ᠡᠵᠡᠨ᠎ᠡ ᠠᠴᠠ ᠬᠠᠮᠢ ᠬᠦᠷᠬᠦ ᠲᠡᠮᠦᠷ ᠵᠠᠮ ᠤᠨ ᠨᠠᠯᠠᠤ ᠭᠤᠤ ᠶᠢᠨ ᠣᠨᠴᠠ ᠲᠣᠮᠣ ᠬᠥᠭᠦᠷᠭᠡ ᠶᠢ ᠤᠷᠤᠭᠰᠢᠲᠠᠢ ᠪᠠᠷ ᠨᠡᠶᠢᠯᠡᠭᠦᠯᠪᠡ
ᠨᠡᠶᠢᠲᠡᠯᠡᠭᠰᠡᠨ ᠴᠠᠭ᠄
2015/7/24
     7 ᠳ᠋ᠤᠭᠠᠷ ᠰᠠᠷ᠎ᠠ ᠶᠢᠨ 23᠎ ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠳᠦᠷᠪᠡᠳᠦᠭᠡᠷ ᠲᠣᠪᠴᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠲᠠᠳ ᠡᠵᠡᠨ᠎ᠡ ᠠᠴᠠ ᠬᠠᠮᠢ ᠬᠦᠷᠬᠦ ᠲᠡᠮᠦᠷ ᠵᠠᠮ ᠤᠨ ᠨᠠᠯᠠᠤ ᠭᠤᠤ ᠶᠢᠨ ᠣᠨᠴᠠ ᠲᠣᠮᠣ ᠬᠥᠭᠦᠷᠭᠡ ᠶᠢᠨ ᠨᠢᠷᠤᠭᠤ ᠲᠠᠯᠪᠢᠬᠤ ᠠᠵᠢᠯ ᠬᠢᠵᠦ ᠪᠠᠶᠢᠭ᠎ᠠ ᠨᠢ᠃      ᠲᠤᠰ ᠡᠳᠦᠷ᠂ ᠡᠵᠡᠨ᠎ᠡ ᠠᠴᠠ ᠬᠠᠮᠢ ᠬᠦᠷᠬᠦ ᠲᠡᠮᠦᠷ ᠵᠠᠮ ᠤᠨ ᠬᠢᠵᠠᠭᠠᠷᠯᠠᠬᠤ ᠴᠢᠨᠠᠷᠲᠠᠶ ᠪᠠᠷᠢᠯᠭ᠎ᠠ ᠶᠢᠨ ᠨᠠᠯᠠᠤ ᠭᠤᠤ ᠶᠢᠨ ᠣᠨᠴᠠ ᠲᠣᠮᠣ ᠬᠥᠭᠦᠷᠭᠡ ᠶᠢᠨ ᠨᠢᠷᠤᠭᠤ ᠲᠠᠯᠪᠢᠬᠤ ᠠᠵᠢᠯ ᠢᠶᠠᠨ ᠪᠡᠶᠡᠯᠡᠭᠦᠯᠵᠦ᠂ ᠤᠷᠤᠭᠰᠢᠲᠠᠢ ᠪᠠᠷ ᠨᠡᠶᠢᠯᠡᠭᠦᠯᠪᠡ᠃ ᠡᠵᠡᠨ᠎ᠡ ᠠᠴᠠ ᠬᠠᠮᠢ ᠬᠦᠷᠬᠦ ᠲᠡᠮᠦᠷ ᠵᠠᠮ ᠪᠣᠯ ᠤᠯᠤᠰ ᠤᠨ ︽ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ︾᠎ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠂ ᠵᠠᠮ ᠱᠤᠭᠤᠮ ᠤᠨ ᠪᠦᠬᠦ ᠣᠷᠳᠣ ᠨᠢ 629.9 ᠺᠢᠯᠣᠮᠧᠲᠷ ᠪᠠᠶᠢᠵᠤ᠂ ᠯᠢᠩᠾᠧ ᠠᠴᠠ ᠴᠡᠭᠡ ᠪᠣᠭᠤᠮᠲᠠ ᠬᠦᠷᠬᠦ ᠲᠡᠮᠦᠷ ᠵᠠᠮ ᠤᠨ ᠴᠤᠸᠠᠨ ᠳ᠋ᠢ ᠲᠦᠸᠧ ᠥᠷᠲᠡᠭᠡ ᠠᠴᠠ ᠡᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ᠎ᠡ ᠬᠤᠰᠢᠭᠤ᠂ ᠭᠠᠨᠰᠦ ᠮᠤᠵᠢ ᠶᠢᠨ ᠰᠦᠪᠧᠶ ᠰᠢᠶᠠᠨ᠂ ᠰᠢᠨᠵᠢᠶᠠᠩ ᠤᠨ ᠬᠠᠮᠢ ᠬᠤᠲᠠ ᠪᠠᠷ ᠳᠠᠭᠠᠷᠢᠵᠤ᠂ ᠡᠴᠦᠰ ᠲᠤ ᠯᠠᠨᠵᠧᠤ ᠠᠴᠠ ᠰᠢᠨᠵᠢᠶᠠᠩ ᠬᠦᠷᠬᠦ ᠲᠡᠮᠦᠷ ᠵᠠᠮ ᠤᠨ ᠰᠢᠨᠵᠢᠶᠠᠩ ᠤᠨ ᠬᠠᠮᠢ ᠶᠢᠨ ᠵᠡᠭᠦᠨ ᠥᠷᠲᠡᠭᠡ ᠬᠦᠷᠦᠨ᠎ᠡ᠃ ᠡᠵᠡᠨ᠎ᠡ ᠠᠴᠠ ᠬᠠᠮᠢ ᠬᠦᠷᠬᠦ ᠲᠡᠮᠦᠷ ᠵᠠᠮ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠪᠠᠷᠠᠭᠤᠨ ᠬᠤᠶᠢᠲᠤ ᠣᠷᠣᠨ ᠪᠠ ᠤᠮᠠᠷᠠᠲᠤ ᠣᠷᠣᠨ᠂ ᠪᠦᠸᠧᠬᠠᠢ ᠲᠠᠩᠭᠢᠰ ᠢ ᠲᠣᠭᠤᠷᠢᠭᠰᠠᠨ ᠭᠠᠵᠠᠷ ᠣᠷᠣᠨ ᠤ ᠰᠢᠨᠵᠢᠶᠠᠩ ᠤᠨ ᠳᠠᠯᠠᠶ ᠳᠤ ᠨᠡᠪᠲᠡᠷᠡᠬᠦ ᠵᠠᠮ ᠪᠣᠯᠣᠨ ᠪᠦᠷᠢᠯᠳᠦᠬᠦ ᠪᠥᠭᠡᠳ ᠰᠢᠨᠵᠢᠶᠠᠩ ᠤᠨ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠰᠢᠨ᠎ᠡ ᠨᠡᠪᠲᠡᠷᠡᠬᠦ ᠵᠠᠮ ᠪᠣᠯᠵᠤ ᠪᠦᠷᠢᠯᠳᠦᠨ᠎ᠡ︔ ᠪᠠᠷᠠᠭᠤᠨᠰᠢ ᠪᠠᠨ ᠰᠤᠩᠭᠠᠨ ᠠᠯᠠᠭ ᠲᠤᠭᠤᠯ ᠤᠨ ᠠᠭᠤᠯᠠ ᠪᠠᠷ ᠳᠠᠭᠠᠷᠢᠨ ᠳᠤᠮᠳᠠᠳᠤ ᠠᠽᠢᠶ᠎ᠠ ᠴᠢᠨᠠᠭᠰᠢᠯᠠᠪᠠᠯ ᠡᠸᠦ᠋ᠷᠦᠫᠡ ᠲᠢᠪ ᠲᠤ ᠨᠡᠪᠲᠡᠷᠡᠬᠦ ᠪᠣᠯᠤᠨ᠎ᠠ᠂ ᠤᠮᠠᠷᠠᠰᠢ ᠪᠠᠨ ᠴᠡᠭᠡ ᠪᠣᠭᠤᠮᠲᠠ ᠶᠢᠨ ᠲᠡᠮᠦᠷ ᠵᠠᠮ ᠲᠠᠢ ᠨᠡᠪᠲᠡᠷᠡᠵᠦ᠂ ᠮᠣᠩᠭᠤᠯ ᠤᠯᠤᠰ ᠵᠡᠷᠭᠡ ᠤᠯᠤᠰ ᠲᠤ ᠬᠦᠷᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号