ᠤᠳᠤᠬᠠᠨ ᠪᠣᠯᠲᠠᠯ᠎ᠠ᠂ ᠮᠠᠨ ᠤ ᠣᠷᠣᠨ ᠦᠶᠡᠷ ᠤᠰᠤᠲᠤᠯ ᠤᠨ ᠭᠠᠮᠰᠢᠭ ᠠᠴᠠ ᠪᠣᠯᠵᠤ 8 ᠠᠶᠢᠮᠠᠭ | ᠬᠤᠲᠠ ᠶᠢᠨ 24 ᠬᠤᠰᠢᠭᠤ ᠰᠢᠶᠠᠨ ︵ᠬᠤᠲᠠ᠂ ᠲᠣᠭᠤᠷᠢᠭ︶ ᠤ 70 ᠰᠤᠮᠤ ᠰᠢᠶᠠᠩ ᠪᠠᠯᠭᠠᠰᠤ ᠶᠢᠨ 11. | 4919 ᠲᠦᠮᠡᠨ ᠬᠥᠮᠦᠨ ᠭᠠᠮᠰᠢᠭ ᠲᠤ ᠤᠴᠠᠷᠠᠨ᠂ ᠠᠵᠤ ᠠᠬᠤᠢ ᠶᠢᠨ ᠰᠢᠭᠤᠳ ᠬᠤᠬᠢᠷᠠᠯ ᠨᠢ 2.7102 | ᠳ᠋ᠦᠡᠭᠰᠢᠭᠤᠷ ᠲᠥᠭᠦᠷᠢᠭ ᠪᠤᠯᠪᠠ᠃ ᠣᠶᠢᠯᠠᠭᠠᠭᠰᠠᠨ ᠢᠶᠠᠷ᠂ ᠪᠣᠷᠣᠭᠠᠨ ᠤ ᠤᠯᠠᠷᠢᠯ ᠠᠴᠠ ᠨᠠᠰᠢ᠂ ᠮᠠᠨ ᠤ ᠣᠷᠣᠨ | ᠦᠶᠡᠷ ᠤᠰᠤᠲᠤᠯ ᠤᠨ ᠭᠠᠮᠰᠢᠭ ᠠᠴᠠ ᠪᠣᠯᠵᠤ 7 ᠬᠥᠮᠦᠨ ᠦᠬᠦᠵᠤ᠂ 0.0373 ᠲᠦᠮᠡᠨ ᠬᠥᠮᠦᠨ ᠠᠮᠠ ᠶᠢ | ᠪᠠᠴᠢᠮ ᠰᠢᠯᠵᠢᠭᠦᠯᠵᠤ᠂ 0.0213 ᠲᠦᠮᠡᠨ ᠭᠡᠷ ᠪᠠᠶᠢᠰᠢᠩ ᠨᠤᠷᠠᠪᠠ᠃ ᠲᠠᠷᠢᠮᠠᠯ ᠤᠨ ᠭᠠᠮᠰᠢᠭᠳᠠᠭᠰᠠᠨ ᠲᠠᠯᠠᠪᠠᠶ | 50.4409 ᠮᠢᠩᠭᠠᠨ ᠾᠧᠺᠲ᠋ᠠᠷ᠂ ᠭᠠᠮᠰᠢᠭᠳᠠᠭᠰᠠᠨ ᠲᠠᠯᠠᠪᠠᠶ 36.7264 ᠮᠢᠩᠭᠠᠨ ᠾᠧᠺᠲ᠋ᠠᠷ᠂ ᠬᠤᠷᠢᠶᠠᠯᠲᠠ | ᠦᠭᠡᠶ ᠲᠠᠯᠠᠪᠠᠶ 12.4481 ᠮᠢᠩᠭᠠᠨ ᠾᠧᠺᠲ᠋ᠠᠷ ᠪᠤᠯᠵᠤ᠂ ᠭᠠᠮᠰᠢᠭ ᠠᠴᠠ ᠪᠣᠯᠵᠤ ᠠᠮᠤ ᠪᠤᠳᠠᠭᠠᠨ ᠤ ᠭᠠᠷᠤᠯᠲᠠ | 10.9275 ᠲᠦᠮᠡᠨ ᠲᠣᠨ ᠪᠠᠭᠠᠰᠴᠤ᠂ 0.0870 ᠲᠦᠮᠡᠨ ᠪᠣᠳᠠ ᠮᠠᠯ ᠦᠬᠦᠵᠤ᠂ 0.0160 ᠮᠢᠩᠭᠠᠨ | ᠾᠧᠺᠲ᠋ᠠᠷ ᠤᠨ 0.0144 ᠲᠦᠮᠡᠨ ᠲᠣᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠭᠡ ᠬᠤᠬᠢᠷᠠᠯ ᠳᠤ | ᠤᠴᠠᠷᠠᠪᠠ︔ ᠵᠠᠰᠠᠮᠠᠯ ᠵᠠᠮ 3 ᠤᠳᠠᠭ᠎ᠠ ᠲᠠᠰᠤᠯᠤᠭᠳᠠᠵᠤ᠂ 13 ᠬᠠᠰᠢᠯᠭ᠎ᠠ ᠳᠠᠯᠠᠩ᠂ 30 ᠡᠷᠭᠢ ᠶᠢᠨ ᠬᠠᠯᠬᠠᠪᠴᠢ | ᠭᠠᠵᠠᠷ᠂ 7 ᠤᠰᠤᠨ ᠬᠠᠭᠠᠯᠲᠠ᠂ 3 ᠤᠰᠤᠯᠠᠯᠲᠠ ᠶᠢᠨ ᠪᠡᠯᠡᠳᠭᠡᠮᠵᠢ ᠡᠪᠳᠡᠭᠳᠡᠪᠡ᠃ ᠣᠳᠣᠬᠠᠨ ᠳᠤ᠂ ᠮᠠᠨ ᠤ | ᠣᠷᠣᠨ 3632 ᠬᠥᠮᠦᠨ ᠤᠳᠠᠭ᠎ᠠ ᠲᠤᠮᠢᠯᠠᠨ ᠠᠶᠤᠯ ᠠᠴᠠ ᠠᠪᠤᠷᠠᠵᠤ᠂ ᠨᠡᠶᠢᠲᠡ 16 ᠲᠦᠮᠡᠨ ᠲᠥᠭᠦᠷᠢᠭ | ᠤᠷᠤᠭᠤᠯᠪᠠ᠃ |