ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠡᠯ᠎ᠡ ᠪᠦᠯᠦᠭ  ᠤᠳᠠᠭ᠎ᠠ ᠶᠢᠨ ᠡᠯᠰᠡᠬᠦ ᠠᠵᠢᠯ ᠳᠠᠭᠤᠰᠴᠣ᠂ 51175 ᠬᠥᠮᠦᠨ ᠡᠯᠰᠡᠪᠡ
ᠨᠡᠶᠢᠲᠡᠯᠡᠭᠰᠡᠨ ᠴᠠᠭ᠄
2015/7/27
    2015 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ  ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠵᠢᠩᠬᠢᠨᠢ ᠠᠩᠭᠢ ᠶᠢᠨ ᠡᠯ᠎ᠡ ᠪᠦᠯᠦᠭ ᠤᠳᠠᠭ᠎ᠠ ᠶᠢᠨ ᠡᠯᠰᠡᠬᠦ ᠠᠵᠢᠯ ᠨᠢᠭᠡᠨᠲᠡ ᠳᠠᠭᠤᠰᠪᠠ᠃ ᠰᠤᠷᠤᠭᠴᠢ ᠡᠯᠰᠡᠬᠦ ᠠᠵᠢᠯ 7 ᠳ᠋ᠤᠭᠠᠷ ᠰᠠᠷ᠎ᠠ ᠶᠢᠨ 2᠎ ᠤᠨ ᠡᠳᠦᠷ ᠠᠴᠠ ᠡᠬᠢᠯᠡᠨ᠂ 24 ᠡᠳᠦᠷ ᠶᠠᠪᠤᠭᠳᠠᠵᠤ᠂ ᠣᠳᠣᠬᠠᠨ ᠪᠣᠯᠲᠠᠯ᠎ᠠ᠂ ᠵᠢᠩᠬᠢᠨᠢ ᠠᠩᠭᠢ ᠶᠢᠨ ᠤᠷᠢᠳᠴᠢᠯᠠᠭᠰᠠᠨ A᠂ ᠵᠢᠩᠬᠢᠨᠢ ᠠᠩᠭᠢ ᠶᠢᠨ ᠤᠷᠢᠳᠴᠢᠯᠠᠭᠰᠠᠨ B᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ B᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ B ᠨᠡᠶᠢᠲᠡ 95969  ᠰᠢᠨ᠎ᠡ ᠰᠤᠷᠤᠭᠴᠢ ᠡᠯᠰᠡᠵᠡᠢ᠃ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠰᠤᠷᠤᠭᠴᠢ ᠡᠯᠰᠡᠬᠦ ᠳᠡᠭᠡᠳᠦ ᠰᠤᠷᠭᠠᠭᠤᠯᠢ 649 ᠪᠠᠶᠢᠵᠤ᠂  ᠡᠷᠡᠮᠡᠯᠵᠡᠯ ᠲᠠᠭᠯᠠᠭᠰᠠᠨ 71409 ᠰᠢᠯᠭᠠᠭᠤᠯᠤᠭᠴᠢ ᠠᠴᠠ 51175 ᠰᠢᠨ᠎ᠡ ᠰᠤᠷᠤᠭᠴᠢ ᠡᠯᠰᠠᠨ᠂  ᠡᠭᠦᠨ ᠳᠤ ᠨᠢᠭᠡᠳᠦᠭᠡᠷ ᠡᠷᠡᠮᠡᠯᠵᠡᠯ ᠤᠨ ᠬᠢ ᠳᠤ 47290 ᠬᠥᠮᠦᠨ ᠡᠯᠰᠡᠵᠦ᠂  ᠬᠤᠶᠠᠳᠤᠭᠠᠷ ᠡᠷᠡᠮᠡᠯᠵᠡᠯ ᠤᠨ ᠬᠢ ᠳᠤ 3636 ᠬᠥᠮᠦᠨ ᠡᠯᠰᠡᠪᠡ᠂ ᠬᠢᠵᠠᠭᠠᠷᠯᠠᠬᠤ ᠬᠤᠪᠢ ᠶᠢ ᠳᠣᠷᠣᠭᠰᠢᠯᠠᠭᠤᠯᠤᠨ ᠡᠯᠰᠡᠬᠦ ᠶᠢ ᠬᠡᠷᠡᠭᠵᠢᠭᠦᠯᠦᠭᠰᠡᠨ ᠳᠡᠭᠡᠳᠦ ᠰᠤᠷᠭᠠᠭᠤᠯᠢ 123 ᠪᠠᠶᠢᠵᠤ᠂  ᠬᠢᠵᠠᠭᠠᠷᠯᠠᠬᠤ ᠬᠤᠪᠢ ᠶᠢ ᠲᠤᠷᠤᠭᠰᠢᠯᠠᠭᠤᠯᠤᠨ 1598 ᠬᠥᠮᠦᠨ ᠡᠯᠰᠡᠵᠡᠢ᠃ ᠡᠯ᠎ᠡ ᠲᠥᠷᠥᠯ ᠎ ᠳᠤ ᠨᠡᠶᠢᠲᠡ 83118 ᠬᠥᠮᠦᠨ ᠤᠳᠠᠭ᠎ᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠠᠮᠵᠢᠯᠲᠠ ᠲᠠᠢ ᠪᠠᠷ ᠡᠷᠡᠮᠡᠯᠵᠡᠯ ᠢᠶᠠᠨ ᠲᠠᠭᠯᠠᠨ ᠮᠡᠳᠡᠭᠦᠯᠵᠦ᠂ ᠰᠤᠷᠤᠭᠴᠢ ᠨᠢᠭᠡᠪᠦᠷᠢ ᠳᠤᠮᠳᠠᠴᠢ ᠪᠠᠷ 125 ᠤᠳᠠᠭ᠎ᠠ ᠡᠷᠡᠮᠡᠯᠵᠡᠯ ᠳᠡᠭᠡᠨ ᠵᠠᠰᠠᠪᠤᠷᠢ ᠣᠷᠣᠭᠤᠯᠪᠠ᠃ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ B᠎ ᠶᠢᠨ ᠡᠯᠰᠡᠯᠲᠡ ᠳᠠᠭᠤᠰᠤᠭᠰᠠᠨ ᠤ ᠳᠠᠷᠠᠭ᠎ᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠦᠯᠦᠭ ᠳᠠᠭᠠᠯᠳᠤᠨ ᠡᠯᠰᠡᠵᠦ ᠡᠬᠢᠯᠡᠪᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠦᠯᠦᠭ ᠪᠣᠯ ᠰᠤᠷᠤᠭᠴᠢ ᠡᠯᠰᠡᠬᠦ ᠰᠤᠷᠭᠠᠭᠤᠯᠢ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ ᠪᠠᠷ ᠬᠠᠮᠤᠭ ᠤᠨ ᠠᠷᠪᠢᠨ᠂ ᠰᠤᠷᠤᠭᠴᠢ ᠡᠯᠰᠡᠬᠦ ᠲᠥᠷᠥᠯ ᠵᠦᠢᠯ  ᠤᠨ ᠲᠠᠷᠬᠠᠯᠲᠠ ᠪᠠᠷ ᠬᠠᠮᠤᠭ ᠤᠨ ᠦᠷᠭᠡᠨ ᠡᠯᠰᠡᠯᠲᠡ ᠶᠢᠨ ᠪᠦᠯᠦᠭ ᠤᠳᠠᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠲᠤᠲᠤᠨᠤᠰᠤᠭ ᠰᠠᠨᠠᠭᠤᠯᠤᠮᠵᠢ᠄ ᠰᠤᠷᠭᠠᠭᠤᠯᠢ ᠳᠤ ᠡᠯᠰᠡᠭᠳᠡᠭᠡᠳᠦᠢ ᠰᠢᠯᠭᠠᠭᠤᠯᠤᠭᠴᠢᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ︽2015 ᠣᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠡᠷᠡᠮᠡᠯᠵᠡᠯ ᠲᠠᠭᠯᠠᠵᠤ ᠮᠡᠳᠡᠭᠦᠯᠬᠦ ᠲᠤᠰᠬᠠᠶ ᠪᠤᠯᠤᠩ︾᠎ ᠢ ᠨᠢᠭᠲᠠ ᠠᠩᠬᠠᠷᠴᠤ᠂  ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠎ ᠤᠨ ᠰᠤᠷᠭᠠᠭᠤᠯᠢ ᠳᠤ ᠡᠯᠰᠡᠭᠳᠡᠬᠦ  ᠲᠣᠬᠢᠶᠠᠯ ᠢ ᠠᠯᠳᠠᠬᠤ ᠠᠴᠠ ᠪᠤᠯᠭᠤᠮᠵᠢᠯᠠᠭᠠᠷᠠᠢ᠃ ᠣᠶᠢᠯᠠᠭᠠᠭᠰᠠᠨ ᠢᠶᠠᠷ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠦᠯᠦᠭ ᠤᠨ ᠡᠯᠰᠡᠯᠲᠡ ᠳᠠᠭᠤᠰᠤᠭᠰᠠᠨ ᠤ ᠳᠠᠷᠠᠭ᠎ᠠ ᠨᠥᠬᠦᠵᠦ ᠡᠯᠰᠡᠬᠦ ᠶᠢ ᠲᠣᠬᠢᠷᠠᠭᠤᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号