2015 ᠣᠨ ᠤ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠳᠠᠭᠠᠳᠬᠠᠯ ᠤᠨ ᠰᠦᠢᠳᠬᠡᠯ ᠤᠨ ᠣᠷᠣᠯᠭ᠎ᠠ | ᠪᠣᠯᠣᠨ ᠲᠥᠯᠥᠪᠦᠷᠢ ᠥᠭᠬᠦ ᠵᠠᠷᠤᠯᠭ᠎ᠠ ᠤᠯᠠᠮ ᠨᠢᠭᠡ ᠠᠯᠬᠤᠮ ᠥᠷᠭᠡᠳᠪᠡ᠃ 6 ᠳ᠋ᠤᠭᠠᠷ ᠰᠠᠷ᠎ᠠ ᠶᠢᠨ ᠡᠴᠦᠰ | ᠪᠣᠯᠲᠠᠯ᠎ᠠ᠂ ᠪᠦᠬᠦ ᠣᠷᠣᠨ ᠤ ᠳᠠᠭᠠᠳᠬᠠᠯ ᠤᠨ ᠦᠢᠯᠡᠰ ᠰᠢᠭᠤᠳ ᠳᠠᠭᠠᠳᠬᠠᠯ ᠤᠨ ᠰᠦᠢᠳᠬᠡᠯ ᠤᠨ ᠣᠷᠣᠯᠭ᠎ᠠ ᠶᠢ | 230.41 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 31.17% ᠪᠠᠷ | ᠨᠡᠮᠡᠭᠳᠡᠵᠡᠢ᠃ ᠡᠭᠦᠨ ᠳᠤ᠂ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ ᠤᠨ ᠰᠢᠭᠤᠳ ᠳᠠᠭᠠᠳᠬᠠᠯ ᠤᠨ | ᠰᠦᠢᠳᠬᠡᠯ ᠤᠨ ᠣᠷᠣᠯᠭ᠎ᠠ 82.17 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12. | 23% ᠪᠠᠷ ᠨᠡᠮᠡᠭᠳᠡᠵᠡᠢ︔ ᠬᠥᠮᠦᠨ ᠤ ᠪᠡᠶ᠎ᠡ ᠶᠢᠨ ᠳᠠᠭᠠᠳᠬᠠᠯ ᠤᠨ ᠺᠣᠮᠫᠠᠨᠢ ᠤᠨ ᠰᠢᠭᠤᠳ ᠳᠠᠭᠠᠳᠬᠠᠯ ᠤᠨ | ᠰᠦᠢᠳᠬᠡᠯ ᠤᠨ ᠣᠷᠣᠯᠭ᠎ᠠ 148.25 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 44.71% ᠪᠠᠷ ᠨᠡᠮᠡᠭᠳᠡᠵᠡᠢ᠃ ᠪᠦᠬᠦ ᠣᠷᠣᠨ ᠤ ᠳᠠᠭᠠᠳᠬᠠᠯ ᠤᠨ ᠺᠣᠮᠫᠠᠨᠢ ᠶᠢᠨ ᠲᠥᠯᠥᠪᠦᠷᠢ ᠶᠢᠨ ᠵᠠᠷᠤᠯᠭ᠎ᠠ 54. | 77 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠵᠡᠢ᠃ | ᠡᠭᠦᠨ ᠠᠴᠠ ᠭᠠᠳᠠᠨ᠎ᠠ᠂ ᠭᠦᠸᠧ ᠱᠸᠤ ᠡᠳ᠋ ᠬᠥᠷᠥᠩᠭᠡ ᠶᠢᠨ ᠳᠠᠭᠠᠳᠬᠠᠯ᠂ ᠳ᠋ᠠ ᠳ᠋ᠢ ᠡᠳ᠋ ᠬᠦᠷᠦᠩᠭᠡ ᠶᠢᠨ | ᠳᠠᠭᠠᠳᠬᠠᠯ᠂ ᠠᠨ ᠬᠤᠸᠠ ᠳᠠᠭᠠᠳᠬᠠᠯ᠂ ᠾᠧ ᠵᠦᠩ ᠠᠮᠢ ᠨᠠᠰᠤᠨ ᠤ ᠳᠠᠭᠠᠳᠬᠠᠯ᠂ ᠫᠢᠩ ᠠᠨ ᠨᠠᠰᠤᠵᠢᠯ ᠤᠨ | ᠠᠰᠠᠷᠠᠮᠵᠢ ᠪᠣᠯᠣᠨ ᠱᠧᠩ ᠮᠢᠩ ᠠᠮᠢ ᠨᠠᠰᠤᠨ ᠤ ᠳᠠᠭᠠᠳᠬᠠᠯ ᠵᠡᠷᠭᠡ ᠳᠠᠭᠠᠳᠬᠠᠯ ᠤᠨ ᠺᠣᠮᠫᠠᠨᠢ ᠨᠤᠭᠤᠳ ᠮᠠᠨ ᠤ | ᠣᠷᠣᠨ ᠤ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠯᠦᠭᠡ ᠨᠡᠪᠲᠡᠷᠡᠯᠴᠡᠭᠡ ᠬᠢᠭᠡᠳ | ᠬᠡᠯᠡᠯᠴᠡᠭᠡ ᠬᠢᠵᠦ᠂ ᠳᠠᠭᠠᠳᠬᠠᠯ ᠤᠨ ᠪᠡᠯᠡ ᠮᠥᠩᠭᠦ ᠪᠠᠨ ᠮᠠᠨ ᠤ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠳᠤ | ᠪᠡᠯᠡ ᠣᠷᠣᠭᠤᠯᠬᠤ ᠪᠠᠷ ᠴᠢᠷᠮᠠᠶᠢᠵᠤ ᠪᠠᠶᠢᠨ᠎ᠠ᠃ | |