ᠳᠤᠮᠳᠠᠳᠤ ᠮᠣᠩᠭᠤᠯ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠠᠭ ᠢᠳᠡᠨ ᠳᠡᠭᠡᠷ᠎ᠡ ᠪᠠᠨ ᠪᠤᠢ
ᠨᠡᠶᠢᠲᠡᠯᠡᠭᠰᠡᠨ ᠴᠠᠭ᠄
2015/7/27
     7 ᠳ᠋ᠤᠭᠠᠷ ᠰᠠᠷ᠎ᠠ ᠶᠢᠨ 26᠎ ᠤ ᠡᠳᠦᠷ᠂ ᠡᠷᠢᠶᠡᠨ ᠬᠤᠲᠠ ᠳᠠᠬᠢ ᠳᠤᠮᠳᠠᠳᠤ ᠮᠣᠩᠭᠤᠯ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠶᠠᠭ ᠭᠡᠷ ᠪᠠᠶᠢᠰᠢᠩ ᠤᠨ ᠪᠣᠯᠣᠳ ᠴᠣᠭᠴᠠᠯᠠᠪᠤᠷᠢ ᠶᠢ ᠳᠡᠭᠦᠵᠢᠯᠡᠨ ᠲᠣᠨᠣᠭᠯᠠᠵᠤ ᠪᠠᠶᠢᠭ᠎ᠠ ᠨᠢ  ᠃ ᠲᠤᠰ ᠠᠷᠠᠯᠵᠢᠶᠠᠨ ᠤ ᠲᠣᠭᠤᠷᠢᠭ ᠤᠨ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 3.5 ᠳ᠋ᠦᠩᠰᠢᠭᠤᠷ ᠲᠥᠭᠦᠷᠢᠭ ᠪᠠᠶᠢᠵᠤ᠂ ᠪᠠᠷᠢᠯᠭ᠎ᠠ ᠶᠢᠨ ᠲᠠᠯᠠᠪᠠᠶ ᠨᠢ 8.5 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠡᠨᠡ ᠵᠢᠯ ᠳᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠬᠤ ᠪᠥᠭᠡᠳ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ᠂ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ᠂ ᠬᠢᠯᠢ ᠠᠯᠤᠰᠯᠠᠭᠰᠠᠨ ᠶᠡᠷᠦᠩᠬᠡᠶᠢᠯᠡᠭᠰᠡᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ᠂ ᠳᠤᠮᠳᠠᠳᠤ ᠮᠣᠩᠭᠤᠯ ᠤᠨ ᠪᠣᠭᠤᠮᠲᠠ ᠶᠢᠨ ᠪᠠᠷᠠᠭ᠎ᠠ ᠬᠤᠳᠠᠯᠳᠤᠨ ᠠᠪᠬᠤ ᠵᠢᠭᠤᠯᠴᠢᠯᠠᠬᠤ ᠵᠡᠷᠭᠡ ᠦᠢᠯᠡᠳᠦᠯᠲᠦ ᠣᠷᠣᠨ ᠢ ᠲᠣᠬᠢᠷᠠᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号