠᠯ᠎ᠠ ᠨᠤᠳᠤᠬ ᠤᠨ ᠤᠯᠠᠨ ᠡᠰᠢᠴᠢᠯᠡᠭᠰᠡᠡ ᠴᠤᠯ ᠪᠠᠶᠢᠭᠠᠯᠢ ᠶᠢᠨ ᠠᠮᠢ ᠠᠬᠤᠢ ᠶᠢᠨ ᠦᠵᠡᠮᠵᠢ ᠶᠢ ᠲᠤᠪᠤᠶᠢᠯᠭᠠᠬᠰᠠᠠ ᠲᠠᠯ᠎ᠠ ᠨᠤᠳᠤᠬ ᠤᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠱᠤᠭᠤᠮ ᠢ ᠪᠠᠭᠳᠠᠭᠠᠬᠰᠠᠠ 4 ᠰᠤᠳᠤᠨ ᠱᠤᠭᠤᠮ ᠢ ᠲᠠᠨᠢᠯᠴᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号