ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠳᠠᠬᠢᠨ ᠵᠤᠬᠢᠶᠠᠨ ᠪᠠᠶᠢᠭᠤᠯᠬᠤ ᠠᠵᠢᠯ ᠴᠢᠬᠤᠯᠠ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2015/7/27
    ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠬᠤᠶᠠᠳᠤᠭᠠᠷ ᠵᠢᠯ ᠳᠤ ᠤᠷᠤᠵᠤ᠂ ᠮᠠᠨ ᠤ ᠣᠷᠣᠨ ᠤ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠳᠠᠬᠢᠨ ᠵᠤᠬᠢᠶᠠᠨ ᠪᠠᠶᠢᠭᠤᠯᠬᠤ ᠠᠵᠢᠯ ᠴᠢᠬᠤᠯᠠ ᠠᠬᠢᠴᠠ ᠲᠠᠢ ᠪᠣᠯᠪᠠ᠃ ᠣᠶᠢᠯᠠᠭᠠᠭᠰᠠᠨ ᠢᠶᠠᠷ᠂ ᠲᠤᠰ ᠡᠭᠡᠯᠵᠢ ᠶᠢᠨ ᠣᠷᠣᠨ ᠤ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠳᠠᠬᠢᠨ ᠵᠣᠬᠢᠶᠠᠨ ᠪᠠᠶᠢᠭᠤᠯᠬᠤ ᠶᠠᠪᠤᠴᠠ ᠳᠤ᠂ ᠥᠪᠥᠷ ᠮᠣᠩᠭᠤᠯ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠡᠳ᠋ ᠬᠥᠷᠥᠩᠭᠡ ᠰᠢᠯᠵᠢᠭᠦᠯᠦᠨ ᠥᠭᠬᠦ ᠵᠡᠷᠭᠡ ᠬᠤᠯᠪᠣᠭᠳᠠᠯ ᠪᠦᠬᠦᠢ ᠠᠵᠢᠯ ᠢ ᠦᠨᠳᠦᠰᠦᠨ ᠳᠡᠭᠡᠨ ᠪᠡᠶᠡᠯᠡᠭᠦᠯᠪᠡ︔ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠬᠦ ᠲᠤᠬᠠᠢ ᠲᠥᠪ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠬᠢᠬᠡᠳ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠶᠠᠭ ᠴᠠᠬᠢᠯᠭᠠᠨ ᠲᠦᠭᠡᠭᠡᠵᠦ ᠬᠦᠷᠭᠡᠬᠦ ᠦᠨ᠎ᠡ ᠬᠠᠨᠭ᠍ᠰᠢ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠦᠷᠨᠢᠭᠦᠯᠵᠤ ᠪᠤᠢ᠂ ︽ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠤ ᠲᠣᠣᠷ ᠤᠨ ᠴᠠᠬᠢᠯᠭᠠᠨ ᠲᠦᠭᠡᠭᠡᠵᠦ ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠬᠦ ᠲᠥᠰᠦᠯ︾ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠴᠣᠬᠤᠯᠠᠪᠤᠷᠢ ᠶᠢ ᠤᠯᠵᠤ᠂ ᠤᠯᠤᠰ ᠤᠨ ᠠᠩᠬᠠᠳᠠᠭᠴᠢ ᠮᠤᠵᠢ ᠶᠢᠨ ᠱᠠᠲᠤᠨ ᠤ ᠴᠠᠬᠢᠯᠭᠠᠨ ᠤ ᠲᠣᠣᠷ ᠤᠨ ᠴᠠᠬᠢᠯᠭᠠᠨ ᠲᠦᠭᠡᠭᠡᠵᠦ ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠬᠦ ᠲᠥᠰᠦᠯ ᠪᠤᠯᠪᠠ︔ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠠᠮᠲᠤ ᠶᠢᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠤᠳᠤᠬᠠᠨ ᠳᠤ ᠠᠵᠤ ᠠᠬᠤᠶᠢᠯᠠᠯ ᠤᠨ ᠡᠷᠬᠢᠯᠡᠵᠤ ᠪᠠᠶᠢᠭ᠎ᠠ ᠨᠡᠶᠢᠭᠡᠮ ᠤᠨ ᠦᠢᠯᠡᠰ ᠢ ᠰᠠᠯᠭᠠᠬᠤ ᠶᠢ ᠶᠠᠭ ᠢᠳᠡᠪᠬᠢᠲᠡᠶ ᠪᠠᠷ ᠳᠥᠯᠭᠢᠨ ᠠᠬᠢᠭᠤᠯᠵᠤ ᠪᠠᠶᠢᠨ᠎ᠠ︔ ᠤᠯᠤᠰ ᠤᠨ ᠦᠮᠴᠢᠯᠡᠯᠲᠦ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠲᠤᠬᠠᠶ ᠲᠥᠪ ᠤᠨ ᠵᠣᠷᠢᠭ ᠰᠠᠨᠠᠭ᠎ᠠ ᠶᠣᠰᠣᠭᠠᠷ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠨᠢ ᠬᠤᠯᠢᠮᠠᠭ ᠠᠵᠢᠯ ᠤᠨ ᠪᠠᠶᠢᠷᠢ ᠳᠤ ᠪᠠᠶᠢᠭ᠎ᠠ ᠬᠠᠮᠲᠤ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠵᠡᠷᠭᠡ ᠠᠰᠠᠭᠤᠳᠠᠯ ᠢ ᠰᠢᠢᠳᠪᠦᠷᠢᠯᠡᠪᠡ︔ ᠥᠪᠥᠷ ᠮᠣᠩᠭᠤᠯ ᠤᠨ ᠡᠨᠧᠷᠭᠢ ᠎ ᠪᠠᠷ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ ᠶᠢᠨ ᠪᠦᠯᠦᠭᠯᠡᠯ ᠨᠢ  ᠦᠯᠡᠳᠡᠭᠡᠯ ᠡᠳ᠋ ᠬᠥᠷᠥᠩᠭᠡ ᠪᠠᠨ ᠠᠮᠢᠳᠤᠯᠢᠭᠵᠢᠭᠤᠯᠬᠤ ᠪᠠᠷ ᠳᠠᠮᠵᠢᠭᠤᠯᠤᠨ᠂ ᠬᠤᠶ ᠨᠠᠨ ᠤ ᠠᠭᠤᠷᠬᠠᠶ ᠶᠢᠨ ᠦᠢᠯᠡᠰ ᠤᠨ ᠪᠦᠯᠦᠭᠯᠡᠯ ᠯᠦᠭᠡ ᠡᠨᠧᠷᠭᠢ ᠨᠡᠭᠡᠭᠡᠨ ᠬᠥᠭᠵᠢᠭᠦᠯᠬᠦ ᠬᠦᠷᠢᠶᠡᠨ ᠳᠤ ᠬᠤᠷᠰᠢᠯᠴᠠᠬᠤ ᠠᠵᠢᠯ ᠦᠷᠨᠢᠭᠦᠯᠵᠤ᠂ ᠳᠠᠪᠠᠭᠤᠯᠢᠭ ᠢᠶᠠᠷ ᠢᠶᠠᠨ ᠬᠠᠷᠢᠯᠴᠠᠨ ᠨᠦᠬᠦᠪᠦᠷᠢᠯᠡᠬᠦ ᠶᠢ ᠪᠡᠶᠡᠯᠡᠭᠦᠯᠪᠡ᠃ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠣᠷᠢᠭ ᠰᠠᠨᠠᠭ᠎ᠠ ᠪᠤᠯᠤᠨ ᠱᠠᠭᠠᠷᠳᠠᠯᠭ᠎ᠠ ᠶᠣᠰᠣᠭᠠᠷ ᠪᠠᠶᠢᠷᠢᠯᠠᠭᠤᠯᠵᠤ᠂ ᠣᠷᠣᠨ ᠤ ᠪᠤᠰᠤᠳ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠴᠦ ᠶᠠᠭ ᠠᠵᠤ ᠠᠬᠤᠶ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠶ ᠪᠠᠷ ᠵᠤᠬᠢᠴᠠᠭᠤᠯᠬᠤ ᠶᠠᠪᠤᠴᠠ ᠳᠤ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠪᠠᠨ ᠳᠥᠯᠭᠢᠨ ᠠᠬᠢᠭᠤᠯᠵᠤ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号