ᠦᠪᠦᠷ ᠮᠤᠩᠭᠤᠯ ᠤᠨ ᠪᠠᠷᠠᠭᠤᠨ ᠤᠷᠤᠨ ᠤ ᠲᠦᠯᠦᠪᠯᠡᠭᠡ ᠶᠢᠨ 384 ᠰᠠᠶᠢᠨ ᠳᠤᠷᠠᠴᠤᠳ 33 ᠬᠤᠰᠢᠭᠤ ᠰᠢᠶᠠᠨ ᠲᠤᠭᠤᠷᠢᠭ ᠲᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2015/7/24
     7 ᠳ᠋ᠤᠭᠠᠷ ᠰᠠᠷ᠎ᠠ ᠶᠢᠨ 20᠎ ᠠᠴᠠ 23᠎ ᠤ ᠡᠳᠤᠷ ᠪᠤᠯᠳᠠᠯ᠎ᠠ᠂ 2015 ᠤᠨ ᠤ ᠦᠪᠤᠷ ᠮᠤᠩᠭᠤᠯ ᠤᠨ ᠤᠶᠤᠳᠠᠳ ᠤᠨ ᠪᠠᠷᠠᠭᠤᠨ ᠤᠷᠤᠨ ᠤ ᠲᠦᠯᠦᠪᠯᠡᠭᠡ ᠳᠤ ᠰᠠᠶᠢᠨ ᠲᠤᠷ᠎ᠠ ᠠᠴᠠ ᠪᠠᠨ ᠦᠢᠯᠡᠴᠢᠯᠡᠬᠦ ᠪᠤᠯᠪᠠᠰᠤᠷᠠᠯ ᠤᠨ ᠠᠵᠢᠯ ᠬᠦᠬᠡᠬᠤᠳᠠ ᠳᠤ ᠶᠠᠪᠤᠭᠳᠠᠪᠠ᠃ 23᠎ ᠤ ᠡᠳᠤᠷ᠂ ᠦᠪᠡᠷᠳᠡᠭᠡᠨ ᠵᠠᠰᠬᠠᠤ ᠤᠷᠤᠨ ᠤ ᠡᠪᠯᠠᠯ ᠤᠨ ᠬᠤᠷᠢᠶ᠎ᠠ 2015 ᠤᠨ ᠤ ᠪᠦᠬᠦ ᠤᠷᠤᠨ ᠤ ᠤᠶᠤᠳᠠᠳ ᠤᠨ ᠪᠠᠷᠠᠭᠤᠨ ᠤᠷᠤᠨ ᠤ ᠲᠦᠯᠦᠪᠯᠡᠭᠡ ᠳᠤ ᠦᠢᠯᠡᠴᠢᠯᠡᠬᠦ ᠰᠠᠶᠢᠨ ᠲᠤᠷᠠᠴᠤᠳ ᠤᠨ ᠮᠤᠷᠳᠠᠬᠤ ᠶᠤᠰᠤᠯᠠᠯ ᠶᠠᠪᠤᠭᠤᠯᠵᠤ᠂ 384 ᠰᠠᠶᠢᠨ ᠲᠤᠷᠠᠴᠤᠳ ᠪᠦᠬᠦ ᠤᠷᠤᠨ ᠤ 33 ᠬᠤᠰᠢᠭᠤ ᠰᠢᠶᠠᠨ ᠲᠤᠭᠤᠷᠢᠭ ᠲᠤ ᠨᠢᠭᠡ ᠵᠢᠯ ᠤᠨ ᠬᠤᠭᠤᠴᠠᠭ᠎ᠠ ᠲᠠᠢ ᠰᠠᠶᠢᠨ ᠲᠤᠷ᠎ᠠ ᠶᠢᠨ ᠦᠢᠯᠡᠴᠢᠯᠡᠭᠡ ᠬᠢᠬᠦ ᠪᠤᠯᠤᠨ᠎ᠠ᠃      ᠤᠶᠤᠳᠠᠳ ᠤᠨ ᠪᠠᠷᠠᠭᠤᠨ ᠤᠷᠤᠨ ᠤ ᠲᠦᠯᠦᠪᠯᠡᠭᠡ ᠳᠤ ᠰᠠᠶᠢᠨ ᠲᠤᠷ᠎ᠠ ᠠᠴᠠ ᠪᠠᠨ ᠦᠢᠯᠡᠴᠢᠯᠡᠬᠦ ᠲᠦᠷᠦᠯ ᠵᠦᠢᠯ ᠢ 2003 ᠤᠨ ᠠᠴᠠ ᠡᠬᠢᠯᠡᠵᠤ ᠭᠡᠷᠡᠭᠵᠢᠬᠦᠯᠦᠭᠰᠡᠨ ᠠᠴᠠ ᠨᠠᠰᠢᠬᠢ 12 ᠵᠢᠯ ᠤᠨ ᠲᠤᠷᠰᠢ᠂ ᠡᠪ ᠬᠠᠮᠳᠤ ᠵᠠᠯᠠᠭᠤᠴᠤᠳ ᠤᠨ ᠡᠪᠯᠠᠯ ᠤᠨ ᠲᠦᠪ ᠬᠤᠷᠢᠶ᠎ᠠ ᠪᠠ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠲᠠᠮᠵᠢᠯᠭᠡ ᠲᠤᠤᠷ᠎ᠠ᠂ ᠪᠠᠷᠠᠭᠤᠨ ᠤᠷᠤᠨ ᠤ ᠲᠦᠯᠦᠪᠯᠡᠭᠡ ᠶᠢᠨ ᠲᠦᠷᠦᠯ ᠵᠦᠢᠯ ᠮᠠᠨ ᠤ ᠤᠷᠤᠨ ᠳᠤ ᠲᠤᠪᠤᠶᠢᠮ᠎ᠠ ᠠᠮᠵᠢᠯᠳᠠ ᠤᠯᠤᠭᠰᠠᠨ ᠪᠠᠶᠢᠨ᠎ᠠ᠃ 12 ᠵᠢᠯ ᠳᠤ᠂ 6084 ᠰᠢᠯᠢᠳᠡᠭ ᠤᠶᠤᠳᠠᠳ ᠮᠠᠨ ᠤ ᠤᠷᠤᠨ ᠤ ᠦᠨᠳᠤᠰᠤᠨ ᠱᠠᠳᠤ ᠪᠠᠷ ᠬᠦᠷᠴᠤ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠬᠦᠯ ᠬᠠᠮᠠᠭᠠᠯᠠᠯ᠂ ᠶᠠᠳᠠᠭᠤ ᠶᠢ ᠲᠠᠳᠬᠦᠬᠦ ᠵᠢᠴᠢ ᠵᠠᠯᠠᠭᠤᠴᠤᠳ ᠤᠨ ᠠᠵᠢᠯ ᠵᠡᠷᠭᠡ ᠬᠦᠷᠢᠶ᠎ᠠ ᠴᠠᠷᠠᠭ᠎ᠠ ᠳᠤ ᠰᠠᠶᠢᠨ ᠲᠤᠷ᠎ᠠ ᠶᠢᠨ ᠦᠢᠯᠡᠴᠢᠯᠡᠭᠡ ᠬᠢᠵᠤ᠂ ᠦᠨᠳᠤᠰᠤᠨ ᠱᠠᠳᠤᠨ ᠤ ᠤᠯᠠᠨ ᠲᠦᠮᠡᠨ ᠲᠠᠢ ᠬᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠤᠯᠵᠤ᠂ ᠦᠨᠳᠤᠰᠤᠨ ᠱᠠᠳᠤᠨ ᠤ ᠡᠯ᠎ᠠ ᠲᠠᠯ᠎ᠠ ᠶᠢᠨ ᠦᠢᠯᠡᠰ ᠤᠨ ᠬᠦᠭᠵᠢᠯᠳᠠ ᠳᠤ ᠳᠡᠮᠵᠢᠯᠡᠭᠡ ᠦᠵᠡᠭᠦᠯᠪᠡ᠃      ᠡᠨᠡ ᠵᠢᠯ᠂ ᠰᠦᠯᠵᠢᠶᠠᠨ ᠲᠡᠭᠡᠷ᠎ᠠ ᠨᠠᠷ᠎ᠠ ᠮᠡᠳᠡᠬᠦᠯᠬᠦ᠂ ᠬᠢᠨᠠᠨ ᠬᠠᠷᠭᠤᠭᠤᠯᠬᠤ᠂ ᠪᠢᠷ ᠤᠨ ᠰᠢᠯᠭᠠᠯᠳᠠ᠂ ᠪᠡᠶ᠎ᠠ ᠶᠢᠨ ᠪᠠᠶᠢᠴᠠᠭᠠᠯᠳᠠ ᠵᠡᠷᠭᠡ ᠤᠯᠠᠨ ᠭᠤᠭᠴᠤᠭ᠎ᠠ ᠪᠠᠷ ᠲᠠᠮᠵᠢᠨ᠂ 384 ᠰᠢᠯᠢᠳᠡᠭ ᠤᠶᠤᠳᠠᠨ ᠴᠤᠯᠭᠤᠷᠠᠨ ᠭᠠᠷᠴᠤ᠂ ᠪᠠᠷᠠᠭᠤᠨ ᠤᠷᠤᠨ ᠤ ᠲᠦᠯᠦᠪᠯᠡᠭᠡ ᠶᠢᠨ ᠰᠠᠶᠢᠨ ᠲᠤᠷᠠᠴᠤᠳ ᠪᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号