ᠥᠪᠥᠷ ᠮᠣᠩᠭᠤᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠵᠤ ᠪᠠᠶᠢᠭ᠎ᠠ ᠪᠠᠶᠢᠳᠠᠯ
ᠨᠡᠶᠢᠲᠡᠯᠡᠭᠰᠡᠨ ᠴᠠᠭ᠄
2015/7/24
     2015 ᠣᠨ ᠳᠤ ᠮᠠᠨ ᠤ ᠣᠷᠣᠨ ᠤ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ  ᠤᠨ  ᠶᠡᠷᠦᠩᠬᠡᠶ ᠲᠤᠭ᠎ᠠ ᠵᠢᠱᠢᠯᠲᠡ ᠪᠠᠷ 11.6 ᠲᠦᠮᠡᠨ ᠬᠥᠮᠦᠨ ᠪᠠᠶᠢᠵᠤ᠂ 2014 ᠣᠨ ᠤ ᠬᠢ ᠠᠴᠠ 2000 ᠭᠠᠷᠤᠶ ᠬᠥᠮᠦᠨ ᠨᠡᠮᠡᠭᠳᠡᠪᠡ᠃ 2015 ᠤᠨ ᠤ 7 ᠳ᠋ᠤᠭᠠᠷ ᠰᠠᠷ᠎ᠠ ᠶᠢᠨ 22᠎ ᠤᠨ ᠡᠳᠦᠷ ᠪᠣᠯᠲᠠᠯ᠎ᠠ᠂ ᠮᠠᠨ ᠤ ᠣᠷᠣᠨ ᠤ ᠬᠢᠷᠢ ᠬᠡᠮ  ᠬᠢᠨᠠᠬᠤ ᠶᠢ ᠳᠠᠮᠵᠢᠭᠰᠠᠨ ᠰᠤᠷᠭᠠᠭᠤᠯᠢ ᠲᠡᠭᠦᠰᠦᠭᠰᠡᠳ ᠤᠨ ᠶᠡᠷᠦᠩᠬᠡᠶ ᠲᠤᠭ᠎ᠠ 112828 ᠬᠥᠮᠦᠨ ᠪᠠᠶᠢᠵᠤ᠂ ᠭᠡᠷ᠎ᠡ ᠲᠤᠭᠲᠠᠭᠰᠠᠨ ᠶᠡᠷᠦᠩᠬᠡᠶ ᠲᠤᠭ᠎ᠠ 89854 ᠪᠠᠶᠢᠵᠤ᠂ ᠭᠡᠷ᠎ᠡ ᠲᠤᠭᠲᠠᠭᠰᠠᠨ ᠨᠣᠷᠮ᠎ᠠ 79.64% ᠪᠤᠯᠤᠨ᠎ᠠ  ᠃ ᠡᠭᠦᠨ ᠳᠤ᠄ ᠠᠰᠫᠢᠷᠠᠨᠲ 5495 ᠬᠦᠮᠦᠨ ᠪᠠᠶᠢᠵᠤ᠂ 2320᠎ ᠨᠢ ᠭᠡᠷ᠎ᠡ ᠲᠤᠭᠲᠠᠵᠤ᠂ ᠭᠡᠷ᠎ᠡ ᠲᠤᠭᠲᠠᠭᠰᠠᠨ ᠨᠣᠷᠮ᠎ᠠ 42.22% ᠪᠤᠯᠤᠨ᠎ᠠ︔ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ 55354 ᠬᠦᠮᠦᠨ ᠪᠠᠶᠢᠵᠤ᠂ 41998᠎ ᠨᠢ ᠬᠡᠷ᠎ᠡ ᠲᠤᠭᠲᠠᠵᠤ᠂ ᠭᠡᠷ᠎ᠡ ᠲᠤᠭᠲᠠᠭᠰᠠᠨ ᠨᠣᠷᠮ᠎ᠠ 75.87% ᠪᠤᠯᠤᠨ᠎ᠠ︔ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢ 51979 ᠬᠦᠮᠦᠨ ᠪᠠᠶᠢᠵᠤ᠂ 45536᠎ ᠨᠢ  ᠭᠡᠷ᠎ᠡ ᠲᠤᠭᠲᠠᠵᠤ᠂ ᠭᠡᠷ᠎ᠡ ᠲᠤᠭᠲᠠᠭᠰᠠᠨ ᠨᠣᠷᠮ᠎ᠠ 87.60% ᠪᠤᠯᠤᠨ᠎ᠠ᠃ 7 ᠳ᠋ᠤᠭᠠᠷ ᠰᠠᠷ᠎ᠠ ᠶᠢᠨ 22᠎ ᠤᠨ ᠡᠳᠦᠷ ᠤᠨ ᠲᠤᠭ᠎ᠠ ᠪᠦᠷᠢᠳᠬᠡᠯ ᠢᠶᠠᠷ᠂ ᠮᠠᠨ ᠤ ᠣᠷᠣᠨ ᠤ ᠰᠤᠷᠭᠠᠭᠤᠯᠢ ᠲᠡᠭᠦᠰᠦᠭᠰᠡᠳ ᠤᠨ ᠠᠵᠢᠯ  ᠤᠯᠬᠤ ᠭᠠᠷᠳᠠᠮ ᠬᠦᠢᠴᠡᠳᠭᠡᠵᠤ ᠪᠠᠶᠢᠭ᠎ᠠ ᠪᠠᠶᠢᠳᠠᠯ᠄ ᠬᠢᠷᠢ ᠬᠡᠮ ᠬᠢᠨᠠᠬᠤ ᠶᠢ ᠳᠠᠮᠵᠢᠭᠰᠠᠨ ᠰᠤᠷᠭᠠᠭᠤᠯᠢ ᠲᠡᠭᠦᠰᠦᠭᠰᠡᠳ ᠤᠨ ᠶᠡᠷᠦᠩᠭᠡᠢ ᠲᠤᠭ᠎ᠠ 112828 ᠬᠦᠮᠦᠨ ᠪᠠᠶᠢᠵᠤ᠂ 79959᠎ ᠨᠢ ᠠᠵᠢᠯ ᠤᠯᠵᠤ᠂ ᠠᠵᠢᠯ ᠤᠯᠤᠭᠰᠠᠨ ᠨᠣᠷᠮ᠎ᠠ 70.87% ᠪᠤᠯᠤᠨ᠎ᠠ  ᠃ ᠡᠭᠦᠨ ᠳᠤ᠄ ᠠᠰᠫᠢᠷᠠᠨᠲ ᠤᠨ ᠶᠡᠷᠦᠩᠭᠡᠢ ᠲᠤᠭ᠎ᠠ 5495 ᠪᠠᠶᠢᠵᠤ᠂ 2024᠎ ᠨᠢ ᠠᠵᠢᠯ ᠤᠯᠵᠤ᠂ ᠠᠵᠢᠯ ᠤᠯᠤᠭᠰᠠᠨ ᠨᠣᠷᠮ᠎ᠠ 36.83% ᠪᠤᠯᠤᠨ᠎ᠠ︔ ᠵᠢᠩᠬᠢᠨᠢ ᠠᠩᠭᠢ  ᠲᠡᠭᠦᠰᠦᠭᠰᠡᠳ ᠤᠨ ᠶᠡᠷᠦᠩᠭᠡᠢ ᠲᠤᠭ᠎ᠠ 55354 ᠪᠠᠶᠢᠵᠤ᠂ 35320᠎ ᠨᠢ ᠠᠵᠢᠯ ᠤᠯᠵᠤ᠂ ᠠᠵᠢᠯ ᠤᠯᠤᠭᠰᠠᠨ ᠨᠣᠷᠮ᠎ᠠ 63.81% ᠪᠤᠯᠤᠨ᠎ᠠ︔ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ ᠤᠨ ᠶᠡᠷᠦᠩᠭᠡᠢ ᠲᠤᠭ᠎ᠠ 51979 ᠪᠠᠶᠢᠵᠤ᠂ 42615᠎ ᠨᠢ ᠠᠵᠢᠯ ᠤᠯᠵᠤ᠂ ᠠᠵᠢᠯ ᠤᠯᠤᠭᠰᠠᠨ ᠨᠣᠷᠮ᠎ᠠ 81.99% ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号