| | ᠥᠪᠥᠷ ᠵᠠᠰᠠᠭ ᠠᠯᠪᠠᠨ ᠲᠠᠷᠬᠠᠭᠠᠭᠰᠠᠨ ﹇2015﹈ 9 ᠳ᠋ᠤᠭᠡᠷ ᠲᠤᠭᠠᠳᠤ | 2015 ᠣᠨ ᠤ 1 ᠳ᠋ᠣᠭᠡᠷ ᠰᠠᠷ᠎ᠠ ᠶᠢᠨ 29 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠳᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠪᠡᠯᠡ ᠮᠦᠩᠭᠦ ᠡᠳ᠋ ᠬᠦᠷᠦᠩᠭᠡ ᠡᠬᠢ ᠪᠠᠶᠠᠯᠢᠭ ᠤᠨ | ᠬᠠᠮᠢᠶᠠᠷᠣᠯᠳᠠ ᠶᠢᠨ ᠲᠦᠷᠢᠮ ︵ᠲᠣᠷᠰᠢᠨ ᠬᠡᠷᠡᠭᠵᠢᠭᠦᠯᠬᠦ︶︾ ᠢ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠣᠭᠡ ᠲᠠᠨᠠᠷ ᠲᠤ ᠲᠠᠷᠣᠮᠠᠯᠯᠠᠨ ᠶᠠᠪᠣᠭᠤᠯᠣᠯ᠎ᠠ᠂ ᠬᠢᠨᠠᠮᠠᠭᠠᠢ | ᠵᠢᠷᠣᠮᠯᠠᠨ ᠬᠡᠷᠡᠭᠵᠢᠭᠦᠯᠳᠦᠭᠡᠢ᠃ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠣᠯᠳᠠ ᠶᠢᠨ ᠪᠡᠯᠡ ᠮᠦᠩᠭᠦ ᠡᠳ᠋ ᠬᠦᠷᠦᠩᠭᠡ ᠡᠬᠢ | ᠪᠠᠶᠠᠯᠢᠭ ᠤᠨ ᠬᠠᠮᠢᠶᠠᠷᠣᠯᠳᠠ ᠶᠢᠨ ᠲᠦᠷᠢᠮ ︵ᠲᠣᠷᠰᠢᠨ ᠬᠡᠷᠡᠭᠵᠢᠭᠦᠯᠬᠦ︶ | ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠣᠯᠳᠠ ᠶᠢᠨ ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ ︵ᠲᠣᠷᠣᠭᠰᠢ ︽ᠪᠡᠯᠡ ᠮᠦᠩᠭᠦ ᠡᠳ᠋ | ᠬᠦᠷᠦᠩᠭᠡ ᠡᠬᠢ ᠪᠠᠶᠠᠯᠢᠭ︾ ᠭᠡᠵᠤ ᠲᠣᠪᠴᠢᠯᠠᠨ᠎ᠠ︶ ᠤᠨ ᠬᠠᠮᠢᠶᠠᠷᠣᠯᠳᠠ ᠶᠢᠨ ᠠᠵᠢᠯ ᠢ ᠣᠯᠠᠮ ᠨᠢᠭᠡ ᠠᠯᠬᠤᠮ | ᠴᠢᠩᠭᠠᠳᠬᠠᠨ᠂ ᠬᠠᠮᠳᠤ ᠶᠢᠨ ︽ᠪᠡᠯᠡ ᠮᠦᠩᠭᠦ ᠡᠳ᠋ ᠬᠦᠷᠦᠩᠭᠡ ᠡᠬᠢ ᠪᠠᠶᠠᠯᠢᠭ︾ ᠤᠨ ᠬᠠᠮᠢᠶᠠᠷᠣᠯᠳᠠ ᠶᠢᠨ | ᠲᠦᠷᠢᠮ ᠢ ᠵᠢᠷᠤᠮᠵᠢᠭᠤᠯᠤᠨ ᠲᠡᠭᠦᠯᠳᠡᠷᠵᠢᠭᠦᠯᠬᠦ ᠶᠢᠨ ᠲᠤᠰᠠᠳᠠ᠂ ᠲᠠᠷᠢᠶᠠᠯᠠᠩ ᠤᠨ ᠶᠠᠮᠤᠨ ᠤ ︽ᠬᠦᠳᠡᠭᠡ | ᠲᠣᠰᠬᠤᠨ ᠤ ᠬᠠᠮᠳᠤ ᠶᠢᠨ ᠪᠡᠯᠡ ᠮᠦᠩᠭᠦ ᠡᠳ᠋ ᠬᠦᠷᠦᠩᠭᠡ ᠡᠬᠢ ᠪᠠᠶᠠᠯᠢᠭ ᠤᠨ ᠬᠠᠮᠢᠶᠠᠷᠣᠯᠳᠠ ᠶᠢ ᠣᠯᠠᠮ ᠨᠢᠭᠡ | ᠠᠯᠬᠤᠮ ᠴᠢᠩᠭᠠᠳᠬᠠᠬᠤ ᠲᠣᠬᠠᠢ ᠵᠢᠯᠣᠭᠤᠳᠬᠤ ᠰᠠᠨᠠᠯ︾᠂ ︽ᠲᠣᠰᠬᠤᠨ ᠤ ᠬᠠᠮᠳᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠣᠯᠳᠠ ᠶᠢᠨ ᠨᠢᠭᠳᠠᠯᠠᠨ ᠪᠣᠳᠣᠭᠴᠢ ᠶᠢᠨ ᠲᠦᠷᠢᠮ︾ ᠪᠣᠯᠣᠨ ᠬᠠᠮᠢᠶ᠎ᠠ ᠪᠦᠬᠦᠢ ᠬᠠᠣᠯᠢ ᠴᠠᠭᠠᠵᠠ | ᠬᠠᠤᠯᠢ ᠲᠣᠭᠳᠠᠭᠠᠯ ᠢ ᠦᠨᠳᠦᠰᠦᠯᠡᠵᠤ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠣᠭᠤᠯᠣᠨ᠂ ᠲᠣᠰ | ᠲᠦᠷᠢᠮ ᠢ ᠲᠣᠭᠳᠠᠭᠠᠪᠠ᠃ | ᠨᠢᠭᠡᠳᠣᠭᠡᠷ ᠪᠦᠯᠦᠭ ᠶᠡᠷᠦᠩᠬᠡᠢ ᠲᠦᠷᠢᠮ | ᠨᠢᠭᠡᠳᠣᠭᠡᠷ ᠵᠦᠢᠯ ᠲᠣᠰ ᠬᠠᠮᠢᠶᠠᠷᠣᠯᠳᠠ ᠶᠢᠨ ᠲᠦᠷᠢᠮ ᠳᠤ ᠬᠡᠯᠡᠵᠤ ᠪᠠᠶᠢᠭ᠎ᠠ ᠮᠠᠯᠵᠢᠬᠤ ᠲᠠᠷᠢᠶᠠᠯᠠᠬᠤ | ᠣᠷᠣᠨ ᠤ ᠬᠠᠮᠳᠤ ᠶᠢᠨ ︽ᠪᠡᠯᠡ ᠮᠦᠩᠭᠦ ᠡᠳ᠋ ᠬᠦᠷᠦᠩᠭᠡ ᠡᠬᠢ ᠪᠠᠶᠠᠯᠢᠭ︾ ᠪᠤᠯ ᠭᠠᠴᠠᠭ᠎ᠠ ᠲᠣᠰᠬᠤᠨ ᠤ | ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠴᠢᠬᠤᠯᠠ ᠪᠣᠳᠠᠰ ᠤᠨ ᠰᠠᠭᠤᠷᠢ ᠪᠣᠯᠣᠨ᠎ᠠ᠂ | ᠡᠭᠦᠨ ᠳᠤ᠄ ᠬᠠᠮᠳᠤ ᠶᠢᠨ ᠦᠮᠴᠢᠯᠡᠯᠳᠤ ᠭᠠᠵᠠᠷ ᠰᠢᠷᠣᠢ ᠪᠣᠯᠣᠨ ᠬᠠᠣᠯᠢ ᠴᠠᠭᠠᠵᠠ ᠳᠤ ᠲᠤᠭᠳᠠᠭᠠᠭᠰᠠᠨ ᠬᠠᠮᠳᠣ ᠶᠢᠨ | ᠦᠮᠴᠢᠯᠡᠯ ᠳᠤ ᠬᠠᠷᠢᠶᠠᠯᠠᠭᠳᠠᠬᠤ ᠣᠢ ᠰᠢᠭᠤᠢ᠂ ᠠᠭᠤᠯᠠ ᠬᠦᠳᠦᠯ᠂ ᠨᠣᠳᠤᠭ ᠪᠡᠯᠴᠢᠭᠡᠷ᠂ ᠠᠳᠠᠷ ᠭᠠᠵᠠᠷ᠂ | ᠭᠤᠣᠯ ᠤᠨ ᠰᠠᠶᠢᠷᠭᠠᠯ᠂ ᠣᠰᠤᠨ ᠭᠠᠳᠠᠷᠭᠤ ᠵᠡᠷᠭᠡ ᠪᠠᠶᠢᠭᠠᠯᠢ ᠶᠢᠨ ᠡᠬᠢ ᠪᠠᠶᠠᠯᠢᠭ︔ ᠬᠠᠮᠳᠣ ᠶᠢᠨ ᠦᠮᠴᠢᠯᠡᠯ ᠤᠨ | ᠡᠯ᠎ᠡ ᠵᠦᠢᠯ ᠤᠨ ᠬᠦᠳᠡᠯᠦᠩᠭᠦᠢ ᠡᠳ᠋ ᠬᠦᠷᠦᠩᠭᠡ᠂ ᠣᠷᠳᠤ ᠬᠤᠭᠤᠴᠠᠭᠠᠨ ᠤ ᠪᠡᠯᠡ ᠣᠷᠣᠭᠤᠯᠣᠯᠳᠠ᠂ ᠲᠣᠭᠳᠠᠮᠠᠯ | ᠡᠳ᠋ ᠬᠦᠷᠦᠩᠭᠡ᠂ ᠲᠠᠯᠳᠠ ᠬᠦᠷᠦᠩᠭᠡ ᠪᠣᠯᠣᠨ ᠪᠣᠰᠣᠳ ᠡᠳ᠋ ᠬᠦᠷᠦᠩᠭᠡ ᠪᠠᠭᠳᠠᠨ᠎ᠠ᠃ | ᠬᠤᠶᠠᠳᠣᠭᠠᠷ ᠵᠦᠢᠯ ᠲᠣᠰ ᠲᠦᠷᠢᠮ ᠨᠢ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠣᠯᠳᠠ ᠪᠣᠶᠣ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠣᠯᠳᠠ ᠶᠢᠨ | ᠡᠭᠦᠷᠭᠡ ᠴᠢᠳᠠᠪᠣᠷᠢ ᠶᠢ ᠣᠷᠣᠯᠠᠨ ᠭᠦᠢᠴᠡᠳᠭᠡᠵᠤ ᠪᠦᠬᠦᠢ ᠭᠠᠴᠠᠭ᠎ᠠ ᠲᠣᠰᠬᠤᠨ ᠤ ᠠᠷᠠᠳ ᠤᠨ ᠵᠦᠪᠯᠡᠯ︔ ᠭᠠᠴᠠᠭ᠎ᠠ | ᠲᠣᠰᠬᠤᠨ ᠤ ᠨᠢᠭᠳᠠᠯᠠᠨ ᠪᠣᠳᠣᠭᠴᠢ ᠳᠤ ᠨᠠᠶᠢᠳᠠᠨ ᠣᠷᠣᠯᠠᠭᠤᠯᠵᠤ ᠦᠢᠯᠡᠴᠢᠯᠡᠬᠦ ᠶᠢ ᠬᠡᠷᠡᠭᠵᠢᠭᠦᠯᠵᠤ ᠪᠦᠬᠦᠢ ᠰᠣᠮᠣ | ᠰᠢᠶᠠᠩ ᠪᠠᠯᠭᠠᠰᠤ ᠶᠢᠨ ᠨᠢᠭᠳᠠᠯᠠᠨ ᠪᠣᠳᠣᠭᠴᠢ ᠶᠢᠨ ᠳ᠋ᠦᠩᠨᠡᠨ ᠪᠣᠳᠣᠬᠤ ᠶᠢ ᠣᠷᠣᠯᠠᠬᠤ ᠪᠠᠶᠢᠭᠤᠯᠤᠮᠵᠢ ᠪᠣᠶᠣ ︽ | ᠪᠡᠯᠡ ᠮᠦᠩᠭᠦ ᠡᠳ᠋ ᠬᠦᠷᠦᠩᠭᠡ ᠡᠬᠢ ᠪᠠᠶᠠᠯᠢᠭ︾ ᠤᠨ ᠨᠠᠶᠢᠳᠠᠨ ᠣᠷᠣᠯᠠᠬᠤ ᠪᠠᠶᠢᠭᠤᠯᠤᠮᠵᠢ︔ ᠭᠠᠴᠠᠭ᠎ᠠ | ᠲᠣᠰᠬᠤᠨ ᠢ ᠬᠠᠰᠤᠭᠰᠠᠨ ᠤ ᠲᠠᠷᠠᠭᠠᠬᠢ ᠣᠣᠯ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠣᠯᠳᠠ ᠶᠢᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠭᠡᠵᠤ ᠪᠦᠬᠦᠢ ᠮᠠᠯᠵᠢᠬᠤ ᠲᠠᠷᠢᠶᠠᠯᠠᠬᠤ | ᠣᠷᠣᠨ ᠤ ᠨᠡᠶᠢᠭᠡᠮ ᠲᠣᠭᠤᠷᠢᠭ ︵ᠰᠠᠭᠤᠭᠠᠯᠢ ᠠᠷᠠᠳ ᠤᠨ ᠵᠦᠪᠯᠡᠯ︶︔ ᠭᠠᠴᠠᠭ᠎ᠠ ᠲᠣᠰᠬᠤᠨ ᠤ ᠬᠠᠮᠳᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠦᠮᠴᠢᠯᠡᠬᠦ ᠡᠷᠬᠡ ᠶᠢᠨ ᠲᠦᠷᠢᠮ ᠤᠨ ᠦᠭᠡᠷᠡᠴᠢᠯᠡᠯᠳᠡ ᠶᠢᠨ | ᠲᠠᠷᠠᠭ᠎ᠠ ᠪᠠᠶᠢᠭᠤᠯᠤᠭᠰᠡᠨ ᠬᠤᠪᠢᠴᠠᠭᠠᠳᠤ ᠬᠤᠷᠰᠢᠬᠰᠡᠨ ᠠᠵᠤ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ︵ | ᠬᠤᠪᠢᠴᠠᠭᠠᠳᠤ ᠺᠤᠮᠫᠠᠨᠢ︶ ᠳᠤ ᠬᠡᠷᠡᠭᠯᠡᠭᠳᠡᠨ᠎ᠡ᠃ | ᠭᠤᠷᠪᠠᠳᠣᠭᠠᠷ ᠵᠦᠢᠯ ᠬᠤᠰᠢᠭᠤ ᠰᠢᠶᠠᠨ ᠤ ᠱᠠᠳᠣᠨ ᠠᠴᠠ ᠲᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠡᠳ᠋ ᠤᠨ ᠵᠠᠰᠠᠭ ᠤᠨ ᠰᠠᠯᠠᠭ᠎ᠠ ᠮᠦᠴᠢᠷ ᠪᠣᠶᠣ | ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠯᠤᠭ᠎ᠠ ᠵᠤᠬᠢᠴᠠᠯᠳᠤᠨ ᠲᠣᠰ ᠳᠦᠷᠢᠮ ᠢ | ᠲᠣᠣᠱᠯᠠᠭᠤᠯᠣᠨ ᠨᠠᠶᠢᠳᠠᠪᠦᠷᠢᠵᠢᠭᠤᠯᠬᠤ ᠶᠢ ᠬᠠᠷᠢᠭᠤᠴᠠᠨ᠎ᠠ᠃ | ᠲᠦᠷᠪᠡᠳᠣᠭᠡᠷ ᠵᠦᠢᠯ ᠬᠤᠰᠢᠭᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠯ᠎ᠡ ᠱᠠᠳᠤᠨ ᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ | ᠭᠠᠴᠠᠭ᠎ᠠ ᠲᠣᠰᠬᠤᠨ ᠤ ᠱᠠᠳᠣᠨ ᠤ ᠡᠳ᠋ ᠤᠨ ᠶᠠᠪᠣᠳᠠᠯ ᠤᠨ ᠨᠢᠭᠳᠠᠯᠠᠨ ᠪᠣᠳᠣᠭᠴᠢ ᠶᠢᠨ ᠭᠤᠣᠯ ᠴᠣᠭᠴᠠ ᠶᠢᠨ | ᠪᠠᠶᠢᠭᠤᠯᠤᠯᠳᠠ ᠪᠣᠯᠣᠨ ᠡᠯ᠎ᠡ ᠵᠦᠢᠯ ᠤᠨ ︽ᠪᠡᠯᠡ ᠮᠦᠩᠭᠦ ᠡᠳ᠋ ᠬᠦᠷᠦᠩᠭᠡ ᠡᠬᠢ ᠪᠠᠶᠠᠯᠢᠭ︾ ᠤᠨ | ᠬᠠᠮᠢᠶᠠᠷᠣᠯᠳᠠ ᠶᠢᠨ ᠲᠦᠷᠢᠮ ᠢ ᠬᠡᠷᠡᠭᠵᠢᠭᠦᠯᠬᠦ ᠳᠤ ᠵᠢᠯᠣᠭᠤᠳᠬᠤ ᠪᠠ ᠬᠢᠨᠠᠯᠳᠠ ᠲᠠᠯᠪᠢᠬᠤ ᠶᠢ ᠪᠣᠳᠠᠲᠠᠢ | ᠬᠠᠷᠢᠭᠤᠴᠠᠨ᠎ᠠ᠃ | ᠲᠠᠪᠣᠳᠣᠭᠠᠷ ᠵᠦᠢᠯ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ | ᠵᠠᠰᠠᠭ ᠵᠠᠬᠢᠷᠭᠠᠨ ᠤ ᠣᠷᠣᠨ ᠤ ᠲᠣᠳᠣᠷᠠᠬᠢ ᠭᠠᠴᠠᠭ᠎ᠠ ᠲᠣᠰᠬᠤᠨ ᠤ ᠬᠠᠮᠳᠤ ᠶᠢᠨ ︽ᠪᠡᠯᠡ ᠮᠦᠩᠭᠦ ᠡᠳ᠋ ᠬᠦᠷᠦᠩᠭᠡ | ᠡᠬᠢ ᠪᠠᠶᠠᠯᠢᠭ︾ ᠤᠨ ᠬᠠᠮᠢᠶᠠᠷᠣᠯᠳᠠ ᠶᠢᠨ ᠠᠵᠢᠯ ᠢ ᠬᠠᠷᠢᠭᠤᠴᠠᠵᠤ᠂ ᠲᠡᠭᠦᠨ ᠤ ᠡᠳᠣᠷ ᠲᠣᠳᠣᠮ ᠤᠨ | ᠵᠢᠯᠣᠭᠤᠳᠣᠯᠭ᠎ᠠ ᠪᠠ ᠬᠢᠨᠠᠯᠳᠠ ᠲᠠᠯᠪᠢᠯᠳᠠ ᠶᠢᠨ ᠠᠵᠢᠯ ᠢ ᠰᠣᠮᠣ ᠰᠢᠶᠠᠩ ᠪᠠᠯᠭᠠᠰᠤ ᠶᠢᠨ ᠡᠵᠡᠩᠨᠡᠯᠳᠡ | ᠬᠠᠮᠢᠶᠠᠷᠣᠯᠳᠠ ᠶᠢᠨ ᠦᠷᠳᠡᠭᠡ ᠪᠣᠶᠣ ᠰᠣᠮᠣ ᠰᠢᠶᠠᠩ ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ | ᠬᠠᠮᠢᠶᠠᠷᠣᠯᠳᠠ ᠶᠢᠨ ᠡᠭᠦᠷᠭᠡ ᠴᠢᠳᠠᠪᠣᠷᠢ ᠶᠢ ᠡᠭᠦᠷᠭᠡᠯᠡᠵᠤ ᠪᠦᠬᠦᠢ ᠪᠠᠶᠢᠭᠤᠯᠤᠮᠵᠢ ᠠᠴᠠ ᠬᠠᠷᠢᠭᠤᠴᠠᠨ᠎ᠠ᠃ ᠰᠣᠮᠣ | ᠰᠢᠶᠠᠩ ᠪᠠᠯᠭᠠᠰᠤ ᠨᠢ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠬᠠᠮᠢᠶᠠᠷᠣᠯᠳᠠ ᠶᠢᠨ ᠪᠠᠶᠢᠭᠤᠯᠤᠮᠵᠢ ᠪᠣᠶᠣ | ᠪᠠᠶᠢᠭᠤᠯᠣᠮᠵᠢ ᠶᠢᠨ ᠦᠭᠡᠷᠡᠴᠢᠯᠡᠯᠳᠡ ᠲᠣᠮᠳᠠ ᠬᠠᠰᠤᠭᠳᠠᠭᠰᠠᠨ ᠪᠣᠯ᠂ ᠲᠡᠭᠦᠨ ᠤ ᠡᠳᠣᠷ ᠲᠣᠳᠣᠮ ᠤᠨ | ᠵᠢᠯᠣᠭᠤᠳᠣᠯᠭ᠎ᠠ ᠪᠠ ᠬᠢᠨᠠᠯᠳᠠ ᠲᠠᠯᠪᠢᠯᠳᠠ ᠶᠢᠨ ᠠᠵᠢᠯ ᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠳᠡ ᠬᠠᠮᠢᠶᠠᠷᠣᠯᠳᠠ ᠶᠢᠨ ᠪᠠᠶᠢᠭᠤᠯᠤᠮᠵᠢ ᠠᠴᠠ ᠰᠢᠭᠤᠳ ᠬᠠᠷᠢᠭᠤᠴᠠᠨ᠎ᠠ᠃ ᠡᠯ᠎ᠡ ᠱᠠᠳᠣᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠤᠳ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ ᠲᠣᠭᠳᠠᠭᠠᠯ ᠤᠨ ᠲᠣᠭᠳᠠᠭᠠᠯ ᠢ | ᠦᠨᠳᠦᠰᠦᠯᠡᠨ᠂ ᠭᠠᠴᠠᠭ᠎ᠠ ᠲᠣᠰᠬᠤᠨ ᠤ ᠬᠠᠮᠳᠤ ᠶᠢᠨ ︽ᠪᠡᠯᠡ ᠮᠦᠩᠭᠦ ᠡᠳ᠋ ᠬᠦᠷᠦᠩᠭᠡ ᠡᠬᠢ ᠪᠠᠶᠠᠯᠢᠭ︾ ᠤᠨ | ᠬᠠᠮᠢᠶ᠎ᠠ ᠪᠦᠬᠦᠢ ᠬᠠᠮᠢᠶᠠᠷᠣᠯᠳᠠ ᠶᠢᠨ ᠠᠵᠢᠯ ᠳᠤ ᠲᠣᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠳᠠ | ᠲᠠᠯᠪᠢᠯᠳᠠ ᠬᠢᠭᠦ ᠬᠡᠷᠡᠭᠲᠡᠢ᠃ | ᠬᠤᠶᠠᠳᠣᠭᠠᠷ ᠪᠦᠯᠦᠭ ᠪᠡᠯᠡ ᠮᠦᠩᠭᠦ ᠶᠢᠨ ᠬᠠᠮᠢᠶᠠᠷᠣᠯᠳᠠ | ᠵᠢᠷᠭᠤᠳᠣᠭᠠᠷ ᠵᠦᠢᠯ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠣᠯᠳᠠ ᠨᠢ | ᠦᠨᠡᠨ ᠠᠴᠠ ᠵᠦᠪ ᠢ ᠡᠷᠢᠬᠦ᠂ ᠨᠢᠭᠡᠳᠣᠯᠲᠠᠢ ᠲᠦᠯᠦᠪᠯᠡᠬᠦ᠂ ᠨᠡᠶᠢᠳᠡ ᠳᠤᠨᠢ ᠬᠠᠷᠠᠭᠠᠯᠵᠠᠬᠤ᠂ ᠣᠷᠣᠯᠭ᠎ᠠ ᠪᠠᠨ | ᠨᠡᠮᠡᠭᠳᠡᠭᠦᠯᠵᠤ ᠵᠠᠷᠣᠯᠭ᠎ᠠ ᠪᠠᠨ ᠪᠠᠭᠠᠰᠬᠠᠬᠤ ᠵᠠᠷᠴᠢᠮ ᠤᠨ ᠶᠣᠰᠤᠭᠠᠷ᠂ ᠣᠨ ᠤ ᠡᠳ᠋ ᠤᠨ ᠶᠠᠪᠣᠳᠠᠯ ᠤᠨ ᠲᠦᠰᠦᠪ ᠢᠶᠠᠨ | ᠨᠠᠶᠢᠷᠠᠭᠤᠯᠤᠨ ᠵᠣᠬᠢᠶᠠᠬᠤ ᠬᠡᠷᠡᠭᠲᠡᠢ᠃ | ᠲᠣᠯᠣᠳᠣᠭᠠᠷ ᠵᠦᠢᠯ ᠡᠳ᠋ ᠤᠨ ᠶᠠᠪᠣᠳᠠᠯ ᠤᠨ ᠲᠦᠰᠦᠪ ᠲᠤ᠄ ᠡᠳ᠋ ᠤᠨ ᠶᠠᠪᠣᠳᠠᠯ ᠤᠨ ᠣᠷᠤᠯᠭ᠎ᠠ | ᠵᠠᠷᠤᠯᠭ᠎ᠠ ᠶᠢᠨ ᠲᠦᠯᠦᠪᠯᠡᠭᠡ᠂ ᠪᠡᠯᠡ ᠮᠦᠩᠭᠦ ᠶᠢᠨ ᠬᠤᠷᠠᠮᠳᠤᠯᠭ᠎ᠠ ᠪᠠ ᠬᠡᠷᠡᠭᠯᠡᠬᠦ ᠲᠦᠯᠦᠪᠯᠡᠭᠡ᠂ ᠲᠣᠭᠳᠠᠮᠠᠯ | ᠬᠦᠷᠦᠩᠭᠡ ᠡᠭᠦᠳᠦᠨ ᠪᠠᠶᠢᠭᠤᠯᠬᠤ ᠲᠦᠯᠦᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠦᠨᠳᠣᠰᠤᠨ ᠪᠦᠳᠦᠭᠡᠨ | ᠪᠠᠶᠢᠭᠤᠯᠤᠯᠳᠠ ᠶᠢᠨ ᠲᠦᠯᠦᠪᠯᠡᠭᠡ᠂ ᠣᠯᠠᠨ ᠨᠡᠶᠢᠲᠡ ᠶᠢᠨ ᠠᠵᠢᠯ ᠦᠢᠯᠡᠰ ᠤᠨ ᠪᠦᠳᠦᠭᠡᠨ ᠪᠠᠶᠢᠭᠤᠯᠤᠯᠳᠠ ᠪᠣᠯᠤᠨ | ᠡᠬᠢ ᠪᠠᠶᠠᠯᠢᠭ ᠤᠨ ᠨᠡᠭᠡᠭᠡᠯᠳᠡ ᠶᠢᠨ ᠪᠡᠯᠡ ᠣᠷᠤᠭᠤᠯᠤᠯᠳᠠ ᠶᠢᠨ ᠲᠦᠯᠦᠪᠯᠡᠭᠡ᠂ ᠨᠡᠶᠢᠲᠡ ᠶᠢᠨ ᠬᠤᠷᠠᠮᠳᠤᠯᠭ᠎ᠠ | ᠨᠡᠶᠢᠲᠡ ᠶᠢᠨ ᠠᠰᠢᠭ ᠲᠤᠰᠠ ᠶᠢᠨ ᠵᠣᠭᠤᠰ ᠮᠦᠩᠭᠦ ᠵᠢᠴᠢ ᠠᠰᠠᠷᠠᠮᠵᠢ ᠶᠢᠨ ᠵᠠᠷᠤᠳᠠᠯ ᠬᠡᠷᠡᠭᠯᠡᠬᠦ ᠲᠦᠯᠦᠪᠯᠡᠭᠡ ᠪᠠ | ᠠᠰᠢᠭ ᠣᠷᠤᠯᠭ᠎ᠠ ᠬᠤᠪᠢᠶᠠᠷᠢᠯᠠᠬᠤ ᠲᠦᠯᠦᠪᠯᠡᠭᠡ ᠵᠡᠷᠭᠡ ᠪᠠᠭᠳᠠᠨ᠎ᠠ᠃ ᠴᠢᠬᠤᠯᠠ ᠲᠦᠷᠦᠯ ᠵᠦᠢᠯ ᠪᠣᠯᠣᠨ | ᠢᠨᠵᠤᠨᠤᠷᠢᠩ ᠤᠨ ᠬᠡᠷᠡᠭᠵᠢᠭᠦᠯᠦᠯᠳᠡ ᠳᠤ ᠡᠷᠬᠡᠪᠰᠢ ᠲᠠᠩ ᠲᠦᠷᠦᠯ ᠤᠨ ᠲᠦᠰᠦᠪ ᠤᠨ ᠭᠦᠢᠴᠡᠳᠭᠡᠯ ᠢ ᠬᠡᠷᠡᠭᠵᠢᠭᠦᠯᠬᠦ | ᠬᠡᠷᠡᠭᠲᠡᠢ᠃ | ᠨᠠᠢᠮᠠᠳᠣᠭᠠᠷ ᠵᠦᠢᠯ ᠨᠠᠶᠢᠷᠠᠭᠤᠯᠤᠨ ᠵᠣᠬᠢᠶᠠᠭᠰᠠᠨ ᠡᠳ᠋ ᠤᠨ ᠶᠠᠪᠤᠳᠠᠯ ᠤᠨ ᠲᠦᠰᠦᠪ ᠤᠨ ᠲᠦᠰᠦᠯ ᠪᠣᠯᠣᠨ | ᠡᠳ᠋ ᠤᠨ ᠶᠠᠪᠣᠳᠠᠯ ᠤᠨ ᠭᠦᠢᠴᠡᠳᠭᠡᠯ ᠤᠨ ᠮᠡᠳᠡᠭᠦᠯᠦᠯᠳᠡ ᠶᠢ ᠡᠷᠬᠡᠪᠰᠢ ᠭᠠᠴᠠᠭ᠎ᠠ ᠲᠣᠰᠬᠤᠨ ᠤ ᠠᠷᠠᠳ ᠤᠨ ᠬᠢᠨᠠᠯᠳᠠ | ᠲᠠᠯᠪᠢᠬᠤ ᠵᠦᠪᠯᠡᠯ ︵ᠠᠷᠠᠳᠴᠢᠯᠠᠯ ᠢᠶᠠᠷ ᠡᠳ᠋ ᠤᠨ ᠶᠠᠪᠣᠳᠠᠯ ᠢ ᠬᠠᠮᠢᠶᠠᠷᠬᠤ ᠲᠤᠭᠤᠶᠢᠯᠠᠩ︶ ᠢᠶᠠᠷ ᠬᠢᠨᠠᠨ | ᠵᠦᠪᠰᠢᠶᠡᠷᠡᠭᠦᠯᠵᠤ᠂ ᠭᠠᠴᠠᠭ᠎ᠠ ᠲᠣᠰᠬᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ | ᠶᠠᠷᠢᠯᠴᠠᠭᠤᠯᠤᠨ ᠬᠢᠨᠠᠨ ᠪᠠᠳᠤᠯᠠᠭᠰᠠᠨ ᠤ ᠲᠠᠷᠠᠭ᠎ᠠ᠂ ᠰᠤᠮᠣ ᠰᠢᠶᠠᠩ ᠪᠠᠯᠭᠠᠰᠤ ᠶᠢᠨ ᠡᠵᠡᠩᠨᠡᠯᠳᠡ ᠬᠠᠮᠢᠶᠠᠷᠣᠯᠳᠠ ᠶᠢᠨ | ᠥᠷᠲᠡᠭᠡ ᠪᠣᠶᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠬᠠᠮᠢᠶᠠᠷᠤᠯᠳᠠ ᠶᠢᠨ ᠡᠭᠦᠷᠭᠡ ᠴᠢᠳᠠᠪᠤᠷᠢ ᠶᠢ | ᠡᠭᠦᠷᠭᠡᠯᠡᠵᠤ ᠪᠦᠬᠦᠢ ᠪᠠᠶᠢᠭᠤᠯᠤᠮᠵᠢ ᠳᠤ ᠮᠡᠳᠡᠭᠦᠯᠦᠨ ᠲᠠᠩᠰᠠᠯᠠᠭᠤᠯᠬᠤ ᠬᠡᠷᠡᠭᠲᠡᠢ᠃ | ᠶᠢᠰᠦᠳᠣᠭᠡᠷ ᠵᠦᠢᠯ ᠡᠳ᠋ ᠤᠨ ᠶᠠᠪᠤᠳᠠᠯ ᠤᠨ ᠲᠦᠰᠦᠪ ᠤᠨ ᠭᠦᠢᠴᠡᠳᠭᠡᠯ ᠤᠨ ᠲᠦᠰᠦᠯ ᠢ ᠪᠦᠬᠦ ᠭᠠᠴᠠᠭ᠎ᠠ | ᠲᠣᠰᠬᠤᠨ ᠤ ᠠᠷᠠᠳ ᠲᠤ ᠴᠠᠭ ᠲᠣᠬᠠᠢ ᠳᠤᠨᠢ ᠢᠯᠡ ᠪᠣᠯᠭᠠᠵᠤ᠂ ᠣᠯᠠᠨ ᠲᠦᠮᠡᠨ ᠤ ᠬᠢᠨᠠᠯᠳᠠ ᠲᠠᠯᠪᠢᠬᠤ ᠶᠢ | ᠬᠦᠯᠢᠶᠡᠬᠦ ᠬᠡᠷᠡᠭᠲᠡᠢ᠃ ᠭᠠᠴᠠᠭ᠎ᠠ ᠲᠣᠰᠬᠤᠨ ᠤ ᠠᠷᠠᠳ ᠤᠨ ᠬᠢᠨᠠᠯᠳᠠ ᠲᠠᠯᠪᠢᠬᠤ ᠵᠦᠪᠯᠡᠯ ︵ᠠᠷᠠᠳᠴᠢᠯᠠᠯ ᠢᠶᠠᠷ | ᠡᠳ᠋ ᠤᠨ ᠶᠠᠪᠣᠳᠠᠯ ᠢ ᠬᠠᠮᠢᠶᠠᠷᠬᠤ ᠲᠤᠭᠤᠶᠢᠯᠠᠩ︶ ᠠᠴᠠ ᠲᠣᠭᠳᠠᠮᠠᠯ ᠬᠤᠭᠤᠴᠠᠭ᠎ᠠ ᠲᠠᠢ ᠪᠠᠷ ᠡᠳ᠋ ᠤᠨ ᠶᠠᠪᠤᠳᠠᠯ ᠤᠨ | ᠲᠦᠰᠦᠪ ᠤᠨ ᠭᠦᠢᠴᠡᠳᠭᠡᠭᠰᠡᠨ ᠪᠠᠶᠢᠳᠠᠯ ᠳᠤ ᠬᠢᠨᠠᠯᠳᠠ ᠲᠠᠯᠪᠢᠨ ᠪᠠᠶᠢᠴᠠᠭᠠᠵᠤ᠂ ᠴᠠᠭ ᠲᠤᠬᠠᠢ ᠳᠤᠨᠢ ᠰᠠᠨᠠᠯ ᠪᠠ | ᠰᠠᠨᠠᠭᠤᠯᠭ᠎ᠠ ᠲᠤᠷᠠᠳᠬᠤ ᠶᠢᠨ ᠬᠠᠮᠳᠤ ᠬᠢᠨᠠᠯᠳᠠ ᠲᠠᠯᠪᠢᠨ ᠰᠠᠶᠢᠵᠢᠷᠠᠭᠤᠯᠬᠤ ᠬᠡᠷᠡᠭᠲᠡᠢ᠃ | ᠠᠷᠪᠠᠳᠤᠭᠠᠷ ᠵᠦᠢᠯ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠳᠠ ᠶᠢᠨ | ᠣᠷᠤᠯᠭ᠎ᠠ᠄ ᠦᠢᠯᠡᠳᠭᠦᠨ ᠪᠣᠷᠣᠯᠠᠭᠤᠯᠤᠭᠰᠠᠨ ᠣᠷᠣᠯᠭ᠎ᠠ᠂ ᠲᠦᠷᠢᠶᠡᠰᠦᠨ ᠤ ᠣᠷᠣᠯᠭ᠎ᠠ᠂ ᠦᠢᠯᠡᠴᠢᠯᠡᠭᠡᠨ ᠤ | ᠣᠷᠣᠯᠭ᠎ᠠ ᠵᠡᠷᠭᠡ ᠬᠠᠮᠳᠤ ᠶᠢᠨ ᠡᠵᠡᠩᠨᠡᠯᠳᠡ ᠶᠢᠨ ᠣᠷᠣᠯᠭ᠎ᠠ︔ ᠲᠠᠭᠠᠭᠠᠴᠢᠯᠠᠭᠤᠯᠬᠤ ᠵᠢᠴᠢ ᠲᠡᠭᠡᠭᠰᠢ ᠲᠣᠰᠢᠶᠠᠬᠤ | ᠣᠷᠣᠯᠭ᠎ᠠ︔ ᠪᠡᠯᠡ ᠣᠷᠣᠭᠤᠯᠣᠯᠳᠠ ᠶᠢᠨ ᠣᠷᠣᠯᠭ᠎ᠠ︔ ︽ᠨᠢᠭᠡ ᠣᠴᠢᠷ ᠢ ᠨᠢᠭᠡ ᠵᠦᠪᠯᠡᠬᠦ︾ ᠶᠢᠨ ᠪᠡᠯᠡ | ᠴᠤᠭᠯᠠᠭᠤᠯᠬᠤ ᠵᠢᠴᠢ ᠪᠡᠯᠡ ᠪᠠᠷ ᠬᠦᠳᠡᠯᠮᠦᠷᠢ ᠶᠢ ᠣᠷᠣᠯᠠᠭᠤᠯᠬᠤ ᠵᠤᠭᠤᠰᠤᠨ ᠤ ᠲᠦᠷᠦᠯ︔ ᠭᠠᠴᠠᠭ᠎ᠠ ᠲᠣᠰᠬᠤᠨ ᠤ | ᠱᠠᠳᠦᠨ ᠤ ᠵᠤᠬᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠵᠠᠷᠣᠳᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ | ᠵᠤᠭᠤᠰᠤᠨ ᠤ ᠲᠦᠷᠦᠯ︔ ᠲᠡᠭᠡᠳᠤ ᠱᠠᠳᠣᠨ ᠤ ᠲᠣᠰᠬᠠᠢ ᠲᠦᠷᠦᠯ ᠤᠨ ᠨᠥᠬᠦᠪᠦᠷᠢ ᠶᠢᠨ ᠵᠤᠭᠤᠰᠤᠨ ᠤ ᠲᠦᠷᠦᠯ︔ | ᠭᠠᠵᠠᠷ ᠰᠢᠷᠣᠢ ᠲᠠᠳᠠᠪᠣᠷᠢᠯᠠᠵᠤ ᠡᠵᠡᠯᠡᠭᠰᠨ ᠨᠡᠮᠡᠭᠦᠷᠢ ᠵᠣᠭᠤᠰᠤᠨ ᠤ ᠲᠦᠷᠦᠯ︔ ᠶᠠᠳᠠᠭᠤ ᠶᠢ ᠲᠡᠳᠭᠦᠬᠦ ᠶᠢᠨ | ᠲᠤᠰᠠᠯᠠᠮᠵᠢ ᠶᠢᠨ ᠵᠣᠭᠤᠰᠤᠨ ᠤ ᠲᠦᠷᠦᠯ︔ ᠨᠡᠶᠢᠭᠡᠮ ᠠᠴᠠ ᠬᠠᠨᠳᠢᠪᠯᠠᠵᠦ ᠬᠦᠷᠬᠡᠭᠰᠡᠨ ᠵᠣᠭᠤᠰᠤᠨ ᠤ ᠲᠦᠷᠦᠯ︔ | ᠡᠳ᠋ ᠬᠦᠷᠦᠩᠭᠡ ᠶᠢ ᠰᠢᠢᠳᠪᠦᠷᠢᠯᠡᠭᠰᠡᠨ ᠣᠷᠣᠯᠭ᠎ᠠ︔ ᠪᠣᠰᠣᠳ ᠣᠷᠣᠯᠭ᠎ᠠ᠃ | ᠠᠷᠪᠠᠨ ᠨᠢᠭᠡᠳᠣᠭᠡᠷ ᠵᠦᠢᠯ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠣᠯᠳᠠ ᠠᠴᠠ ᠪᠡᠯᠡᠨ ᠵᠣᠭᠤᠰ ᠪᠣᠶᠣ ᠵᠠᠷᠣᠯᠭ᠎ᠠ ᠶᠢᠨ ᠵᠣᠭᠤᠰᠤᠨ ᠤ ᠲᠦᠷᠦᠯ ᠢ ᠬᠤᠷᠢᠶᠠᠬᠤ ᠳᠤ᠂ ᠡᠷᠬᠡᠪᠰᠢ | ᠪᠥᠷᠢᠨ ᠭᠦᠢᠴᠡᠳ ᠭᠠᠷᠳᠠᠮ ᠪᠣᠯᠣᠨ ᠪᠠᠷᠢᠮᠳᠠ ᠲᠠᠢ ᠪᠠᠶᠢᠵᠤ᠂ ︽ᠬᠤᠭᠤᠰᠣᠨ ᠪᠠᠷᠢᠮᠳᠠ︾ ᠪᠠᠷ ᠲᠣᠯᠭᠠᠨ | ᠰᠠᠭᠤᠯᠭᠠᠬᠤ᠂ ᠬᠠᠭᠤᠷᠮᠠᠭ ᠵᠣᠬᠢᠶᠠᠬᠤ᠂ ᠤᠤᠯ ᠪᠠᠷᠢᠮᠳᠠ ᠶᠢ ᠪᠠᠯᠠᠯᠠᠨ ᠬᠤᠪᠢᠷᠠᠭᠤᠯᠵᠤ ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠪᠡᠯᠡᠨ ᠵᠣᠭᠤᠰ ᠪᠣᠯᠣᠨ ᠪᠠᠩᠬᠢ ᠶᠢᠨ ᠬᠠᠳᠠᠭᠠᠯᠠᠮᠵᠢ ᠶᠢᠨ ᠬᠠᠮᠢᠶᠠᠷᠤᠯᠳᠠ ᠳᠤ | ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠡᠯᠡᠨ ᠵᠤᠭᠤᠰ ᠤᠨ ᠬᠠᠮᠢᠶᠠᠷᠤᠯᠳᠠ ᠶᠢᠨ ᠲᠦᠷ | ᠬᠡᠷᠡᠭᠵᠢᠭᠦᠯᠬᠦ ᠲᠦᠷᠢᠮ︾ ᠵᠢᠴᠢ ︽ᠬᠡᠷᠡᠭᠵᠢᠭᠦᠯᠬᠦ ᠨᠠᠷᠢᠨ ᠲᠥᠷᠢᠮ︾᠂ ︽ᠲᠣᠰᠬᠤᠨ ᠪᠠᠯᠭᠠᠰᠤ ᠶᠢᠨ ᠬᠠᠮᠳᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠳᠠ ᠶᠢᠨ ᠨᠢᠭᠳᠠᠯᠠᠨ ᠪᠣᠳᠤᠭᠴᠢ ᠶᠢᠨ ᠲᠥᠷᠢᠮ︾ ᠪᠣᠯᠣᠨ ︽ᠪᠠᠩᠬᠢ ᠶᠢᠨ | ᠬᠠᠳᠠᠭᠠᠯᠠᠮᠵᠢ ᠶᠢᠨ ᠬᠠᠮᠢᠶᠠᠷᠤᠯᠳᠠ ᠶᠢᠨ ᠲᠥᠷᠢᠮ︾ ᠤᠨ ᠬᠠᠮᠢᠶ᠎ᠠ ᠪᠦᠬᠦᠢ ᠲᠣᠭᠳᠠᠭᠠᠯ ᠢ ᠴᠢᠩᠭ᠎ᠠ ᠬᠡᠷᠡᠭᠵᠢᠭᠦᠯᠬᠦ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠲᠠᠩᠰᠠ᠂ ᠵᠣᠭᠤᠰ ᠢ ᠰᠠᠯᠭᠠᠨ ᠬᠠᠮᠢᠶᠠᠷᠬᠤ ᠪᠠ ᠬᠦᠮᠦᠷᠭᠡ ᠳᠤ ᠬᠠᠳᠠᠭᠠᠯᠠᠬᠤ | ᠪᠡᠯᠡᠨ ᠵᠣᠭᠤᠰ ᠤᠨ ᠲᠤᠭ᠎ᠠ ᠶᠢ ᠬᠢᠵᠠᠭᠠᠷᠯᠠᠨ ᠬᠠᠮᠢᠶᠠᠷᠬᠤ ᠶᠢ ᠬᠡᠷᠡᠭᠵᠢᠭᠦᠯᠤᠨ᠎ᠠ︔ ︽ᠲᠢᠴᠢ ᠬᠠᠳᠠᠭᠠᠯᠠᠮᠵᠢ︾ | ᠪᠠᠶᠢᠭᠤᠯᠵᠤ ᠪᠣᠯᠬᠤ ᠦᠭᠡᠢ᠂ ᠪᠡᠯᠡᠨ ᠵᠤᠭᠤᠰ ᠢ ᠲᠠᠩᠰᠠᠨ ᠳᠤ ᠤᠷᠤᠭᠤᠯᠬᠤ ᠦᠬᠡᠢ ᠪᠠᠷ ᠰᠢᠭᠤᠳ ᠵᠠᠷᠤᠴᠠᠭᠤᠯᠵᠦ | ᠪᠤᠯᠬᠤ ᠦᠬᠡᠢ᠂ ᠠᠯᠪᠠᠨ ᠤ ᠵᠤᠭᠤᠰ ᠢ ᠬᠤᠪᠢ ᠬᠦᠮᠦᠨ ᠤ ᠨᠡᠷ᠎ᠠ ᠪᠠᠷ ᠬᠠᠳᠠᠭᠠᠯᠠᠵᠦ ᠪᠤᠯᠬᠤ ᠦᠬᠡᠢ᠃ ᠪᠡᠯᠡᠨ | ᠵᠤᠭᠤᠰ ᠤᠨ ᠵᠤᠭᠤᠰᠤᠨ ᠪᠠᠷᠢᠮᠳᠠ ᠪᠠ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠲᠠᠩᠰᠠᠨ ᠡᠷᠦᠬᠡ ᠶᠢ ᠲᠦᠷᠢᠶᠡᠰᠦᠯᠡᠵᠦ᠂ ᠵᠢᠬᠡᠯᠡᠬᠦᠯᠵᠦ᠂ ᠭᠠᠷ ᠲᠠᠮᠵᠢᠭᠤᠯᠤᠨ ᠵᠢᠬᠡᠯᠡᠬᠦᠯᠵᠦ | ᠪᠤᠯᠬᠤ ᠦᠬᠡᠢ᠃ | ᠠᠷᠪᠠᠨ ᠲᠦᠷᠪᠡᠳᠣᠭᠡᠷ ᠵᠦᠢᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠤᠨ ᠨᠤᠭᠤᠳ | ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ᠂ ᠪᠠᠩᠬᠢ᠂ ᠮᠡᠷᠭᠡᠵᠢᠯ ᠤᠨ ᠬᠢᠨᠠᠯᠳᠠ ᠲᠠᠯᠪᠢᠬᠤ ᠵᠡᠷᠭᠡ | ᠪᠠᠶᠢᠭᠤᠯᠤᠮᠵᠢ ᠶᠢ ᠵᠤᠬᠢᠴᠠᠭᠤᠯᠵᠦ᠂ ᠭᠠᠴᠠᠭ᠎ᠠ ᠲᠣᠰᠬᠤᠨ ᠤ ᠨᠢᠭᠳᠠᠯᠠᠨ ᠪᠣᠳᠤᠭᠴᠢ ᠶᠢᠨ ᠭᠤᠣᠯ ᠴᠣᠭᠴᠠ ᠪᠦᠷᠢ ᠨᠢ | ᠪᠠᠩᠬᠢ ᠶᠢᠨ ᠦᠨᠳᠤᠰᠦᠨ ᠲᠠᠩᠰᠠ ᠡᠷᠦᠬᠡ ᠪᠠᠶᠢᠭᠤᠯᠬᠤ ᠬᠡᠷᠡᠭᠲᠡᠢ᠃ | ᠠᠷᠪᠠᠨ ᠲᠠᠪᠣᠳᠣᠭᠠᠷ ᠵᠦᠢᠯ ᠨᠢᠭᠳᠠᠯᠠᠨ ᠪᠣᠳᠤᠭᠴᠢ ᠶᠢᠨ ᠨᠠᠶᠢᠳᠠᠨ ᠣᠷᠤᠯᠠᠭᠤᠯᠬᠤ ᠦᠢᠯᠡᠴᠢᠯᠡᠭᠡᠨ ᠢ | ᠬᠡᠷᠡᠭᠵᠢᠭᠦᠯᠵᠦ ᠪᠠᠶᠢᠭ᠎ᠠ ᠭᠠᠴᠠᠭ᠎ᠠ ᠲᠣᠰᠬᠤᠨ ᠨᠢ ᠨᠢᠭᠳᠠᠯᠠᠨ ᠪᠣᠳᠣᠭᠴᠢ ᠶᠢᠨ ᠭᠤᠣᠯ ᠴᠣᠭᠴᠠ ᠠᠴᠠ ᠭᠠᠴᠠᠭ᠎ᠠ | ᠲᠣᠰᠬᠤᠨ ᠬᠤᠪᠢᠶᠠᠨ ᠲᠠᠩᠰᠠ ᠪᠠᠶᠢᠭᠤᠯᠬᠤ ᠶᠢᠨ ᠬᠠᠮᠳᠤ ᠪᠠᠩᠬᠢ ᠳᠤ ᠪᠠᠩᠬᠢ ᠶᠢᠨ ᠬᠠᠳᠠᠭᠠᠯᠠᠮᠵᠢ ᠶᠢᠨ ᠦᠨᠳᠣᠰᠤᠨ | ᠲᠠᠩᠰᠠᠨ ᠡᠷᠦᠬᠡ ᠪᠠᠶᠢᠭᠤᠯᠵᠤ᠂ ᠡᠳᠣᠷ ᠲᠣᠳᠣᠮ ᠤᠨ ᠲᠠᠩᠰᠠ ᠰᠢᠯᠵᠢᠭᠦᠯᠦᠨ ᠳ᠋ᠦᠩᠨᠡᠨ ᠪᠣᠳᠤᠬᠤ ᠪᠠ ᠪᠡᠯᠡᠨ | ᠵᠣᠭᠤᠰ ᠬᠤᠷᠢᠶᠠᠬᠤ ᠥᠭᠬᠦ ᠳᠤ ᠬᠡᠷᠡᠭᠯᠡᠨ᠎ᠠ᠂ ᠭᠠᠵᠠᠷ ᠰᠢᠷᠣᠢ ᠶᠢᠨ ᠨᠦᠬᠦᠪᠦᠷᠢ ᠶᠢᠨ ᠰᠦᠢᠳᠭᠡᠯ᠂ ᠨᠢᠭᠡ ᠣᠴᠢᠷ ᠢ | ᠨᠢᠭᠡ ᠵᠦᠪᠯᠡᠬᠦ ᠶᠢᠨ ᠪᠡᠯᠡ ᠴᠤᠭᠯᠠᠭᠤᠯᠬᠤ᠂ ᠬᠦᠳᠡᠯᠮᠦᠷᠢ ᠴᠤᠭᠯᠠᠭᠤᠯᠬᠤ ᠳᠤ ᠲᠣᠰᠬᠠᠢ ᠲᠠᠩᠰᠠᠨ ᠡᠷᠦᠬᠡ | ᠪᠠᠶᠢᠭᠤᠯᠬᠤ ᠠᠴᠠ ᠭᠠᠳᠠᠨ᠎ᠠ᠂ ᠪᠣᠰᠣᠳ ᠲᠣᠰᠬᠠᠢ ᠬᠡᠷᠡᠭᠯᠡᠬᠦ ᠪᠠ ᠲᠦᠷ ᠴᠠᠭ ᠤᠨ ᠲᠠᠩᠰᠠᠨ ᠡᠷᠦᠬᠡ ᠶᠢ ᠶᠡᠷᠦ ᠶᠢᠨ | ᠪᠠᠶᠢᠳᠠᠯ ᠳᠤ ᠪᠠᠶᠢᠭᠤᠯᠵᠤ ᠪᠣᠯᠬᠤ ᠦᠭᠡᠢ᠂ ᠡᠷᠦᠬᠡ ᠪᠠᠶᠢᠭᠤᠯᠤᠭᠰᠠᠨ ᠪᠠᠩᠬᠢ ᠳᠤ ᠦᠯᠡᠳᠡᠭᠡᠵᠦ ᠬᠠᠳᠠᠭᠠᠯᠠᠭᠰᠠᠨ | ᠲᠠᠮᠠᠭ᠎ᠠ ᠭᠠᠷ ᠤᠨ ᠦᠰᠦᠭ ᠨᠢ ᠡᠷᠬᠡᠪᠰᠢ ᠪᠦᠷᠢᠨ ᠭᠦᠢᠴᠡᠳ ᠪᠠᠶᠢᠬᠤ ᠬᠡᠷᠡᠭᠲᠡᠢ᠃ | ᠠᠷᠪᠠᠨ ᠵᠢᠷᠭᠤᠳᠣᠭᠠᠷ ᠵᠦᠢᠯ ᠬᠤᠰᠢᠭᠤ ᠰᠢᠶᠡᠨ ᠤ ᠱᠠᠳᠤᠨ ᠤ ᠬᠡᠪᠴᠢᠶᠡᠨ ᠳᠤ ᠡᠳ᠋ ᠤᠨ ᠶᠠᠪᠤᠳᠠᠯ ᠤᠨ | ᠵᠠᠷᠤᠯᠭ᠎ᠠ ᠶᠢ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠲᠥᠷᠢᠮ ᠢ ᠨᠢᠭᠡᠳᠣᠯᠲᠠᠢ ᠪᠠᠶᠢᠭᠤᠯᠵᠤ᠂ ᠡᠳ᠋ ᠤᠨ | ᠶᠠᠪᠤᠳᠠᠯ ᠢ ᠰᠢᠢᠳᠪᠦᠷᠢᠯᠡᠬᠦ ᠲᠤᠤᠷᠠᠬᠢ ᠲᠡᠰ ᠲᠠᠷᠠᠭᠠᠯᠠᠯ ᠢ ᠵᠢᠷᠤᠮᠯᠠᠬᠤ ᠬᠡᠷᠡᠭᠲᠡᠢ᠃ ᠭᠠᠷᠳᠠᠭᠴᠢ ᠠᠴᠠ ᠡᠷᠬᠡᠪᠰᠢ | ᠦᠨᠡᠨ ᠪᠣᠳᠠᠲᠠᠢ᠂ ᠪᠦᠳᠦᠮᠵᠢᠲᠠᠢ᠂ ᠬᠠᠤᠯᠢ ᠶᠣᠰᠤᠨ ᠤ ᠣᠣᠯ ᠪᠠᠷᠢᠮᠳᠠ ᠶᠢ ᠣᠯᠵᠤ᠂ ᠭᠠᠴᠠᠭ᠎ᠠ ᠲᠣᠰᠬᠤᠨ ᠤ | ᠠᠷᠠᠳ ᠤᠨ ᠬᠢᠨᠠᠯᠳᠠ ᠲᠠᠯᠪᠢᠬᠤ ᠵᠦᠪᠯᠡᠯ ︵ᠠᠷᠠᠳᠴᠢᠯᠠᠯ ᠢᠶᠠᠷ ᠡᠳ᠋ ᠤᠨ ᠶᠠᠪᠣᠳᠠᠯ ᠢ ᠬᠠᠮᠢᠶᠠᠷᠬᠤ ᠲᠤᠭᠤᠶᠢᠯᠠᠩ︶ | ᠢᠶᠠᠷ ᠬᠢᠨᠠᠨ ᠵᠦᠪᠯᠡᠭᠦᠯᠵᠦ ᠵᠦᠪᠰᠢᠶᠡᠷᠡᠬᠦ ᠵᠦᠪᠰᠢᠶᠡᠷᠡᠬᠦᠯᠬᠦ ᠶᠢᠨ ᠬᠠᠮᠳᠤ ᠭᠠᠷ ᠤᠨ ᠦᠰᠦᠭ ᠵᠢᠷᠤᠵᠤ ᠲᠠᠮᠠᠭ᠎ᠠ | ᠲᠠᠷᠤᠵᠤ᠂ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠳᠠ ᠶᠢᠨ ᠡᠳ᠋ ᠤᠨ | ᠶᠠᠪᠤᠳᠠᠯ ᠤᠨ ᠬᠠᠷᠢᠭᠤᠴᠠᠯᠭᠠᠳᠠᠨ ᠠᠴᠠ ᠬᠢᠨᠠᠨ ᠵᠦᠪᠰᠢᠶᠡᠷᠡᠵᠤ ᠭᠠᠷ ᠤᠨ ᠦᠰᠦᠭ ᠵᠢᠷᠣᠵᠤ᠂ ᠨᠢᠭᠳᠠᠯᠠᠨ | ᠪᠣᠳᠤᠭᠴᠢ ᠠᠴᠠ ᠬᠢᠨᠠᠨ ᠬᠠᠷᠭᠤᠭᠤᠯᠵᠤ ᠲᠠᠩᠰᠠᠨ ᠳᠤ ᠲᠡᠮᠳᠡᠭᠯᠡᠨ ᠣᠷᠤᠭᠤᠯᠬᠤ ᠬᠡᠷᠡᠭᠲᠡᠢ᠃ ᠡᠳᠤᠷ ᠲᠣᠳᠤᠮ ᠤᠨ | ᠵᠠᠷᠤᠯᠭ᠎ᠠ ᠶᠢ ᠲᠣᠭᠳᠠᠭᠰᠠᠨ ᠲᠡᠰ ᠲᠠᠷᠠᠭᠠᠯᠠᠯ ᠢᠶᠠᠷ ᠬᠢᠨᠠᠨ ᠵᠦᠪᠰᠢᠶᠡᠷᠡᠵᠤ᠂ ᠴᠢᠬᠤᠯᠠ ᠶᠡᠭᠡ ᠵᠦᠢᠯᠡᠰ ᠤᠨ | ᠵᠠᠷᠤᠯᠭ᠎ᠠ ᠳᠤ ᠭᠠᠴᠠᠭ᠎ᠠ ᠲᠣᠰᠬᠤᠨ ᠤ ᠠᠷᠠᠳ ᠤᠨ ᠠᠷᠠᠳᠴᠢᠯᠠᠯ ᠤᠨ ᠲᠠᠰ ᠲᠠᠷᠠᠭᠠᠯᠠᠯ ᠢ ᠭᠦᠢᠴᠡᠳᠭᠡᠬᠦ ᠬᠡᠷᠡᠭᠲᠡᠢ᠃ | ᠠᠷᠪᠠᠨ ᠲᠣᠯᠣᠳᠦᠭᠠᠷ ᠵᠦᠢᠯ ᠨᠢᠭᠡ ᠯᠠ ᠤᠳᠠᠭ᠎ᠠ ᠶᠢᠨ ᠴᠢᠨᠠᠷᠲᠠᠢ ᠵᠠᠷᠤᠯᠭ᠎ᠠ ᠶᠢᠨ ᠮᠦᠩᠭᠦ ᠶᠢᠨ ᠲᠤᠭ᠎ᠠ | ᠬᠡᠮᠵᠢᠶ᠎ᠡ ᠨᠢ ᠶᠡᠭᠡ ᠦᠭᠡᠢ ︵ᠪᠣᠳᠠᠲᠠᠢ ᠲᠤᠭ᠎ᠠ ᠬᠡᠮᠵᠢᠶ᠎ᠡ ᠶᠢ ᠡᠯ᠎ᠡ ᠬᠤᠰᠢᠭᠤ ᠰᠢᠶᠠᠨ ᠠᠴᠠ ᠲᠣᠬᠠᠢ ᠶᠢᠨ ᠭᠠᠵᠠᠷ ᠤᠨ | ᠪᠣᠳᠠᠲᠠᠢ ᠲᠠᠢ ᠪᠠᠨ ᠤᠶᠠᠯᠳᠤᠭᠤᠯᠤᠨ ᠲᠣᠭᠳᠠᠭᠠᠨ᠎ᠠ︶ ᠪᠦᠬᠦᠨ ᠢ ᠪᠣᠯ ᠭᠠᠷᠳᠠᠭᠴᠢ ᠠᠴᠠ ᠭᠠᠷ ᠤᠨ ᠦᠰᠦᠭ ᠵᠢᠷᠤᠵᠤ | ᠂ ᠭᠠᠴᠠᠭ᠎ᠠ ᠲᠣᠰᠬᠤᠨ ᠤ ᠠᠷᠠᠳ ᠤᠨ ᠬᠢᠨᠠᠯᠳᠠ ᠲᠠᠯᠪᠢᠬᠤ ᠵᠦᠪᠯᠡᠯ ︵ᠠᠷᠠᠳᠴᠢᠯᠠᠯ ᠢᠶᠠᠷ ᠡᠳ᠋ ᠤᠨ ᠶᠠᠪᠣᠳᠠᠯ ᠢ | ᠬᠠᠮᠢᠶᠠᠷᠬᠤ ᠲᠤᠭᠤᠶᠢᠯᠠᠩ︶ ᠢᠶᠠᠷ ᠬᠢᠨᠠᠨ ᠬᠠᠷᠭᠤᠭᠤᠯᠵᠤ᠂ ᠭᠠᠴᠠᠭ᠎ᠠ ᠲᠣᠰᠬᠤᠨ ᠤ ᠬᠠᠮᠳᠤ ᠶᠢᠨ ᠡᠳ᠋ ᠤᠨ | ᠶᠠᠪᠤᠳᠠᠯ ᠤᠨ ᠬᠠᠷᠢᠭᠤᠴᠠᠯᠭᠠᠳᠠᠨ ᠠᠴᠠ ᠬᠢᠨᠠᠨ ᠵᠦᠪᠰᠢᠶᠡᠷᠡᠬᠦ ᠬᠡᠷᠡᠭᠲᠡᠢ︔ ᠨᠢᠭᠡ ᠯᠡ ᠤᠳᠠᠭ᠎ᠠ ᠶᠢᠨ ᠴᠢᠨᠠᠷᠲᠠᠢ | ᠵᠠᠷᠤᠯᠭ᠎ᠠ ᠶᠢᠨ ᠮᠦᠩᠭᠦ ᠶᠢᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ︵ᠪᠣᠳᠠᠲᠠᠢ ᠲᠤᠭ᠎ᠠ ᠬᠡᠮᠵᠢᠶ᠎ᠡ ᠶᠢ ᠡᠯ᠎ᠡ ᠬᠤᠰᠢᠭᠤ | ᠰᠢᠶᠠᠨ ᠠᠴᠠ ᠲᠣᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠲᠣᠭᠳᠠᠭᠠᠨ᠎ᠠ︶ ᠪᠦᠬᠦᠨ ᠢ ᠪᠤᠯ | ᠭᠠᠴᠠᠭ᠎ᠠ ᠲᠣᠰᠬᠤᠨ ᠤ ᠵᠦᠪᠯᠡᠯ ᠠᠴᠠ ᠬᠠᠮᠳᠤ ᠪᠠᠷ ᠶᠠᠷᠢᠯᠴᠠᠨ ᠵᠦᠪᠰᠢᠶᠡᠷᠡᠭᠦ ᠶᠢᠨ ᠬᠠᠮᠳᠤ ᠪᠢᠴᠢᠭ ᠢᠶᠠᠷ | ᠰᠢᠢᠳᠪᠦᠷᠢᠯᠡᠭᠰᠡᠨ ᠰᠠᠨᠠᠯ ᠢᠶᠠᠨ ᠲᠠᠭᠠᠭᠤᠯᠵᠤ᠂ ᠭᠠᠴᠠᠭ᠎ᠠ ᠲᠣᠰᠬᠤᠨ ᠤ ᠠᠷᠠᠳ ᠤᠨ ᠬᠢᠨᠠᠯᠳᠠ ᠲᠠᠯᠪᠢᠬᠤ ᠵᠦᠪᠯᠡᠯ ︵ | ᠠᠷᠠᠳᠴᠢᠯᠠᠯ ᠢᠶᠠᠷ ᠡᠳ᠋ ᠤᠨ ᠶᠠᠪᠣᠳᠠᠯ ᠢ ᠬᠠᠮᠢᠶᠠᠷᠬᠤ ᠲᠤᠭᠤᠶᠢᠯᠠᠩ︶ ᠢᠶᠠᠷ ᠬᠢᠨᠠᠨ ᠬᠠᠷᠭᠤᠭᠤᠯᠵᠤ᠂ ᠭᠠᠴᠠᠭ᠎ᠠ | ᠲᠣᠰᠬᠤᠨ ᠤ ᠡᠳ᠋ ᠤᠨ ᠶᠠᠪᠤᠳᠠᠯ ᠤᠨ ᠬᠠᠷᠢᠭᠤᠴᠠᠯᠭᠠᠳᠠᠨ ᠠᠴᠠ ᠬᠢᠨᠠᠨ ᠵᠦᠪᠰᠢᠶᠡᠷᠡᠬᠦ ᠬᠡᠷᠡᠭᠲᠡᠢ︔ ᠨᠢᠭᠡ ᠯᠠ | ᠤᠳᠠᠭ᠎ᠠ ᠶᠢᠨ ᠴᠢᠨᠠᠷᠲᠠᠢ ᠵᠠᠷᠤᠯᠭ᠎ᠠ ᠶᠢᠨ ᠮᠦᠩᠭᠦ ᠶᠢᠨ ᠲᠤᠭ᠎ᠠ ᠬᠡᠮᠵᠢᠶ᠎ᠡ ᠨᠢ ᠣᠨᠴᠠ ᠶᠡᠭᠡ ︵ᠪᠣᠳᠠᠲᠠᠢ ᠲᠤᠭ᠎ᠠ | ᠬᠡᠮᠵᠢᠶ᠎ᠡ ᠶᠢ ᠡᠯ᠎ᠡ ᠬᠤᠰᠢᠭᠤ ᠰᠢᠶᠠᠨ ᠠᠴᠠ ᠲᠣᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ | ᠲᠣᠭᠳᠠᠭᠠᠨ᠎ᠠ︶ ᠪᠦᠬᠦᠨ ᠢ ᠪᠤᠯ ᠭᠠᠴᠠᠭ᠎ᠠ ᠲᠣᠰᠬᠤᠨ ᠤ ᠠᠷᠠᠳ ᠤᠨ ᠶᠡᠭᠡ ᠬᠤᠷᠠᠯ᠂ ᠭᠠᠴᠠᠭ᠎ᠠ ᠲᠣᠰᠬᠤᠨ ᠤ | ᠠᠷᠠᠳ ᠤᠨ ᠲᠦᠯᠦᠭᠡᠯᠡᠭᠴᠢᠳ ᠤᠨ ᠬᠤᠷᠠᠯ ᠢᠶᠠᠷ ᠶᠠᠷᠢᠯᠴᠠᠨ ᠵᠦᠪᠰᠢᠶᠡᠷᠡᠭᠦ ᠶᠢᠨ ᠬᠠᠮᠳᠤ ᠬᠤᠷᠠᠯ ᠢᠶᠠᠷ | ᠰᠢᠢᠳᠪᠦᠷᠢᠯᠡᠭᠰᠡᠨ ᠰᠠᠨᠠᠯ ᠢᠶᠠᠨ ᠲᠠᠭᠠᠭᠤᠯᠵᠤ᠂ ᠭᠠᠴᠠᠭ᠎ᠠ ᠲᠣᠰᠬᠤᠨ ᠤ ᠬᠠᠮᠳᠤ ᠶᠢᠨ ᠡᠳ᠋ ᠤᠨ ᠶᠠᠪᠤᠳᠠᠯ ᠤᠨ | ᠬᠠᠷᠢᠭᠤᠴᠠᠯᠭᠠᠳᠠᠨ ᠠᠴᠠ ᠬᠢᠨᠠᠨ ᠵᠦᠪᠰᠢᠶᠡᠷᠡᠬᠦ ᠬᠡᠷᠡᠭᠲᠡᠢ︔ | ᠠᠷᠪᠠᠨ ᠨᠠᠢᠮᠠᠳᠤᠭᠠᠷ ᠵᠦᠢᠯ ᠭᠠᠴᠠᠭ᠎ᠠ ᠲᠣᠰᠬᠤᠨ ᠨᠤᠭᠤᠳ ᠵᠠᠷᠴᠢᠮ ᠲᠡᠭᠡᠷ᠎ᠡ ᠪᠠᠨ ᠵᠤᠴᠢᠯᠠᠬᠤ ᠠᠵᠢᠯᠯᠠᠭ᠎ᠠ | ᠦᠭᠡᠢ ᠪᠠᠶᠢᠵᠤ᠂ ᠬᠡᠷᠪᠡ ᠦᠨᠡᠨᠬᠦ ᠭᠠᠴᠠᠭ᠎ᠠ ᠲᠣᠰᠬᠤᠨ ᠤ ᠱᠠᠳᠤᠨ ᠤ ᠠᠵᠤ ᠠᠬᠤᠢ ᠶᠢᠨ ᠬᠦᠭᠵᠢᠯᠳᠡ ᠠᠴᠠ | ᠪᠣᠯᠣᠭᠰᠠᠨ ᠵᠣᠴᠢᠯᠠᠭ᠎ᠠ ᠶᠢᠨ ᠵᠠᠷᠤᠳᠠᠯ ᠭᠠᠷᠪᠠᠯ᠂ ᠭᠠᠴᠠᠭ᠎ᠠ ᠲᠣᠰᠬᠤᠨ ᠤ ᠦᠪᠡᠷ ᠤᠨ ᠡᠵᠡᠩᠨᠡᠯᠳᠡ ᠶᠢᠨ ᠴᠡᠪᠡᠷ | ᠣᠷᠤᠯᠭ᠎ᠠ ᠶᠢᠨ 10% ᠶᠢᠨ ᠲᠣᠳᠣᠷ᠎ᠠ ᠬᠢᠵᠠᠭᠠᠷᠯᠠᠵᠤ᠂ ᠲᠣᠰᠬᠠᠢ ᠲᠦᠷᠦᠯ ᠤᠨ ᠪᠡᠯᠡ ᠮᠦᠩᠭᠦ ᠪᠣᠯᠣᠨ ᠨᠢᠭᠡ | ᠣᠴᠢᠷ ᠢ ᠨᠢᠭᠡ ᠵᠦᠪᠯᠡᠬᠦ ᠪᠡᠯᠡ ᠮᠦᠩᠭᠦ ᠶᠢᠨ ᠲᠣᠳᠣᠷ᠎ᠠ ᠠᠴᠠ ᠵᠣᠴᠢᠯᠠᠭ᠎ᠠ ᠶᠢᠨ ᠵᠠᠷᠤᠳᠠᠯ ᠭᠠᠷᠭᠠᠬᠤ ᠶᠢ ᠴᠢᠩᠭ᠎ᠠ | ᠴᠠᠭᠠᠵᠠᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠨᠤᠭᠤᠳ ᠲᠣᠭᠳᠠᠮᠠᠯ ᠬᠤᠭᠤᠴᠠᠭ᠎ᠠ ᠲᠠᠢ ᠪᠠᠷ ᠲᠣᠭᠠᠯᠠᠨ ᠪᠦᠷᠢᠳᠭᠡᠬᠦ ᠳᠦᠷᠢᠮ ᠢ ᠪᠠᠶᠢᠭᠤᠯᠵᠤ᠂ | ᠳᠠᠩᠰᠡᠨ ᠳᠠᠬᠢ ᠵᠣᠭᠤᠰ᠂ ᠳᠠᠩᠰᠠᠨ ᠪᠠᠷᠢᠮᠳᠠ᠂ ᠳᠠᠩᠰᠠ ᠪᠦᠷᠢ᠂ ᠳᠠᠩᠰᠠ ᠶᠢᠨ ᠬᠦᠰᠦᠨᠦᠭᠲᠦ ᠨᠢ ᠬᠠᠷᠢᠯᠴᠠᠨ | ᠨᠡᠶᠢᠴᠡᠭᠰᠡᠨ ᠪᠠᠶᠢᠬᠤ ᠬᠡᠷᠡᠭᠲᠡᠢ᠃ | ᠭᠤᠷᠪᠠᠳᠤᠭᠠᠷ ᠪᠦᠯᠦᠭ ᠡᠳ᠋ ᠬᠦᠷᠦᠩᠭᠡ ᠶᠢᠨ ᠬᠠᠮᠢᠶᠠᠷᠤᠯᠳᠠ | ᠬᠤᠷᠢᠳᠤᠭᠠᠷ ᠵᠦᠢᠯ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠳᠠ ᠨᠤᠭᠤᠳ ᠬᠤᠯᠪᠣᠭᠳᠠᠯ ᠪᠦᠬᠦᠢ ᠲᠣᠭᠳᠠᠭᠠᠯ ᠢ ᠦᠨᠳᠦᠰᠦᠯᠡᠨ᠂ ᠶᠡᠷᠦᠩᠬᠡᠢ ᠳᠠᠩᠰᠠ ᠪᠣᠯᠤᠨ ᠨᠠᠷᠢᠨ | ᠳᠠᠩᠰᠠ ᠪᠠᠶᠢᠭᠤᠯᠬᠤ ᠬᠡᠷᠡᠭᠲᠡᠢ᠃ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠡᠬᠡ ᠲᠠᠩᠰᠠ᠂ ᠠᠪᠴᠠᠭᠠᠨ ᠤ ᠡᠷᠬᠡ | ᠥᠷᠢ ᠥᠭᠴᠡᠭᠡ ᠶᠢᠨ ᠬᠠᠮᠢᠶᠠᠷᠤᠯᠳᠠ ᠶᠢᠨ ᠡᠬᠡ ᠳᠠᠩᠰᠠ᠂ ᠡᠯ᠎ᠡ ᠲᠦᠷᠦᠯ ᠤᠨ ᠠᠵᠤ ᠠᠬᠤᠢ ᠶᠢᠨ ᠭᠡᠷ᠎ᠡ ᠶᠢᠨ | ᠬᠠᠮᠢᠶᠠᠷᠤᠯᠳᠠ ᠶᠢᠨ ᠡᠬᠡ ᠳᠠᠩᠰᠠ᠂ ᠪᠠᠶᠢᠴᠠᠭᠠᠯᠳᠠ ᠳᠤ ᠪᠡᠯᠡᠳᠭᠡᠬᠦ ᠬᠠᠮᠢᠶᠠᠷᠣᠯᠳᠠ ᠶᠢᠨ ᠡᠬᠡ ᠳᠠᠩᠰᠠ ᠶᠢ ᠲᠦᠷᠦᠯ | ᠬᠤᠪᠢᠶᠠᠨ ᠪᠠᠶᠢᠭᠤᠯᠵᠤ᠂ ᠡᠯ᠎ᠡ ᠲᠦᠷᠦᠯ ᠤᠨ ᠡᠳ᠋ ᠬᠦᠷᠦᠩᠭᠡ ᠶᠢᠨ ᠨᠡᠮᠡᠭᠳᠡᠵᠦ ᠬᠠᠰᠤᠭᠳᠠᠬᠤ ᠬᠤᠪᠢᠷᠠᠯᠳᠠ ᠶᠢᠨ | ᠪᠠᠶᠢᠳᠠᠯ ᠢ ᠴᠠᠭ ᠲᠣᠬᠠᠢ ᠳᠤᠨᠢ ᠲᠡᠮᠳᠡᠭᠯᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠡᠳ᠋ ᠬᠦᠷᠦᠩᠭᠡ ᠳᠤ ᠲᠤᠰᠬᠠᠢ ᠬᠥᠮᠥᠨ ᠢᠶᠠᠷ ᠬᠠᠮᠢᠶᠠᠷᠤᠭᠤᠯᠵᠤ᠂ ᠲᠣᠭᠳᠠᠮᠠᠯ | ᠬᠤᠭᠤᠴᠠᠭ᠎ᠠ ᠲᠠᠢ ᠪᠠᠷ ᠲᠣᠭᠠᠯᠠᠨ ᠪᠦᠷᠢᠳᠬᠡᠬᠦ ᠶᠢ ᠬᠡᠷᠡᠭᠵᠢᠭᠦᠯᠵᠦ᠂ ᠤᠯᠤᠰ ᠤᠨ ᠪᠠᠶᠢᠭᠤᠯᠭ᠎ᠠ᠂ ᠨᠡᠶᠢᠭᠡᠮ ᠤᠨ | ᠪᠥᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠪᠤᠰᠤᠳ ᠵᠣᠬᠢᠶᠠᠨ ᠪᠠᠶᠢᠭᠤᠯᠤᠯᠲᠠ ᠪᠣᠯᠣᠨ ᠬᠤᠪᠢ | ᠬᠥᠮᠥᠨ ᠠᠴᠠ ᠬᠠᠨᠳᠢᠪᠯᠠᠨ ᠬᠦᠷᠭᠡᠬᠦ᠂ ᠡᠳ᠋ ᠮᠥᠩᠭᠦ ᠪᠠᠷ ᠲᠤᠰᠠᠯᠠᠬᠤ᠂ ︽ᠨᠢᠭᠡ ᠤᠴᠢᠷ ᠢ ᠨᠢᠭᠡ ᠵᠦᠪᠯᠡᠬᠦ︾ | ᠵᠡᠷᠭᠡ ᠪᠠᠷ ᠪᠣᠢ ᠪᠣᠯᠣᠭᠰᠠᠨ ᠡᠳ᠋ ᠬᠥᠷᠦᠩᠭᠡ ᠶᠢ ᠨᠢ ᠴᠠᠭ ᠲᠣᠬᠠᠢ ᠳᠤᠨᠢ ᠳᠠᠩᠰᠠᠨ ᠳᠤ ᠲᠡᠮᠲᠡᠭᠯᠡᠨ ᠣᠷᠣᠭᠤᠯᠬᠤ | ᠬᠡᠷᠡᠭᠲᠡᠢ᠃ | ᠬᠤᠷᠢᠨ ᠬᠤᠶᠠᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠥᠮᠴᠢᠯᠡᠵᠦ ᠪᠦᠬᠦᠢ ᠭᠡᠷ ᠪᠠᠶᠢᠰᠢᠩ᠂ ᠪᠠᠷᠢᠯᠭ᠎ᠠ᠂ ᠮᠠᠰᠢᠨ᠂ ᠲᠥᠬᠦᠭᠡᠷᠦᠮᠵᠢ᠂ ᠪᠠᠭᠠᠵᠢ | ᠬᠡᠷᠡᠭᠰᠡᠯ᠂ ᠬᠡᠷᠡᠭᠯᠡᠭᠦᠷ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠥᠨᠳᠦᠰᠦᠨ ᠪᠦᠲᠦᠭᠡᠨ ᠪᠠᠶᠢᠭᠤᠯᠤᠯᠲᠠ ᠶᠢᠨ | ᠪᠡᠯᠡᠳᠬᠡᠮᠵᠢ ᠵᠡᠷᠭᠡ ᠡᠳ᠋ ᠬᠥᠷᠦᠩᠭᠡ ᠶᠢᠨ ᠤᠤᠯ ᠥᠷᠲᠡᠭ ᠨᠢ 500 ᠲᠥᠬᠦᠷᠢᠭ ᠠᠴᠠ ᠳᠡᠭᠡᠭᠰᠢᠬᠢ ᠶᠢ ᠪᠤᠯ | ᠲᠣᠭᠲᠠᠮᠠᠯ ᠡᠳ᠋ ᠬᠥᠷᠦᠩᠭᠡ ᠪᠠᠷ ᠦᠵᠡᠨ᠎ᠠ᠃ ᠡᠳ᠋ ᠬᠥᠷᠦᠩᠭᠡ ᠶᠢᠨ ᠲᠦᠷᠦᠯ ᠢᠯᠭᠠᠯ ᠢᠶᠠᠷ ᠨᠢ ᠲᠣᠭᠲᠠᠮᠠᠯ ᠡᠳ᠋ | ᠬᠥᠷᠦᠩᠭᠡ ᠶᠢᠨ ᠡᠬᠡ ᠳᠠᠩᠰᠠ ᠪᠠᠶᠢᠭᠤᠯᠤᠨ᠎ᠠ᠂ ᠲᠤᠬᠠᠢᠢᠯᠠᠪᠠᠯ ᠭᠠᠴᠠᠭ᠎ᠠ ᠲᠤᠰᠬᠤᠨ ᠤ ᠬᠠᠮᠲᠤ ᠶᠢᠨ ᠡᠳ᠋ | ᠬᠦᠷᠦᠩᠭᠡ ᠶᠢᠨ ᠳᠠᠩᠰᠠᠨ ᠤ ᠲᠤᠳᠤᠷᠠᠬᠢ ᠳᠠᠩᠰᠠᠨ ᠠᠴᠠ ᠭᠠᠳᠠᠨᠠᠬᠢ ᠣᠳᠣᠬᠢ ᠪᠠᠶᠢᠳᠠᠯ᠂ ᠦᠨ᠎ᠡ ᠥᠷᠲᠡᠭ ᠪᠠ | ᠨᠡᠮᠡᠭᠳᠡᠵᠦ ᠬᠠᠰᠤᠭᠳᠠᠬᠤ ᠬᠤᠪᠢᠷᠠᠯᠲᠠ ᠶᠢᠨ ᠪᠠᠶᠢᠳᠠᠯ ᠢ ᠦᠨᠡᠨ ᠪᠤᠳᠠᠳᠠᠢ ᠪᠠᠷ ᠲᠡᠮᠳᠡᠭᠯᠡᠬᠦ ᠪᠠ ᠲᠤᠰᠬᠠᠵᠤ᠂ ᠡᠯ᠎ᠡ | ᠲᠦᠷᠦᠯ ᠤᠨ ᠲᠣᠭᠲᠠᠮᠠᠯ ᠬᠥᠷᠦᠩᠭᠡ ᠶᠢᠨ ᠬᠠᠮᠢᠶᠠᠷᠣᠯᠲᠠ ᠶᠢ ᠴᠢᠩᠭᠠᠳᠬᠠᠵᠤ᠂ ᠳᠠᠩᠰᠠ ᠪᠠ ᠪᠤᠳᠠᠳᠠᠢ ᠪᠠᠶᠢᠬᠤ | ᠲᠤᠭ᠎ᠠ ᠨᠢ ᠬᠠᠷᠢᠯᠴᠠᠨ ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠲᠣᠭᠲᠠᠮᠠᠯ ᠡᠳ᠋ ᠬᠥᠷᠦᠩᠭᠡ ᠶᠢᠨ ᠡᠬᠡ ᠳᠠᠩᠰᠠᠨ ᠳᠤ᠄ ᠡᠳ᠋ ᠬᠥᠷᠦᠩᠭᠡ ᠶᠢᠨ | ᠨᠡᠷᠡᠶᠢᠳᠦᠯ᠂ ᠲᠦᠷᠦᠯ ᠢᠯᠭᠠᠯ᠂ ᠲᠤᠭ᠎ᠠ ᠬᠡᠮᠵᠢᠶ᠎ᠡ᠂ ᠨᠢᠭᠡᠴᠢ᠂ ᠬᠤᠳᠠᠯᠳᠤᠨ ᠠᠪᠴᠤ ᠪᠠᠶᠢᠭᠤᠯᠤᠭᠰᠠᠨ ᠴᠠᠭ | ᠬᠤᠭᠤᠴᠠᠭ᠎ᠠ᠂ ᠬᠡᠷᠡᠭᠯᠡᠬᠦ ᠪᠠᠷ ᠲᠦᠰᠦᠭᠡᠯᠡᠭᠰᠡᠨ ᠣᠨ ᠤ ᠬᠢᠵᠠᠭᠠᠷ᠂ ᠤᠤᠯ ᠦᠨ᠎ᠡ ᠥᠷᠲᠡᠭ᠂ ᠡᠯᠡᠭᠳᠡᠯ ᠪᠤᠳᠤᠬᠤ | ᠲᠤᠭ᠎ᠠ᠂ ᠴᠡᠪᠡᠷ ᠥᠷᠲᠡᠭ ᠵᠡᠷᠭᠡ ᠪᠠᠭᠲᠠᠨ᠎ᠠ᠃ | ᠬᠤᠷᠢᠨ ᠳᠥᠷᠪᠡᠳᠦᠭᠡᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠲᠣᠭᠲᠠᠮᠠᠯ ᠡᠳ᠋ ᠬᠥᠷᠦᠩᠭᠡ ᠶᠢ ᠬᠤᠳᠠᠯᠳᠤᠨ ᠠᠪᠴᠤ ᠪᠠᠶᠢᠭᠤᠯᠬᠤ ᠳᠤ ᠠᠷᠠᠳᠴᠢᠯᠠᠯᠲᠤ | ᠰᠢᠢᠳᠪᠦᠷᠢᠲᠦ ᠪᠣᠳᠤᠯᠭ᠎ᠠ ᠶᠢᠨ ᠳᠡᠰ ᠳᠠᠷᠠᠭᠠᠯᠠᠯ ᠢ ᠭᠦᠢᠴᠡᠳᠬᠡᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠥᠯᠢᠶᠡᠬᠦ ᠶᠢ ᠢᠯᠡ ᠪᠠᠷ ᠬᠢᠵᠦ᠂ ᠲᠠᠭᠠᠭᠠᠨ ᠠᠪᠴᠤ ᠪᠠᠶᠢᠭᠤᠯᠬᠤ ᠭᠡᠷ᠎ᠡ᠂ ᠲᠥᠰᠥᠪ ᠪᠣᠯᠣᠨ ᠳ᠋ᠦᠩᠨᠡᠨ ᠪᠣᠳᠣᠯᠲᠠ | ᠵᠡᠷᠭᠡ ᠬᠠᠮᠢᠭ᠎ᠠ ᠪᠦᠬᠦᠢ ᠮᠠᠲ᠋ᠤᠷᠢᠶᠠᠯ ᠤᠳ ᠪᠠᠶᠢᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠨᠢ ᠲᠣᠭᠲᠠᠮᠠᠯ ᠬᠥᠷᠦᠩᠭᠡ ᠶᠢᠨ ᠡᠯᠡᠭᠳᠡᠯ ᠪᠣᠳᠣᠬᠤ ᠳᠦᠷᠢᠮ ᠢ ᠪᠠᠶᠢᠭᠤᠯᠬᠤ ᠬᠡᠷᠡᠭᠲᠡᠢ᠃ ᠨᠢᠭᠡᠴᠡ᠂ | ᠬᠤᠪᠢ ᠬᠥᠮᠥᠨ ᠳᠤ ᠲᠠᠭᠠᠭᠠᠴᠢᠯᠠᠭᠤᠯᠤᠨ ᠬᠡᠷᠡᠭᠯᠡᠭᠦᠯᠬᠦ᠂ ᠬᠠᠮᠢᠶᠠᠷᠤᠭᠤᠯᠬᠤ ᠲᠣᠭᠲᠠᠮᠠᠯ ᠡᠳ᠋ ᠬᠥᠷᠦᠩᠭᠡ ᠳᠤ ᠪᠣᠯ᠂ | ᠳᠠᠭᠠᠭᠠᠴᠢᠯᠠᠭᠤᠯᠬᠤ ᠭᠡᠷ᠎ᠡ ᠳᠤ ᠡᠯᠡᠭᠳᠡᠯ ᠪᠣᠳᠣᠬᠤ ᠰᠦᠢᠳᠬᠡᠯ ᠢ ᠭᠠᠷᠭᠠᠨ ᠠᠪᠬᠤ ᠬᠠᠷᠢᠴᠠᠯ ᠪᠠ ᠠᠷᠭ᠎ᠠ | ᠮᠠᠶ᠋ᠢᠭ ᠢᠶᠠᠨ ᠲᠣᠭᠲᠠᠭᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠡᠯ᠎ᠡ ᠲᠦᠷᠦᠯ ᠤᠨ ᠡᠬᠡ ᠳᠠᠩᠰᠠ ᠶᠢ ᠭᠠᠴᠠᠭ᠎ᠠ ᠲᠤᠰᠬᠤᠨ ᠤ ᠱᠠᠳᠤᠨ ᠠᠴᠠ | ᠬᠠᠷᠢᠭᠤᠴᠠᠨ ᠲᠡᠮᠳᠡᠭᠯᠡᠵᠦ᠂ ᠰᠤᠮᠤ ᠰᠢᠶᠠᠩ ᠪᠠᠯᠭᠠᠰᠤ ᠶᠢᠨ ᠨᠢᠭᠲᠠᠯᠠᠨ ᠪᠣᠳᠣᠭᠴᠢ ᠶᠢᠨ ᠨᠠᠶᠢᠳᠠᠨ ᠣᠷᠣᠯᠠᠭᠰᠠᠨ | ᠪᠠᠶᠢᠭᠤᠯᠤᠮᠵᠢ ᠪᠤᠶᠤ ᠭᠠᠴᠠᠭ᠎ᠠ ᠲᠤᠰᠬᠤᠨ ᠤ ᠱᠠᠲᠤᠨ ᠠᠴᠠ ᠬᠠᠷᠢᠭᠤᠴᠠᠨ ᠬᠠᠮᠢᠶᠠᠷᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠳᠣᠣᠷᠠᠬᠢ ᠪᠠᠶᠢᠳᠠᠯ ᠲᠠᠢ ᠪᠣᠯ ᠭᠠᠴᠠᠭ᠎ᠠ ᠲᠤᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠬᠥᠷᠦᠩᠭᠡ ᠳᠤ ᠦᠨᠡᠯᠡᠨ ᠵᠢᠱᠢᠯᠲᠠ ᠬᠢᠬᠦ ᠬᠡᠷᠡᠭᠲᠡᠢ᠄ | ︵ᠨᠢᠭᠡ︶ ᠡᠳ᠋ ᠬᠥᠷᠦᠩᠭᠡ ᠳᠤ ᠳᠠᠭᠠᠭᠠᠴᠢᠯᠠᠬᠤ᠂ ᠲᠦᠷᠢᠶᠡᠰᠦᠯᠡᠬᠦ᠂ ᠬᠤᠪᠢ ᠣᠷᠣᠯᠴᠠᠬᠤ᠂ ᠬᠠᠮᠲᠤᠷᠠᠨ | ᠡᠵᠡᠩᠨᠡᠬᠦ᠂ ᠬᠤᠪᠢ ᠣᠷᠤᠭᠤᠯᠤᠨ ᠬᠤᠷᠰᠢᠯᠴᠠᠬᠤ᠂ ᠳᠣᠮᠳᠠᠳᠤ ᠭᠠᠳᠠᠭᠠᠳᠤ ᠪᠡᠯᠡ ᠨᠡᠶᠢᠯᠡᠭᠦᠯᠬᠦ᠂ ᠬᠤᠷᠰᠢᠯᠴᠠᠨ | ᠡᠵᠡᠩᠨᠡᠬᠦ ᠶᠢ ᠬᠡᠷᠡᠭᠵᠢᠭᠦᠯᠦᠭᠰᠡᠨ︔ | ︵ᠬᠤᠶᠠᠷ︶ ᠡᠳ᠋ ᠬᠥᠷᠦᠩᠭᠡ ᠶᠢ ᠦᠨ᠎ᠡ ᠬᠠᠶᠠᠯᠴᠠᠨ ᠬᠤᠳᠠᠯᠳᠤᠬᠤ᠂ ᠰᠢᠯᠵᠢᠭᠦᠯᠦᠨ ᠥᠭᠬᠦ ᠵᠡᠷᠭᠡ | ᠦᠮᠴᠢᠯᠡᠬᠦ ᠡᠷᠬᠡ ᠶᠢᠨ ᠠᠷᠠᠯᠵᠢᠶᠠᠯᠠᠬᠤ ᠦᠢᠯᠡ ᠠᠵᠢᠯᠯᠠᠭ᠎ᠠ ᠠᠴᠠ ᠪᠣᠯᠣᠭᠠᠳ ᠦᠮᠴᠢᠯᠡᠬᠦ ᠡᠷᠬᠡ ᠪᠠᠨ | ᠬᠤᠪᠢᠷᠠᠭᠤᠯᠤᠭᠰᠠᠨ︔ | ︵ᠭᠤᠷᠪᠠ︶ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠬᠠᠮᠲᠤ ᠶᠢᠨ ᠡᠳ᠋ ᠬᠥᠷᠦᠩᠭᠡ ᠶᠢ | ᠳᠠᠭᠠᠭᠠᠴᠢᠯᠠᠭᠤᠯᠵᠤ᠂ ᠲᠦᠷᠢᠶᠡᠰᠦᠯᠡᠭᠦᠯᠦᠭᠰᠡᠨ︔ | ︵ᠳᠥᠷᠪᠡ︶ ᠠᠵᠤ ᠠᠬᠤᠶᠢᠯᠠᠯ ᠢ ᠨᠡᠶᠢᠯᠡᠭᠦᠯᠬᠦ᠂ ᠰᠠᠯᠭᠠᠬᠤ᠂ ᠲᠠᠮᠫᠤᠷᠠᠬᠤ ᠳᠤ ᠡᠳ᠋ ᠬᠥᠷᠦᠩᠭᠡ ᠶᠢᠨ ᠳᠠᠩᠰᠠ | ᠪᠤᠳᠤᠭᠰᠠᠨ︔ | ︵ᠲᠠᠪᠤ︶ ᠡᠳ᠋ ᠬᠥᠷᠦᠩᠭᠡ ᠪᠠᠷ ᠢᠶᠠᠨ ᠪᠠᠷᠢᠴᠠᠭᠠᠯᠠᠭᠰᠠᠨ ᠪᠤᠶᠤ ᠳᠠᠭᠠᠭᠠᠯᠲᠠ ᠬᠢᠬᠦ ᠶᠢ ᠬᠠᠩᠭᠠᠭᠰᠠᠨ︔ | ︵ᠵᠢᠷᠭᠤᠭ᠎ᠠ︶ ᠡᠳ᠋ ᠬᠥᠷᠦᠩᠭᠡ ᠶᠢᠨ ᠦᠨᠡᠯᠡᠨ ᠵᠢᠱᠢᠯᠲᠠ ᠬᠢᠯᠭᠡᠬᠦ ᠴᠢᠬᠤᠯᠠ ᠲᠠᠢ ᠪᠤᠰᠤᠳ ᠪᠠᠶᠢᠳᠠᠯ ᠤᠳ᠃ | ᠬᠤᠷᠢᠨ ᠨᠠᠢᠮᠠᠳᠤᠭᠠᠷ ᠵᠦᠢᠯ ᠡᠳ᠋ ᠭᠥᠷᠥᠩᠭᠡ ᠶᠢ ᠦᠨᠡᠯᠡᠨ ᠵᠢᠱᠢᠬᠦ ᠬᠡᠪᠴᠢᠶ᠎ᠡ᠄ ᠬᠠᠮᠲᠤ ᠶᠢᠨ ᠦᠮᠴᠢᠯᠡᠯ ᠤᠨ | ᠭᠠᠵᠠᠷ ᠰᠢᠷᠤᠢ ᠪᠣᠯᠣᠨ ᠬᠠᠣᠯᠢ ᠴᠠᠭᠠᠵᠠ ᠪᠠᠷ ᠲᠣᠭᠲᠠᠭᠠᠭᠰᠠᠨ ᠬᠠᠮᠲᠤ ᠶᠢᠨ ᠦᠮᠴᠢᠯᠡᠯ ᠳᠤ ᠬᠠᠷᠢᠶᠠᠯᠠᠭᠳᠠᠬᠤ ᠣᠢ | ᠰᠢᠭᠤᠢ᠂ ᠠᠭᠤᠯᠠ ᠬᠥᠲᠥᠯ᠂ ᠨᠤᠲᠤᠭ ᠪᠡᠯᠴᠢᠭᠡᠷ᠂ ᠠᠲᠠᠷ ᠭᠠᠵᠠᠷ᠂ ᠭᠤᠣᠯ ᠤᠨ ᠰᠠᠶᠢᠷᠭᠠᠯ᠂ ᠤᠰᠤᠨ ᠭᠠᠳᠠᠷᠭᠤ | ᠵᠡᠷᠭᠡ ᠪᠠᠶᠢᠭᠠᠯᠢ ᠶᠢᠨ ᠡᠬᠢ ᠪᠠᠶᠠᠯᠢᠭ︔ ᠨᠡᠶᠢᠲᠡ ᠶᠢᠨ ᠦᠮᠴᠢᠯᠡᠯ ᠤᠨ ᠡᠯ᠎ᠡ ᠵᠦᠢᠯ ᠤᠨ ᠬᠥᠳᠡᠯᠦᠩᠭᠦᠢ ᠡᠳ᠋ | ᠬᠥᠷᠦᠩᠭᠡ᠂ ᠤᠷᠲᠤ ᠬᠤᠭᠤᠴᠠᠭᠠᠨ ᠤ ᠪᠡᠯᠡ ᠣᠷᠣᠭᠤᠯᠤᠯᠲᠠ᠂ ᠲᠣᠭᠲᠠᠮᠠᠯ ᠡᠳ᠋ ᠬᠥᠷᠦᠩᠭᠡ᠂ ᠲᠠᠯᠳᠠ ᠡᠳ᠋ | ᠬᠥᠷᠦᠩᠭᠡ᠂ ᠤᠯᠠᠮᠵᠢᠯᠠᠨ ᠤᠷᠳᠤᠳᠬᠠᠬᠤ ᠡᠳ᠋ ᠬᠥᠷᠦᠩᠭᠡ ᠪᠣᠯᠣᠨ ᠪᠤᠰᠤᠳ ᠡᠳ᠋ ᠬᠥᠷᠦᠩᠭᠡ᠃ | ᠬᠤᠷᠢ ᠶᠢᠰᠦᠳᠦᠭᠡᠷ ᠵᠦᠢᠯ ᠡᠳ᠋ ᠬᠥᠷᠦᠩᠭᠡ ᠶᠢᠨ ᠦᠨᠡᠯᠡᠨ ᠵᠢᠱᠢᠬᠦ ᠶᠢ ᠬᠤᠰᠢᠭᠤ ᠰᠢᠶᠠᠨ ᠤ ᠱᠠᠲᠤᠨ ᠤ | ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠶᠤ ᠦᠨᠡᠯᠡᠨ ᠵᠢᠱᠢᠬᠦ ᠬᠢᠷᠢ | ᠭᠡᠮ ᠲᠠᠢ ᠦᠨᠡᠯᠡᠨ ᠵᠢᠱᠢᠬᠦ ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠴᠠᠭ᠎ᠠ ᠲᠤᠰᠬᠤᠨ ᠤ | ᠠᠷᠠᠳ ᠤᠨ ᠬᠢᠨᠠᠯᠲᠠ ᠲᠠᠯᠪᠢᠬᠤ ᠵᠥᠪᠯᠡᠯ ︵ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠳᠤᠭᠤᠶᠢᠯᠠᠩ︶ | ᠠᠴᠠ ᠬᠠᠷᠢᠭᠤᠴᠠᠨ ᠬᠢᠨᠠᠯᠲᠠ ᠲᠠᠯᠪᠢᠬᠤ ᠬᠡᠷᠡᠭᠲᠡᠢ᠃ ᠭᠠᠴᠠᠭ᠎ᠠ ᠲᠤᠰᠬᠤᠨ ᠤ ᠬᠠᠮᠲᠤ ᠶᠢᠨ ᠡᠳ᠋ ᠬᠥᠷᠦᠩᠭᠡ ᠶᠢ | ᠦᠨᠡᠯᠡᠨ ᠵᠢᠱᠢᠬᠦ ᠳᠤ ᠳᠡᠰ ᠳᠠᠷᠠᠭᠠᠯᠠᠯ ᠤᠨ ᠶᠣᠰᠣᠭᠠᠷ ᠶᠠᠪᠤᠭᠤᠯᠵᠤ᠂ ᠦᠨᠡᠯᠡᠨ ᠵᠢᠱᠢᠯᠲᠡ ᠶᠢ ᠵᠣᠬᠢᠶᠠᠨ | ᠪᠠᠶᠢᠭᠤᠯᠬᠤ ᠳᠤ ᠡᠷᠬᠡᠪᠰᠢ ᠭᠠᠴᠠᠭ᠎ᠠ ᠲᠤᠰᠬᠤᠨ ᠤ ᠠᠷᠠᠳ ᠤᠨ ᠲᠦᠯᠦᠭᠡᠯᠡᠭᠴᠢ᠂ ᠭᠠᠴᠠᠭ᠎ᠠ ᠲᠤᠰᠬᠤᠨ ᠤ ᠬᠤᠶᠠᠷ | ᠵᠥᠪᠯᠡᠯ ᠤᠨ ᠬᠢᠨ ᠣᠷᠤᠯᠴᠠᠬᠤ ᠶᠢᠨ ᠬᠠᠮᠲᠤ ᠬᠢᠨᠠᠨ ᠲᠣᠭᠲᠠᠵᠤ ᠲᠦᠰᠦᠭᠡᠯᠡᠨ ᠪᠣᠳᠣᠬᠤ ᠬᠡᠷᠡᠭᠲᠡᠢ︔ ᠬᠠᠮᠤᠭ | ᠰᠡᠭᠦᠯ ᠳᠤ ᠬᠢᠨᠡᠨ ᠭᠡᠷᠡᠴᠢᠯᠡᠭᠦᠯᠵᠦ ᠲᠤᠳᠤᠯᠠᠭᠠᠳ ᠭᠠᠳᠠᠭᠰᠢ ᠨᠡᠶᠢᠳᠡᠯᠡᠬᠦ ᠬᠡᠷᠡᠭᠲᠡᠢ᠃ | ᠭᠤᠴᠢᠳᠤᠭᠠᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠨ ᠡᠳ᠋ ᠬᠥᠷᠦᠩᠭᠡ ᠶᠢ ᠦᠨᠡᠯᠡᠨ ᠵᠢᠱᠢᠬᠦ ᠳᠤ᠂ | ᠦᠨᠡᠨ ᠪᠤᠳᠠᠳᠤ ᠪᠠᠶᠢᠳᠠᠯ ᠪᠣᠯᠣᠨ ᠮᠠᠲ᠋ᠤᠷᠢᠶᠠᠯ ᠢᠶᠠᠨ ᠦᠨᠡᠨ ᠪᠤᠳᠠᠳᠠᠢ ᠪᠠᠷ ᠬᠠᠩᠭᠠᠬᠤ ᠬᠡᠷᠡᠭᠲᠡᠢ᠃ ᠬᠤᠳᠠᠯ | ᠬᠠᠭᠤᠷᠮᠠᠭ ᠪᠠᠶᠢᠳᠠᠯ ᠪᠣᠯᠣᠨ ᠮᠠᠲ᠋ᠤᠷᠢᠶᠠᠯ ᠬᠠᠩᠭᠠᠬᠤ ᠪᠤᠶᠤ ᠦᠨᠡᠯᠡᠨ ᠵᠢᠱᠢᠬᠦ ᠪᠠᠶᠢᠭᠤᠯᠤᠮᠵᠢ ᠨᠤᠭᠤᠳ ᠲᠠᠢ | ᠰᠦᠯᠪᠡᠭᠡᠯᠡᠨ ᠭᠡᠮ ᠬᠢᠵᠦ᠂ ᠡᠳ᠋ ᠬᠥᠷᠦᠩᠭᠡ ᠶᠢ ᠦᠨᠡᠯᠡᠨ ᠵᠢᠱᠢᠭᠰᠡᠨ ᠦᠷ᠎ᠡ ᠳ᠋ᠦᠩ ᠨᠢ ᠬᠤᠳᠠᠯ ᠬᠠᠭᠤᠷᠮᠠᠭ | ᠪᠣᠯᠤᠭᠰᠠᠨ ᠪᠣᠯ ᠬᠤᠰᠢᠭᠤ ᠰᠢᠶᠠᠨ ᠤ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ | ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠡᠳ᠋ ᠬᠥᠷᠦᠩᠭᠡ ᠶᠢ ᠦᠨᠡᠯᠡᠨ ᠵᠢᠱᠢᠭᠰᠡᠨ ᠦᠷ᠎ᠡ ᠳ᠋ᠦᠩ ᠨᠢ ᠬᠥᠴᠦᠨ | ᠦᠭᠡᠢ ᠪᠣᠯᠣᠭᠰᠠᠨ ᠢ ᠨᠡᠶᠢᠲᠡᠯᠡᠬᠦ ᠠᠴᠠ ᠭᠠᠳᠠᠨ᠎ᠠ ᠬᠠᠭᠤᠷᠮᠠᠭᠯᠠᠭᠰᠠᠨ ᠬᠡᠮᠵᠢᠶ᠎ᠡ ᠶᠢ ᠨᠢ ᠦᠨᠳᠦᠰᠦᠯᠡᠨ ᠬᠤᠭᠤᠴᠠᠭ᠎ᠠ | ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠬᠤ ᠪᠣᠶᠣ ᠳᠠᠬᠢᠨ ᠦᠨᠡᠯᠡᠨ ᠵᠢᠱᠢᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠡᠳ᠋ ᠬᠥᠷᠦᠩᠭᠡ ᠶᠢ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠡᠷᠬᠡ ᠶᠢᠨ ᠬᠠᠷᠢᠶ᠎ᠠ ᠶᠢᠨ | ᠬᠠᠷᠢᠴᠠᠭᠠᠨ ᠤ ᠶᠣᠰᠣᠭᠠᠷ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠭᠡᠰᠢᠭᠦᠨ ᠤ ᠲᠦᠯᠦᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠭᠡᠷᠡᠴᠢᠯᠡᠭᠦᠯᠵᠦ ᠲᠤᠳᠤᠯᠠᠬᠤ ᠶᠢᠨ ᠬᠠᠮᠲᠤ ᠬᠤᠰᠢᠭᠤ | ᠰᠢᠶᠠᠨ ᠤ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠰᠠᠯᠠᠭ᠎ᠠ ᠮᠦᠴᠢᠷ ᠢᠶᠠᠷ | ᠰᠢᠯᠭᠠᠨ ᠬᠡᠷᠡᠴᠢᠯᠡᠬᠦ ᠶᠢ ᠳᠠᠮᠵᠢᠮᠠᠨᠵᠢᠨ ᠰᠠᠶ᠋ᠢ ᠦᠮᠴᠢᠯᠡᠬᠦ ᠡᠷᠬᠡ ᠪᠣᠶᠣ ᠬᠡᠷᠡᠭᠯᠡᠬᠦ ᠡᠷᠬᠡ ᠪᠠᠨ ᠰᠢᠯᠵᠢᠭᠦᠯᠬᠦ ᠶᠢᠨ | ᠦᠨᠳᠦᠰᠦᠯᠡᠯ ᠪᠣᠯᠭᠠᠵᠤ ᠪᠣᠯᠣᠨ᠎ᠠ᠃ | ᠭᠤᠴᠢᠨ ᠬᠤᠶᠠᠳᠤᠭᠠᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠡᠳ᠋ ᠬᠥᠷᠦᠩᠭᠡ ᠪᠠᠨ ᠳᠠᠭᠠᠭᠠᠴᠢᠯᠠᠬᠤ᠂ ᠲᠦᠷᠢᠶᠡᠰᠦᠯᠡᠬᠦ᠂ ᠬᠢᠮᠳᠠ ᠦᠨ᠎ᠡ ᠪᠠᠷ ᠬᠤᠳᠠᠯᠳᠤᠬᠤ | ᠶᠠᠪᠤᠴᠠ ᠳᠤ ᠠᠷᠠᠳᠴᠢᠯᠠᠯ ᠢᠶᠠᠷ ᠤᠷᠤᠯᠴᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠤᠯᠭ᠎ᠠ ᠲᠣᠭᠲᠠᠭᠠᠬᠤ᠂ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠪᠠᠷᠢᠮᠲᠠᠯᠠᠨ᠂ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤ ᠠᠷᠠᠳᠴᠢᠯᠠᠯᠲᠤ ᠡᠷᠬᠡ ᠠᠰᠢᠭ ᠢ ᠭᠦᠢᠴᠡᠳ ᠪᠠᠲᠤᠯᠠᠵᠤ᠂ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ ᠪᠦᠷᠢᠯᠳᠦᠬᠦᠨ ᠤ ᠬᠠᠤᠯᠢ ᠶᠣᠰᠣᠨ ᠤ ᠡᠷᠬᠡ ᠠᠰᠢᠭ ᠲᠤ ᠪᠤᠰᠤᠳ ᠤᠨ | ᠬᠠᠯᠳᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠡᠳ᠋ ᠬᠥᠷᠦᠩᠭᠡ ᠶᠢ ᠳᠠᠭᠠᠭᠠᠴᠢᠯᠠᠵᠤ᠂ ᠲᠦᠷᠢᠶᠡᠰᠦᠯᠡᠨ᠂ ᠬᠢᠮᠳᠠ | ᠦᠨ᠎ᠡ ᠪᠠᠷ ᠬᠤᠳᠠᠯᠳᠤᠬᠤ ᠳᠤ ᠡᠳ᠋ ᠬᠥᠷᠦᠩᠭᠡ ᠶᠢᠨ ᠡᠵᠡᠩᠨᠡᠯᠲᠡ ᠶᠢᠨ ᠡᠷᠬᠢᠯᠳᠡᠬᠦᠯᠬᠦ ᠲᠦᠰᠦᠯ ᠢ ᠲᠣᠭᠲᠠᠭᠠᠵᠤ᠂ | ᠬᠠᠮᠢᠶ᠎ᠠ ᠪᠦᠬᠦᠢ ᠨᠥᠬᠦᠴᠡᠯ᠂ ᠦᠨ᠎ᠡ ᠬᠠᠩᠰᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠡᠳ᠋ | ᠬᠥᠷᠦᠩᠭᠡ ᠶᠢ ᠦᠨᠡᠯᠡᠨ ᠵᠢᠱᠢᠬᠦ ᠵᠡᠷᠭᠡ ᠵᠦᠢᠯ ᠤᠳ ᠢ ᠲᠤᠳᠤᠷᠬᠠᠶᠢᠯᠠᠬᠤ ᠬᠡᠷᠡᠭᠲᠡᠢ᠃ ᠲᠦᠰᠦᠯ ᠢ ᠭᠠᠴᠠᠭ᠎ᠠ | ᠲᠤᠰᠬᠤᠨ ᠠᠴᠠ ᠳᠤᠷᠠᠳᠬᠤ ᠶᠢᠨ ᠬᠠᠮᠲᠤ ᠬᠡᠷᠡᠭᠵᠢᠭᠦᠯᠵᠦ᠂ ᠭᠠᠴᠠᠭ᠎ᠠ ᠲᠤᠰᠬᠤᠨ ᠤ ᠠᠷᠠᠳ ᠤᠨ ᠶᠡᠭᠡ ᠬᠤᠷᠠᠯ | ᠪᠣᠶᠣ ᠭᠠᠴᠠᠭ᠎ᠠ ᠲᠤᠰᠬᠤᠨ ᠤ ᠲᠦᠯᠦᠭᠡᠯᠡᠭᠴᠢᠳ ᠤᠨ ᠶᠡᠭᠡ ᠬᠤᠷᠠᠯ ᠢᠶᠠᠷ ᠶᠠᠷᠢᠯᠴᠠᠭᠤᠯᠤᠨ ᠪᠠᠲᠤᠯᠠᠭᠤᠯᠵᠤ᠂ ᠰᠤᠮᠤ | ᠰᠢᠶᠠᠩ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ ᠦᠷᠲᠡᠭᠡ ᠪᠣᠶᠣ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠪᠠᠶᠢᠭᠤᠯᠤᠮᠵᠢ ᠳᠤ ᠮᠡᠳᠡᠭᠦᠯᠦᠨ ᠬᠢᠨᠠᠨ ᠬᠠᠷᠭᠤᠭᠤᠯᠵᠤ ᠳᠠᠩᠰᠠᠯᠠᠭᠤᠯᠤᠨ᠂ | ᠭᠠᠴᠠᠭ᠎ᠠ ᠲᠤᠰᠬᠤᠨ ᠤ ᠠᠷᠠᠳ ᠤᠨ ᠬᠢᠨᠠᠯᠲᠠ ᠲᠠᠯᠪᠢᠬᠤ ᠵᠥᠪᠯᠡᠯ ︵ᠠᠷᠠᠳᠴᠢᠯᠠᠯ ᠢᠶᠠᠷ ᠡᠳ᠋ ᠤᠨ ᠶᠠᠪᠤᠳᠠᠯ ᠢ | ᠬᠠᠮᠢᠶᠠᠷᠬᠤ ᠳᠤᠭᠤᠶᠢᠯᠠᠩ︶ ᠠᠴᠠ ᠪᠦᠬᠦ ᠶᠠᠪᠤᠴᠠ ᠳᠤ ᠬᠢᠨᠠᠯᠲᠠ ᠲᠠᠯᠪᠢᠬᠤ ᠬᠡᠷᠡᠭᠲᠡᠢ᠃ | ᠭᠤᠴᠢᠨ ᠳᠦᠷᠪᠡᠳᠦᠭᠡᠷ ᠵᠦᠢᠯ ᠢᠯᠡ ᠪᠠᠷ ᠦᠨ᠎ᠡ ᠦᠷᠢᠰᠦᠯᠳᠦᠬᠦ ᠪᠠ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠳᠤᠮᠲᠠ᠂ ᠠᠳᠠᠯᠢ ᠨᠥᠬᠦᠴᠡᠯ ᠳᠣᠣᠷ᠎ᠠ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠲᠣᠳᠤᠷᠠᠬᠢ ᠭᠡᠰᠢᠭᠦᠨ ᠤᠷᠢᠳᠠᠪᠡᠷ ᠬᠦᠷᠲᠡᠬᠦ ᠡᠷᠬᠡ ᠲᠠᠢ᠃ | ᠭᠤᠴᠢᠨ ᠲᠠᠪᠤᠳᠤᠭᠠᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠡᠳ᠋ ᠬᠥᠷᠦᠩᠭᠡ ᠶᠢ ᠳᠠᠭᠠᠭᠠᠴᠢᠯᠠᠬᠤ᠂ ᠲᠦᠷᠢᠶᠡᠰᠦᠯᠡᠬᠦ᠂ ᠬᠢᠮᠳᠠ ᠦᠨ᠎ᠡ ᠪᠠᠷ ᠬᠤᠳᠠᠯᠳᠤᠬᠤ | ᠦᠶᠡᠰ ᠲᠤ ᠠᠵᠤ ᠠᠬᠤᠢ ᠶᠢᠨ ᠭᠡᠷ᠎ᠡ ᠲᠣᠭᠲᠠᠵᠤ ᠭᠠᠴᠠᠭ᠎ᠠ ᠲᠤᠰᠬᠤᠨ ᠤ ᠪᠦᠬᠦ ᠠᠷᠠᠳ ᠲᠤ ᠢᠯᠡ ᠪᠣᠯᠭᠠᠵᠤ᠂ | ᠬᠠᠮᠢᠶ᠎ᠠ ᠪᠦᠬᠦᠢ ᠮᠠᠲ᠋ᠤᠷᠢᠶᠠᠯ ᠢ ᠳᠡᠭᠡᠭᠰᠢ ᠪᠠᠨ ᠰᠤᠮᠤ ᠰᠢᠶᠠᠩ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ | ᠦᠷᠲᠡᠭᠡ ᠪᠣᠶᠣ ᠡᠵᠡᠩᠨᠡᠯᠲᠡ ᠬᠠᠮᠢᠶᠠᠷᠣᠯᠲᠠ ᠶᠢᠨ ᠡᠭᠦᠷᠭᠡ ᠬᠠᠷᠢᠭᠤᠴᠠᠯᠭ᠎ᠠ ᠶᠢ ᠡᠬᠦᠷᠬᠡᠯᠡᠵᠦ ᠪᠦᠬᠦᠢ | ᠪᠠᠶᠢᠭᠤᠯᠤᠮᠵᠢ ᠳᠤ ᠮᠡᠳᠡᠭᠦᠯᠦᠨ ᠬᠢᠨᠠᠨ ᠬᠡᠷᠡᠴᠢᠯᠡᠬᠦᠯᠵᠦ ᠳᠠᠩᠰᠠ ᠡᠪᠬᠡᠮᠡᠯ ᠳᠤ ᠣᠷᠤᠭᠤᠯᠤᠨ ᠳᠠᠩᠰᠠᠯᠠᠭᠤᠯᠬᠤ | ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠨᠤᠭᠤᠳ ᠡᠳ᠋ ᠬᠥᠷᠦᠩᠭᠡ ᠶᠢᠨ ᠡᠵᠡᠩᠨᠡᠯᠲᠡ ᠶᠢᠨ ᠳᠦᠷᠢᠮ ᠢ ᠲᠣᠭᠲᠠᠭᠠᠬᠤ ᠬᠡᠷᠡᠭᠲᠡᠢ᠃ ᠨᠢᠭᠡᠳᠦᠯᠲᠡᠢ | ᠡᠵᠡᠩᠨᠡᠵᠦ ᠪᠦᠬᠦᠢ ᠡᠳ᠋ ᠬᠥᠷᠦᠩᠭᠡ ᠳᠤ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠ ᠡᠵᠡᠩᠨᠡᠯᠲᠡ ᠶᠢᠨ | ᠬᠠᠷᠠᠯᠲᠠ ᠶᠢ ᠨᠢ ᠲᠣᠳᠤᠷᠬᠠᠶᠢᠯᠠᠵᠤ᠂ ᠰᠢᠢᠳᠪᠦᠷᠢᠲᠦ ᠪᠣᠳᠣᠯᠭ᠎ᠠ ᠶᠢᠨ ᠲᠣᠭᠲᠠᠴᠠ᠂ ᠬᠠᠮᠢᠶᠠᠷᠤᠯᠲᠠ ᠶᠢᠨ ᠲᠣᠭᠲᠠᠴᠠ | ᠪᠣᠯᠣᠨ ᠠᠰᠢᠭ ᠣᠷᠤᠯᠭ᠎ᠠ ᠶᠢ ᠬᠤᠪᠢᠶᠠᠷᠢᠯᠠᠬᠤ ᠲᠣᠭᠲᠠᠴᠠ ᠶᠢ ᠲᠣᠭᠲᠠᠭᠠᠬᠤ ᠶᠢᠨ ᠬᠠᠮᠲᠤ ᠭᠠᠴᠠᠭ᠎ᠠ ᠲᠤᠰᠬᠤᠨ ᠤ | ᠪᠦᠬᠦ ᠠᠷᠠᠳ ᠲᠤ ᠢᠯᠡ ᠪᠣᠯᠭᠠᠬᠤ ᠬᠡᠷᠡᠭᠲᠡᠢ︔ ᠳᠠᠭᠠᠭᠠᠴᠢᠯᠠᠬᠤ᠂ ᠲᠦᠷᠢᠶᠡᠰᠦᠯᠡᠬᠦ᠂ ᠬᠢᠮᠳᠠ ᠦᠨ᠎ᠡ ᠪᠠᠷ | ᠬᠤᠳᠠᠯᠳᠤᠨ ᠡᠵᠡᠩᠨᠡᠬᠦ ᠶᠢ ᠬᠡᠷᠡᠭᠵᠢᠭᠦᠯᠵᠦ ᠪᠦᠬᠦᠢ ᠡᠳ᠋ ᠬᠦᠷᠦᠩᠭᠡ ᠳᠤ᠂ ᠭᠡᠷ᠎ᠡ ᠪᠠᠨ ᠭᠦᠢᠴᠡᠳᠬᠡᠬᠦ ᠶᠢᠨ ᠬᠢᠨᠠᠯᠲᠠ | ᠪᠠᠶᠢᠴᠠᠭᠠᠯᠲᠠ ᠪᠠ ᠢᠯᠡ ᠪᠣᠯᠭᠠᠬᠤ ᠶᠢ ᠴᠢᠩᠭᠠᠳᠬᠠᠬᠤ ᠬᠡᠷᠡᠭᠲᠡᠢ᠃ | ᠭᠤᠴᠢᠨ ᠳᠣᠯᠤᠳᠤᠭᠠᠷ ᠵᠦᠢᠯ ᠬᠠᠮᠲᠤ ᠶᠢᠨ ᠦᠮᠴᠢᠯᠡᠬᠦ ᠡᠷᠬᠡ ᠶᠢᠨ ᠬᠤᠪᠢ ᠣᠷᠣᠭᠤᠯᠤᠨ ᠬᠤᠷᠰᠢᠯᠴᠠᠬᠤ | ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠳᠤ᠂ ᠮᠠᠯᠴᠢᠨ ᠲᠠᠷᠢᠶᠠᠴᠢᠳ ᠲᠤ | ᠬᠠᠮᠲᠤ ᠶᠢᠨ ᠨᠢᠭᠡᠳᠦᠯᠲᠡᠢ ᠡᠵᠡᠩᠨᠡᠬᠦ ᠪᠠ ᠳᠠᠭᠠᠭᠠᠴᠢᠯᠠᠨ ᠡᠵᠡᠩᠨᠡᠵᠦ ᠪᠠᠶᠢᠭ᠎ᠠ ᠡᠳ᠋ ᠬᠥᠷᠦᠩᠭᠡ ᠶᠢ ᠬᠤᠪᠢ | ᠣᠷᠣᠭᠤᠯᠤᠨ ᠡᠵᠡᠯᠡᠬᠦ᠂ ᠠᠰᠢᠭ ᠣᠯᠬᠤ᠂ ᠬᠠᠷᠠᠮᠵᠢ ᠲᠠᠢ ᠪᠤᠴᠠᠵᠤ ᠭᠠᠷᠬᠤ ᠵᠢᠴᠢ ᠪᠠᠷᠢᠴᠠᠭᠠᠯᠠᠬᠤ᠂ ᠳᠠᠭᠠᠭᠠᠯᠲᠠ | ᠬᠢᠬᠦ᠂ ᠵᠠᠯᠭᠠᠮᠵᠢᠯᠠᠬᠤ ᠡᠷᠬᠡ ᠣᠯᠭᠤᠵᠤ᠂ ᠮᠠᠯᠴᠢᠨ ᠲᠠᠷᠢᠶᠠᠴᠢᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤ ᠡᠳ᠋ ᠬᠥᠷᠦᠩᠭᠡ ᠶᠢᠨ ᠡᠷᠬᠡ ᠠᠰᠢᠭ ᠢ ᠨᠡᠩ ᠢᠯᠡᠭᠦᠦ ᠪᠠᠲᠤᠯᠠᠬᠤ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠡᠳ᠋ ᠬᠥᠷᠦᠩᠭᠡ ᠳᠤ ᠨᠢᠭᠡᠳᠦᠯᠲᠡᠢ ᠡᠵᠡᠩᠨᠡᠬᠦ᠂ ᠳᠠᠭᠠᠭᠠᠴᠢᠯᠠᠬᠤ᠂ ᠲᠦᠷᠢᠶᠡᠰᠦᠯᠡᠬᠦ᠂ ᠬᠢᠮᠳᠠ | ᠦᠨ᠎ᠡ ᠪᠠᠷ ᠬᠤᠳᠠᠯᠳᠤᠬᠤ ᠶᠢ ᠬᠡᠷᠡᠭᠵᠢᠭᠦᠯᠦᠭᠡᠳ ᠣᠯᠣᠭᠰᠠᠨ ᠣᠷᠣᠯᠭ᠎ᠠ ᠪᠣᠯᠣᠨ ᠬᠤᠪᠢᠴᠠᠭᠠᠲᠤ ᠳᠦᠷᠢᠮ ᠪᠣᠶᠣ | ᠬᠤᠪᠢ ᠣᠷᠣᠭᠤᠯᠤᠨ ᠬᠤᠷᠰᠢᠯᠴᠠᠬᠤ ᠳᠦᠷᠢᠮ ᠢᠶᠠᠷ ᠡᠵᠡᠩᠨᠡᠭᠡᠳ ᠤᠯᠤᠭᠰᠠᠨ ᠭᠠᠴᠠᠭ᠎ᠠ ᠲᠤᠰᠬᠤᠨ ᠤ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠦᠮᠴᠢᠯᠡᠭᠳᠡᠬᠦ ᠣᠷᠣᠯᠭ᠎ᠠ ᠶᠢ ᠳᠠᠩᠰᠠᠨ ᠳᠤ ᠣᠷᠣᠭᠤᠯᠤᠨ | ᠲᠣᠭᠠᠴᠠᠭ᠎ᠠ ᠬᠢᠬᠦ ᠬᠡᠷᠡᠭᠲᠡᠢ᠃ | ᠭᠤᠴᠢ ᠶᠢᠰᠦᠳᠦᠭᠡᠷ ᠵᠦᠢᠯ ᠰᠤᠮᠤ ᠰᠢᠶᠠᠩ ᠪᠠᠯᠭᠠᠰᠤ ᠶᠢᠨ ᠨᠢᠭᠲᠠᠯᠠᠨ ᠪᠣᠳᠣᠭᠴᠢ ᠶᠢᠨ ᠨᠠᠶᠢᠳᠠᠨ | ᠣᠷᠣᠯᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠭᠠᠴᠠᠭ᠎ᠠ ᠲᠤᠰᠬᠤᠨ ᠤ ᠠᠷᠠᠳ ᠤᠨ ᠬᠢᠨᠠᠯᠲᠠ ᠲᠠᠯᠪᠢᠬᠤ | ᠵᠥᠪᠯᠡᠯ ︵ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠳᠤᠭᠤᠶᠢᠯᠠᠩ︶ ᠠᠴᠠ ᠭᠠᠴᠠᠭ᠎ᠠ ᠲᠤᠰᠬᠤᠨ ᠤ | ᠬᠠᠮᠲᠤ ᠶᠢᠨ ᠠᠵᠤ ᠠᠬᠤᠢ ᠶᠢᠨ ᠡᠳ᠋ ᠬᠥᠷᠦᠩᠭᠡ ᠶᠢᠨ ᠬᠡᠷᠡᠭᠯᠡᠯᠲᠡ᠂ ᠬᠠᠮᠠᠭᠠᠯᠠᠯᠲᠠ ᠪᠠ ᠠᠰᠢᠭ ᠣᠯᠭᠤᠮᠵᠢ ᠳᠤ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠭᠠᠴᠠᠭ᠎ᠠ ᠲᠤᠰᠬᠤᠨ ᠤ ᠬᠠᠮᠲᠤ ᠶᠢᠨ ᠡᠳ᠋ | ᠬᠥᠷᠦᠩᠭᠡ ᠶᠢᠨ ᠠᠮᠤᠷ ᠲᠥᠪᠰᠢᠨ ᠪᠠ ᠥᠷᠲᠡᠭ ᠤᠨ ᠪᠠᠲᠤᠯᠠᠭ᠎ᠠ ᠦᠷᠲᠡᠭ ᠤᠨ ᠨᠡᠮᠡᠭᠳᠡᠯ ᠢ ᠦᠨᠡᠨᠬᠦ ᠪᠠᠲᠤᠯᠠᠬᠤ | ᠬᠡᠷᠡᠭᠲᠡᠢ᠃ | ᠳᠥᠴᠢᠳᠦᠭᠡᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠵᠢᠯ ᠪᠦᠷᠢ ᠨᠢᠭᠡ ᠤᠳᠠᠭ᠎ᠠ ᠡᠳ᠋ ᠬᠥᠷᠦᠩᠭᠡ ᠶᠢ ᠢᠯᠭᠠᠷᠠᠭᠤᠯᠬᠤ ᠪᠠᠶᠢᠴᠠᠭᠠᠯᠲᠠ ᠬᠢᠵᠦ᠂ | ᠢᠯᠭᠠᠷᠠᠭᠤᠯᠬᠤ ᠪᠠᠶᠢᠴᠠᠭᠠᠯᠲᠠ ᠶᠢᠨ ᠬᠡᠪᠴᠢᠶᠠᠨ ᠳᠤ ᠡᠯ᠎ᠡ ᠵᠦᠢᠯ ᠤᠨ ᠡᠳ᠋ ᠬᠥᠷᠦᠩᠭᠡ᠂ ᠥᠷᠢ ᠪᠠ | ᠥᠮᠴᠢᠯᠡᠭᠴᠢ ᠶᠢᠨ ᠡᠷᠬᠡ ᠠᠰᠢᠭ ᠢ ᠪᠠᠭᠲᠠᠭᠠᠨ᠎ᠠ᠃ | ᠳᠥᠴᠢᠨ ᠨᠢᠭᠡᠳᠦᠭᠡᠷ ᠵᠦᠢᠯ ᠡᠳ᠋ ᠬᠥᠷᠦᠩᠭᠡ ᠶᠢ ᠢᠯᠭᠠᠷᠠᠭᠤᠯᠤᠨ ᠪᠠᠶᠢᠴᠠᠭᠠᠬᠤ ᠳᠤ ᠨᠢᠭᠲᠠᠯᠠᠨ | ᠪᠣᠳᠤᠭᠴᠢ ᠶᠢᠨ ᠳᠠᠩᠰᠠ ᠪᠠᠷ ᠦᠨᠳᠦᠰᠦᠯᠡᠯ ᠪᠣᠯᠭᠠᠵᠤ᠂ ᠳᠠᠩᠰᠠᠨ ᠤ ᠲᠣᠲᠤᠷ ᠭᠠᠳᠠᠨᠠᠬᠢ ᠶᠢ ᠬᠠᠷᠢᠯᠴᠠᠨ | ᠤᠶᠠᠯᠳᠤᠭᠤᠯᠵᠤ᠂ ᠪᠤᠳᠠᠳᠤ ᠵᠦᠢᠯ ᠤᠨ ᠲᠣᠭᠠᠯᠠᠨ ᠪᠦᠷᠢᠳᠬᠡᠬᠦ ᠶᠢ ᠳᠠᠩᠰᠠ ᠯᠤᠭ᠎ᠠ ᠬᠠᠷᠭᠤᠭᠤᠯᠬᠤ ᠲᠠᠢ ᠬᠠᠷᠢᠯᠴᠠᠨ | ᠤᠶᠠᠯᠳᠤᠭᠤᠯᠵᠤ᠂ ᠪᠤᠳᠠᠰ ᠢᠶᠠᠷ ᠳᠠᠩᠰᠠ ᠪᠠᠨ ᠲᠤᠯᠭᠠᠨ ᠦᠵᠡᠵᠦ᠂ ᠳᠠᠩᠰᠠ ᠪᠠᠷ ᠪᠤᠳᠠᠰ ᠢᠶᠠᠨ ᠪᠠᠶᠢᠴᠠᠭᠠᠵᠤ᠂ | ᠵᠦᠢᠯ ᠳᠠᠷᠠᠭᠠᠯᠠᠨ ᠢᠯᠭᠠᠷᠠᠭᠤᠯᠬᠤ ᠶᠢ ᠪᠠᠷᠢᠮᠳᠠᠯᠠᠬᠤ ᠬᠡᠷᠡᠭᠲᠡᠢ᠃ | ᠳᠥᠴᠢᠨ ᠬᠤᠶᠠᠳᠤᠭᠠᠷ ᠵᠦᠢᠯ ᠢᠯᠭᠠᠷᠠᠭᠤᠯᠤᠨ ᠪᠠᠶᠢᠴᠠᠭᠠᠭᠰᠠᠨ ᠪᠠ ᠠᠰᠠᠭᠤᠳᠠᠯ ᠰᠢᠢᠳᠪᠦᠷᠢᠯᠡᠭᠰᠡᠨ ᠦᠷ᠎ᠡ | ᠳ᠋ᠦᠩ ᠢ ᠵᠣᠬᠢᠬᠤ ᠠᠷᠠᠳᠴᠢᠯᠠᠯ ᠤᠨ ᠳᠡᠰ ᠳᠠᠷᠠᠭᠠᠯᠠᠯ ᠪᠣᠯᠣᠨ ︽ᠲᠤᠰᠬᠤᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠨᠢᠭᠲᠠᠯᠠᠨ ᠪᠣᠳᠣᠭᠴᠢ ᠶᠢᠨ ᠳᠥᠷᠢᠮ︾ ᠤᠨ ᠱᠠᠭᠠᠷᠳᠠᠯᠭ᠎ᠠ ᠶᠣᠰᠣᠭᠠᠷ ᠴᠠᠭ | ᠲᠣᠬᠠᠢ ᠳᠤᠨᠢ ᠵᠠᠷᠯᠠᠨ ᠨᠡᠶᠢᠲᠡᠯᠡᠬᠦ ᠪᠠ ᠳᠠᠩᠰᠠᠨ ᠤ ᠵᠦᠢᠯ ᠳᠤ ᠲᠣᠬᠢᠷᠠᠭᠤᠯᠤᠯᠲᠠ ᠬᠢᠬᠦ ᠶᠢᠨ ᠬᠠᠮᠲᠤ᠂ ᠰᠤᠮᠤ ᠰᠢᠶᠠᠩ | ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠦᠬᠦᠢ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠡᠳ᠋ ᠬᠥᠷᠦᠩᠭᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠲᠤᠯᠤᠭᠠᠶᠢᠯᠠᠭᠤᠯᠵᠤ᠂ ᠰᠤᠮᠤ ᠰᠢᠶᠠᠩ ᠪᠠᠯᠭᠠᠰᠤ ᠶᠢᠨ | ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠪᠤᠶᠤ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠦᠬᠦᠢ ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠳᠥᠷᠪᠡᠳᠦᠭᠡᠷ ᠪᠦᠯᠦᠭ ᠡᠬᠢ ᠪᠠᠶᠠᠯᠢᠭ ᠤᠨ ᠬᠠᠮᠢᠶᠠᠷᠤᠯᠲᠠ | ᠳᠥᠴᠢᠨ ᠳᠥᠷᠪᠡᠳᠦᠭᠡᠷ ᠵᠦᠢᠯ ᠬᠠᠤᠯᠢ ᠪᠠᠷ ᠲᠣᠭᠲᠠᠭᠠᠭᠰᠠᠨ ᠭᠠᠴᠠᠭ᠎ᠠ ᠲᠤᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠳᠤ ᠦᠮᠴᠢᠯᠡᠭᠳᠡᠬᠦ ᠭᠠᠵᠠᠷ ᠰᠢᠷᠤᠢ᠂ ᠣᠶᠢᠲᠤ ᠭᠠᠵᠠᠷ᠂ ᠪᠡᠯᠴᠢᠭᠡᠷ᠂ ᠠᠲᠠᠷ | ᠭᠠᠵᠠᠷ᠂ ᠭᠤᠣᠯ ᠤᠨ ᠰᠠᠶᠢᠷᠭᠠᠯ ᠵᠡᠷᠭᠡ ᠡᠬᠢ ᠪᠠᠶᠠᠯᠢᠭ ᠢ ᠪᠣᠯ ᠬᠠᠮᠲᠤ ᠶᠢᠨ ᠡᠬᠢ ᠪᠠᠶᠠᠯᠢᠭ ᠢ ᠲᠡᠮᠳᠡᠭᠯᠡᠬᠦ ᠳᠡᠪᠲᠡᠷ | ᠵᠤᠬᠢᠶᠠᠵᠦ ᠵᠦᠢᠯ ᠳᠠᠷᠠᠭᠠᠯᠠᠨ ᠲᠡᠮᠳᠡᠭᠯᠡᠵᠦ᠂ ᠡᠬᠢ ᠪᠠᠶᠠᠯᠢᠭ ᠤᠨ ᠬᠤᠪᠢᠷᠠᠯᠲᠠ ᠶᠢᠨ ᠪᠠᠶᠢᠳᠠᠯ ᠢ ᠴᠠᠭ ᠲᠣᠬᠠᠢ ᠳᠤᠨᠢ | ᠲᠡᠮᠳᠡᠭᠯᠡᠬᠦ ᠶᠢᠨ ᠬᠠᠮᠲᠤ ᠡᠯᠧᠺᠲᠷᠤᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠢ᠃ | ᠳᠥᠴᠢᠨ ᠲᠠᠪᠤᠳᠤᠭᠠᠷ ᠵᠦᠢᠯ ᠡᠬᠢ ᠪᠠᠶᠠᠯᠢᠭ ᠢ ᠲᠡᠮᠳᠡᠭᠯᠡᠬᠦ ᠳᠡᠪᠲᠡᠷ ᠤᠨ ᠭᠤᠣᠯ ᠠᠭᠤᠯᠭ᠎ᠠ ᠳᠤ᠄ ᠡᠬᠢ | ᠪᠠᠶᠠᠯᠢᠭ ᠤᠨ ᠨᠡᠷᠡᠶᠢᠳᠦᠯ᠂ ᠲᠦᠷᠦᠯ ᠢᠯᠭᠠᠯ᠂ ᠪᠠᠶᠢᠷᠢᠯᠠᠵᠤ ᠪᠠᠶᠢᠭ᠎ᠠ ᠭᠠᠵᠠᠷ᠂ ᠲᠠᠯᠠᠪᠠᠢ ᠵᠡᠷᠭᠡ ᠪᠠᠭᠲᠠᠨ᠎ᠠ᠃ | ᠳᠠᠭᠠᠭᠠᠴᠢᠯᠠᠬᠤ᠂ ᠲᠦᠷᠢᠶᠡᠰᠦᠯᠡᠨ ᠡᠵᠡᠩᠨᠡᠬᠦ ᠶᠢ ᠬᠡᠷᠡᠭᠵᠢᠭᠦᠯᠵᠦ ᠪᠠᠶᠢᠭ᠎ᠠ ᠭᠠᠴᠠᠭ᠎ᠠ ᠲᠤᠰᠬᠤᠨ ᠤ ᠬᠠᠮᠲᠤ ᠶᠢᠨ ᠡᠬᠢ | ᠪᠠᠶᠠᠯᠢᠭ ᠢ ᠪᠠᠰᠠ ᠡᠬᠢ ᠪᠠᠶᠠᠯᠢᠭ ᠢ ᠳᠠᠭᠠᠭᠠᠴᠢᠯᠠᠬᠤ᠂ ᠲᠦᠷᠢᠶᠡᠰᠦᠯᠡᠵᠤ ᠪᠠᠶᠢᠭ᠎ᠠ ᠨᠢᠭᠡᠴᠡ ︵ᠬᠤᠪᠢ ᠬᠥᠮᠥᠨ︶ ᠤ | ᠨᠡᠷᠡᠶᠢᠳᠦᠯ᠂ ᠬᠠᠶ᠋ᠢᠭ᠂ ᠳᠠᠭᠠᠭᠠᠴᠢᠯᠠᠯᠳᠠ᠂ ᠲᠦᠷᠢᠶᠡᠰᠦᠯᠡᠬᠦ ᠶᠢᠨ ᠬᠡᠷᠡᠭᠯᠡᠯᠳᠡ᠂ ᠳᠠᠭᠠᠭᠠᠴᠢᠯᠠᠭᠰᠠᠨ ᠰᠦᠢᠳᠬᠡᠯ | ᠪᠣᠶᠤ ᠲᠦᠷᠢᠶᠡᠰᠦᠯᠡᠬᠦ ᠮᠥᠩᠭᠦ᠂ ᠬᠤᠭᠤᠴᠠᠭ᠎ᠠ ᠬᠢᠵᠠᠭᠠᠷ ᠪᠠ ᠡᠬᠢᠯᠡᠬᠦ ᠡᠳᠦᠷ ᠬᠤᠭᠤᠴᠠᠭ᠎ᠠ ᠵᠡᠷᠭᠡ ᠶᠢ ᠲᠡᠮᠳᠡᠭᠯᠡᠬᠦ | ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠡᠬᠢ ᠪᠠᠶᠠᠯᠢᠭ ᠢ ᠲᠡᠮᠳᠡᠭᠯᠡᠬᠦ ᠳᠡᠪᠲᠡᠷ ᠢ ᠭᠠᠴᠠᠭ᠎ᠠ ᠲᠤᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠬᠠᠷᠢᠭᠤᠴᠠᠨ ᠲᠡᠮᠳᠡᠭᠯᠡᠵᠦ ᠬᠠᠮᠢᠶᠠᠷᠬᠤ ᠬᠡᠷᠡᠭᠲᠡᠢ᠃ | ᠳᠥᠴᠢᠨ ᠳᠣᠯᠣᠳᠤᠭᠠᠷ ᠵᠦᠢᠯ ᠭᠠᠴᠠᠭ᠎ᠠ ᠲᠤᠰᠬᠤᠨ ᠠᠴᠠ ᠡᠬᠢ ᠪᠠᠶᠠᠯᠢᠭ ᠢ ᠢᠯᠡ ᠪᠠᠷ ᠵᠥᠪᠳᠡᠯᠴᠡᠬᠦ ᠪᠠ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠥᠷᠢᠮ ᠢ ᠲᠣᠭᠲᠠᠭᠠᠬᠤ ᠬᠡᠷᠡᠭᠲᠡᠢ᠃ ᠭᠡᠷ ᠪᠦᠯᠢ ᠳᠤ | ᠳᠠᠭᠠᠭᠠᠴᠢᠯᠠᠭᠤᠯᠬᠤ ᠠᠷᠭ᠎ᠠ ᠮᠠᠶ᠋ᠢᠭ ᠢ ᠠᠪᠤᠭᠠᠳᠤᠢ ᠭᠠᠵᠠᠷ ᠰᠢᠷᠤᠢ᠂ ᠠᠲᠠᠷ ᠭᠠᠵᠠᠷ᠂ ᠭᠤᠣᠯ ᠤᠨ ᠰᠠᠶᠢᠷᠭᠠᠯ᠂ | ᠤᠰᠤᠨ ᠭᠠᠳᠠᠷᠭᠤ ᠵᠡᠷᠭᠡ ᠡᠬᠢ ᠪᠠᠶᠠᠯᠢᠭ ᠤᠨ ᠴᠢᠨᠠᠷ ᠲᠠᠢ ᠡᠳ᠋ ᠬᠥᠷᠦᠩᠭᠡ ᠪᠦᠬᠦᠨ ᠢ ᠳᠠᠭᠠᠭᠠᠴᠢᠯᠠᠵᠤ᠂ | ᠲᠦᠷᠢᠶᠡᠰᠦᠯᠡᠬᠦ ᠳᠤ ᠢᠯᠡ ᠪᠠᠷ ᠵᠥᠪᠳᠡᠯᠴᠡᠬᠦ ᠪᠣᠶᠤ ᠳᠠᠭᠠᠭᠠᠴᠢᠯᠠᠯᠲᠠ ᠵᠡᠷᠯᠠᠵᠤ ᠳᠠᠭᠠᠭᠠᠴᠢᠯᠠᠯᠲᠠ ᠬᠦᠯᠢᠶᠡᠬᠦ ᠠᠷᠭ᠎ᠠ | ᠮᠠᠶ᠋ᠢᠭ ᠢᠶᠠᠷ ᠬᠢᠬᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ ᠭᠠᠴᠠᠭ᠎ᠠ ᠲᠤᠰᠬᠤᠨ ᠤ ᠱᠠᠲᠤᠨ ᠤ ᠳᠠᠭᠠᠭᠠᠴᠢᠯᠠᠯᠲᠠ ᠵᠠᠷᠯᠠᠬᠤ ᠬᠡᠪᠴᠢᠶᠠᠨ | ᠲᠤᠳᠤᠷᠠᠬᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠡᠷᠬᠡᠪᠰᠢ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠬᠢᠵᠦ᠂ ᠶᠠᠮᠠᠷᠪᠠ ᠵᠣᠬᠢᠶᠠᠨ ᠪᠠᠶᠢᠭᠤᠯᠤᠯᠲᠠ ᠨᠢ ᠬᠡᠳ ᠳᠤᠷ᠎ᠠ | ᠲᠠᠪᠠ ᠪᠠᠷ ᠢᠶᠠᠨ ᠪᠦᠲᠦᠭᠡᠨ ᠪᠠᠶᠢᠭᠤᠯᠵᠤ᠂ ᠳᠠᠭᠠᠭᠠᠴᠢᠯᠠᠭᠤᠯᠵᠤ ᠪᠣᠯᠬᠤ ᠦᠭᠡᠢ᠃ ᠶᠠᠮᠠᠷᠪᠠ ᠰᠠᠯᠠᠭ᠎ᠠ ᠮᠦᠴᠢᠷ ᠨᠢ | ᠬᠡᠳ ᠶᠠᠮᠠᠷᠪᠠ ᠰᠢᠯᠲᠠᠭ ᠢᠶᠠᠷ ᠢᠨᠵᠧᠨᠧᠷᠢᠩ ᠤᠨ ᠲᠦᠷᠦᠯ ᠵᠦᠢᠯ ᠢ ᠠᠯᠪᠠᠳᠠᠯᠭ᠎ᠠ ᠪᠠᠷ ᠬᠦᠯᠢᠶᠡᠨ ᠠᠪᠴᠤ ᠪᠣᠯᠬᠤ | ᠦᠭᠡᠢ᠃ | ᠳᠥᠴᠢ ᠶᠢᠰᠦᠳᠦᠭᠡᠷ ᠵᠦᠢᠯ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠦᠬᠦ ᠶᠠᠪᠤᠴᠠ ᠶᠢ | ᠭᠠᠴᠠᠭ᠎ᠠ ᠲᠤᠰᠬᠤᠨ ᠤ ᠠᠷᠠᠳ ᠤᠨ ᠬᠢᠨᠠᠯᠲᠠ ᠲᠠᠯᠪᠢᠬᠤ ᠵᠥᠪᠯᠡᠯ ︵ᠠᠷᠠᠳᠴᠢᠯᠠᠯ ᠢᠶᠠᠷ ᠡᠳ᠋ ᠤᠨ ᠶᠠᠪᠤᠳᠠᠯ ᠢ | ᠬᠠᠮᠢᠶᠠᠷᠬᠤ ᠳᠤᠭᠤᠶᠢᠯᠠᠩ︶ ᠪᠣᠯᠣᠨ ᠰᠤᠮᠤ ᠰᠢᠶᠠᠩ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ | ᠪᠣᠶᠣ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠡᠬᠦᠷᠬᠡᠯᠡᠵᠦ ᠪᠦᠬᠦᠢ ᠪᠠᠶᠢᠭᠤᠯᠤᠮᠵᠢ ᠶᠢᠨ ᠬᠢᠨᠠᠯᠲᠠ | ᠲᠠᠯᠪᠢᠯᠲᠠ ᠶᠢᠨ ᠳᠣᠣᠷ᠎ᠠ ᠬᠢᠬᠦ ᠬᠡᠷᠡᠭᠲᠡᠢ᠃ | ᠲᠠᠪᠢᠳᠤᠭᠠᠷ ᠵᠦᠢᠯ ᠢᠯᠡ ᠪᠠᠷ ᠵᠥᠪᠳᠡᠯᠴᠡᠬᠦ ᠠᠷᠭ᠎ᠠ ᠮᠠᠶ᠋ᠢᠭ ᠢᠶᠠᠷ ᠬᠠᠮᠲᠤ ᠶᠢᠨ ᠡᠬᠢ ᠪᠠᠶᠠᠯᠢᠭ ᠢ | ᠳᠠᠭᠠᠭᠠᠴᠢᠯᠠᠵᠤ᠂ ᠲᠦᠷᠢᠶᠡᠰᠦᠯᠡᠭᠰᠡᠨ ᠪᠣᠯ ᠳᠠᠭᠠᠭᠠᠴᠢᠯᠠᠬᠤ ᠰᠦᠢᠳᠬᠡᠯ᠂ ᠲᠦᠷᠢᠶᠡᠰᠦᠨ ᠮᠥᠩᠭᠦ ᠶᠢ ᠬᠤᠶᠠᠷ | ᠲᠠᠯ᠎ᠠ ᠪᠠᠷ ᠢᠶᠠᠨ ᠵᠥᠪᠳᠡᠵᠦ ᠲᠣᠭᠲᠠᠭᠠᠬᠤ ᠬᠡᠷᠡᠭᠲᠡᠢ᠃ | ᠲᠠᠪᠢᠨ ᠨᠢᠭᠡᠳᠦᠭᠡᠷ ᠵᠦᠢᠯ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ | ᠬᠠᠮᠲᠤ ᠶᠢᠨ ᠡᠳ᠋ ᠬᠥᠷᠦᠩᠭᠡ ᠶᠢ ᠳᠠᠭᠠᠭᠠᠴᠢᠯᠠᠵᠤ᠂ ᠲᠦᠷᠢᠶᠡᠰᠦᠯᠡᠭᠰᠡᠨ ᠪᠣᠯ᠂ ᠳᠠᠭᠠᠭᠠᠴᠢᠯᠠᠬᠤ ᠰᠦᠢᠳᠬᠡᠯ᠂ | ᠲᠦᠷᠢᠶᠡᠰᠦᠯᠡᠨ ᠮᠥᠩᠭᠦ ᠶᠢ ᠢᠯᠡ ᠪᠠᠷ ᠦᠨ᠎ᠡ ᠬᠠᠶᠠᠯᠴᠠᠬᠤ᠂ ᠦᠷᠢᠰᠦᠯᠳᠦᠭᠡᠨ ᠤ ᠦᠨ᠎ᠡ ᠬᠠᠶᠠᠯᠴᠠᠬᠤ ᠪᠠᠷ ᠳᠠᠮᠵᠢᠨ | ᠲᠣᠭᠲᠠᠭᠠᠬᠤ ᠬᠡᠷᠡᠭᠲᠡᠢ᠃ ᠠᠳᠠᠯᠢ ᠨᠥᠬᠦᠴᠡᠯ ᠳᠣᠣᠷ᠎ᠠ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠣᠯᠲᠠ ᠶᠢᠨ ᠪᠦᠷᠢᠯᠳᠦᠬᠦᠨ ᠨᠢ ᠤᠷᠢᠳᠠᠪᠡᠷ ᠣᠷᠣᠯᠴᠠᠬᠤ ᠡᠷᠬᠡ ᠲᠠᠢ᠃ | ᠲᠠᠪᠢᠨ ᠬᠤᠶᠠᠳᠤᠭᠠᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠡᠬᠢ ᠪᠠᠶᠠᠯᠢᠭ ᠢ ᠳᠠᠭᠠᠭᠠᠴᠢᠯᠠᠵᠤ᠂ ᠲᠦᠷᠢᠶᠡᠰᠦᠯᠡᠬᠦ ᠳᠤ ᠳᠠᠭᠠᠭᠠᠴᠢᠯᠠᠬᠤ᠂ ᠲᠦᠷᠢᠶᠡᠰᠦᠯᠡᠬᠦ᠂ | ᠳᠠᠭᠠᠭᠠᠴᠢᠯᠠᠯᠲᠠ ᠵᠠᠷᠯᠠᠬᠤ ᠲᠦᠰᠦᠯ ᠲᠣᠭᠲᠠᠭᠠᠵᠤ᠂ ᠳᠠᠭᠠᠭᠠᠴᠢᠯᠠᠯᠲᠠ ᠵᠠᠷᠯᠠᠬᠤ ᠲᠦᠰᠦᠯ ᠳᠤ ᠳᠠᠭᠠᠭᠠᠴᠢᠯᠠᠯᠲᠠ | ᠵᠠᠷᠯᠠᠭᠰᠠᠳ ᠤᠨ ᠨᠡᠷ᠎ᠡ ᠪᠣᠯᠣᠨ ᠬᠠᠶ᠋ᠢᠭ ᠢ ᠲᠣᠲᠣᠷᠬᠠᠢ ᠪᠢᠴᠢᠵᠦ᠂ ᠲᠦᠷᠦᠯ ᠵᠦᠢᠯ ᠤᠨ ᠨᠡᠷᠡᠶᠢᠳᠦᠯ᠂ ᠲᠤᠭ᠎ᠠ | ᠬᠡᠮᠵᠢᠶ᠎ᠡ᠂ ᠬᠡᠷᠡᠭᠯᠡᠯᠳᠡ᠂ ᠬᠤᠭᠤᠴᠠᠭ᠎ᠠ ᠬᠢᠵᠠᠭᠠᠷ᠂ ᠲᠠᠭᠠᠭᠠᠴᠢᠯᠠᠯᠳᠠ ᠶᠢᠨ ᠰᠠᠭᠤᠷᠢ ᠲᠤᠭ᠎ᠠ ᠵᠡᠷᠭᠡ ᠠᠭᠤᠯᠭ᠎ᠠ ᠶᠢ | ᠲᠣᠲᠤᠷᠬᠠᠶᠢᠯᠠᠬᠤ ᠬᠡᠷᠡᠭᠲᠡᠢ᠃ | ᠲᠠᠪᠢᠨ ᠭᠤᠷᠪᠠᠳᠤᠭᠠᠷ ᠵᠦᠢᠯ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠳᠤᠷᠠᠳᠤᠭᠰᠠᠨ ᠬᠠᠮᠲᠤ ᠶᠢᠨ ᠡᠬᠢ ᠪᠠᠶᠠᠯᠢᠭ ᠢ ᠳᠠᠭᠠᠭᠠᠴᠢᠯᠠᠵᠤ᠂ ᠲᠦᠷᠢᠶᠡᠰᠦᠯᠡᠭᠦᠯᠬᠦ | ᠲᠥᠰᠥᠯ ᠢ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠵᠥᠪᠯᠡᠯ ︵ᠠᠷᠠᠳᠴᠢᠯᠠᠯ ᠢᠶᠠᠷ ᠡᠳ᠋ ᠤᠨ | ᠶᠠᠪᠤᠳᠠᠯ ᠢ ᠬᠠᠮᠢᠶᠠᠷᠬᠤ ᠳᠤᠭᠤᠶᠢᠯᠠᠩ︶ ᠳᠤ ᠲᠤᠰᠢᠶᠠᠵᠦ ᠬᠢᠨᠠᠨ ᠬᠠᠷᠭᠤᠭᠤᠯᠬᠤ ᠶᠢᠨ ᠬᠠᠮᠲᠤ ᠰᠤᠮᠤ ᠰᠢᠶᠠᠩ | ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠪᠤᠶᠤ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠪᠠᠶᠢᠭᠤᠯᠤᠮᠵᠢ ᠳᠤ ᠮᠡᠳᠡᠭᠦᠯᠵᠦ ᠬᠢᠨᠠᠨ ᠪᠠᠶᠢᠴᠠᠯᠭᠠᠭᠠᠵᠤ ᠳᠠᠩᠰᠠᠯᠠᠭᠤᠯᠬᠤ | ᠬᠡᠷᠡᠭᠲᠡᠢ᠃ ᠴᠢᠬᠤᠯᠠ ᠶᠡᠭᠡ ᠵᠦᠢᠯ ᠢ ᠪᠣᠯ ᠭᠠᠴᠠᠭ᠎ᠠ ᠲᠣᠰᠬᠤᠨ ᠤ ᠠᠷᠠᠳ ᠤᠨ ᠶᠡᠭᠡ ᠬᠤᠷᠠᠯ ᠪᠤᠶᠤ ᠭᠠᠴᠠᠭ᠎ᠠ | ᠲᠤᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ ᠶᠠᠷᠢᠯᠴᠠᠭᠤᠯᠬᠤ ᠬᠡᠷᠡᠭᠲᠡᠢ᠃ | ᠲᠠᠪᠢᠨ ᠳᠥᠷᠪᠡᠳᠦᠭᠡᠷ ᠵᠦᠢᠯ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠥᠰᠥᠯ᠂ | ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠳᠠᠭᠠᠭᠠᠴᠢᠯᠠᠯᠲᠠ ᠵᠠᠷᠯᠠᠬᠤ ᠭᠡᠷ᠎ᠡ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ | ᠰᠤᠮᠤ ᠰᠢᠶᠠᠩ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠪᠤᠶᠤ ᠡᠵᠡᠩᠨᠡᠯᠲᠡ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠲᠠᠪᠢᠨ ᠲᠠᠪᠤᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠡᠬᠢ ᠪᠠᠶᠠᠯᠢᠭ ᠢ ᠳᠠᠭᠠᠭᠠᠴᠢᠯᠠᠨ ᠲᠦᠷᠢᠶᠡᠰᠦᠯᠡᠬᠦ ᠭᠡᠷ᠎ᠡ ᠶᠢᠨ ᠬᠠᠮᠢᠶᠠᠷᠤᠯᠲᠠ ᠶᠢᠨ ᠳᠦᠷᠢᠮ ᠢ | ᠲᠣᠭᠲᠠᠭᠠᠬᠤ ᠬᠡᠷᠡᠭᠲᠡᠢ᠃ ᠭᠠᠷ ᠤᠨ ᠦᠰᠦᠭ ᠵᠢᠷᠤᠵᠦ ᠲᠤᠭᠳᠠᠭᠠᠬᠤ ᠪᠠᠷ ᠪᠠᠶᠢᠭ᠎ᠠ ᠪᠢᠴᠢᠭᠯᠡᠭᠰᠡᠨ ᠭᠡᠷ᠎ᠡ ᠪᠤᠶᠤ | ᠵᠥᠪᠳᠡᠯᠴᠡᠭᠡᠷ ᠢ ᠨᠢᠭᠡᠳᠦᠯᠲᠡᠢ ᠲᠤᠪᠬᠢᠮᠠᠯ ᠢ ᠬᠡᠷᠡᠭᠯᠡᠵᠦ ᠨᠢᠭᠡᠳᠦᠯᠲᠡᠢ ᠳ᠋ᠤᠭᠠᠷᠯᠠᠨ᠂ ᠬᠤᠶᠠᠷ ᠲᠠᠯ᠎ᠠ ᠶᠢᠨ ᠡᠷᠬᠡ ᠠᠰᠢᠭ | ᠂ ᠡᠭᠦᠷᠭᠡ᠂ ᠭᠡᠷ᠎ᠡ ᠵᠥᠷᠢᠴᠡᠬᠦ ᠬᠠᠷᠢᠴᠠᠭᠤᠯᠭ᠎ᠠ ᠵᠡᠷᠭᠡ ᠶᠢ ᠲᠣᠲᠣᠷᠬᠠᠶᠢᠯᠠᠬᠤ ᠬᠡᠷᠡᠭᠲᠡᠢ᠃ | ᠲᠠᠪᠢᠨ ᠵᠢᠷᠭᠤᠳᠤᠭᠠᠷ ᠵᠦᠢᠯ ᠳᠠᠭᠠᠭᠠᠴᠢᠯᠠᠵᠤ᠂ ᠲᠦᠷᠢᠶᠡᠰᠦᠯᠡᠭᠡᠳ ᠳᠡᠭᠡᠭᠰᠢ ᠲᠤᠰᠢᠶᠠᠭᠰᠠᠨ ᠣᠷᠣᠯᠭ᠎ᠠ ᠶᠢ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠥᠮᠴᠢᠯᠡᠭᠳᠡᠵᠦ᠂ ᠳᠠᠩᠰᠠᠨ ᠲᠣᠲᠣᠷᠠᠬᠢ ᠲᠣᠭᠠᠴᠠᠭ᠎ᠠ | ᠬᠢᠬᠦ ᠳᠤ ᠣᠷᠣᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠬᠤ ᠬᠡᠷᠡᠭᠲᠡᠢ᠃ | ᠲᠠᠪᠢᠨ ᠲᠣᠯᠣᠳᠤᠭᠠᠷ ᠵᠦᠢᠯ ᠭᠡᠷ ᠪᠦᠯᠢ ᠪᠠᠷ ᠳᠠᠭᠠᠭᠠᠴᠢᠯᠠᠬᠤ ᠶᠢ ᠬᠡᠷᠡᠭᠵᠢᠭᠦᠯᠦᠭᠰᠡᠨ ᠭᠠᠴᠠᠭ᠎ᠠ | ᠲᠣᠰᠬᠤᠨ ᠤ ᠬᠠᠮᠲᠤ ᠶᠢᠨ ᠭᠠᠵᠠᠷ ᠰᠢᠷᠤᠢ ᠶᠢ ᠪᠣᠯ ᠡᠷᠦᠬᠡ ᠳᠠᠷᠠᠭᠠᠯᠠᠨ ᠭᠡᠷ᠎ᠡ ᠲᠣᠭᠲᠠᠵᠤ᠂ ᠡᠵᠡᠩᠨᠡᠯᠳᠡ ᠶᠢᠨ | ᠡᠷᠬᠡ ᠶᠢᠨ ᠦᠨᠡᠮᠯᠡᠯ ᠣᠯᠭᠤᠵᠤ᠂ ᠭᠠᠵᠠᠷ ᠰᠢᠷᠤᠢ ᠶᠢᠨ ᠡᠷᠬᠢᠯᠳᠦᠬᠦᠯᠬᠦ ᠭᠡᠷ᠎ᠡ ᠳᠤ ᠬᠤᠪᠢᠷᠠᠯᠲᠠ ᠭᠠᠷᠪᠠᠯ ᠴᠠᠭ | ᠲᠤᠬᠠᠢ ᠳᠤᠨᠢ ᠭᠡᠷ᠎ᠡ ᠪᠠᠨ ᠬᠤᠪᠢᠷᠠᠭᠤᠯᠬᠤ ᠬᠡᠷᠡᠭᠲᠡᠢ᠃ | ᠲᠠᠪᠢᠨ ᠨᠠᠢᠮᠠᠳᠤᠭᠠᠷ ᠵᠦᠢᠯ ᠳᠠᠭᠠᠭᠠᠴᠢᠯᠠᠵᠤ᠂ ᠲᠦᠷᠢᠶᠡᠰᠦᠯᠡᠭᠰᠡᠨ ᠭᠡᠷ᠎ᠡ ᠵᠢᠴᠢ ᠬᠠᠮᠢᠶ᠎ᠠ ᠪᠦᠬᠦᠢ | ᠮᠠᠲ᠋ᠧᠷᠢᠶᠠᠯ ᠢ ᠴᠠᠭ ᠲᠤᠬᠠᠢ ᠳᠤᠨᠢ ᠳᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠰᠤᠮᠤ ᠰᠢᠶᠠᠩ ᠪᠠᠯᠭᠠᠰᠤ ᠶᠢᠨ | ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠨ ᠰᠢᠯᠭᠠᠨ ᠬᠡᠷᠡᠴᠢᠯᠡᠬᠦᠯᠵᠦ᠂ ᠳᠠᠩᠰᠠᠯᠠᠭᠤᠯᠬᠤ | ᠬᠡᠷᠡᠭᠲᠡᠢ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠬᠢ ᠪᠠᠶᠠᠯᠢᠭ ᠤᠨ ᠳᠠᠭᠠᠭᠠᠴᠢᠯᠠᠵᠤ | ᠲᠦᠷᠢᠶᠡᠰᠦᠯᠡᠭᠰᠡᠨ ᠭᠡᠷ᠎ᠡ ᠶᠢᠨ ᠠᠯᠢᠪᠠ ᠮᠠᠲ᠋ᠧᠷᠢᠶᠠᠯ ᠢ ᠡᠷᠬᠡᠪᠰᠢ ᠳᠠᠩᠰᠠ ᠡᠪᠬᠡᠮᠡᠯ ᠳᠤ ᠣᠷᠣᠭᠤᠯᠤᠨ ᠬᠠᠮᠢᠶᠠᠷᠴᠤ᠂ | ᠲᠤᠰᠬᠠᠢ ᠬᠥᠮᠥᠨ ᠢᠶᠠᠷ ᠬᠠᠷᠢᠴᠠᠭᠤᠯᠬᠤ ᠶᠢ ᠲᠣᠳᠣᠷᠬᠠᠶᠢᠯᠠᠵᠤ᠂ ᠮᠠᠲ᠋ᠧᠷᠢᠶᠠᠯ ᠤᠨ ᠪᠤᠲᠠᠷᠠᠵᠤ ᠭᠡᠭᠡᠭᠳᠡᠬᠦ ᠪᠠ | ᠰᠦᠢᠳᠤᠨ ᠡᠪᠳᠡᠭᠳᠡᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ | ᠲᠠᠪᠢ ᠶᠢᠰᠦᠳᠦᠭᠡᠷ ᠵᠦᠢᠯ ᠭᠠᠴᠠᠭ᠎ᠠ ᠲᠣᠰᠬᠤᠨ ᠤ ᠵᠥᠪᠯᠡᠯ ᠤᠨ ᠬᠤᠭᠤᠴᠠᠭ᠎ᠠ ᠰᠣᠯᠢᠬᠤ ᠪᠤᠶᠤ ᠭᠡᠷ᠎ᠡ ᠶᠢ | ᠬᠠᠳᠠᠭᠠᠯᠠᠵᠤ ᠪᠠᠶᠢᠭ᠎ᠠ ᠠᠵᠢᠯᠲᠠᠨ ᠬᠤᠪᠢᠷᠠᠯᠲᠠ ᠭᠠᠷᠪᠠᠯ ᠡᠷᠬᠡᠪᠰᠢ 5 ᠡᠳᠦᠷ ᠤᠨ ᠲᠣᠲᠣᠷ᠎ᠠ ᠭᠡᠷ᠎ᠡ ᠶᠢᠨ ᠳᠠᠩᠰᠠ | ᠡᠪᠬᠡᠮᠡᠯ ᠢ ᠰᠢᠯᠵᠢᠭᠦᠯᠦᠨ ᠲᠤᠰᠢᠶᠠᠬᠤ ᠭᠠᠷᠳᠠᠮ ᠢ ᠭᠦᠢᠴᠡᠳᠬᠡᠬᠦ ᠶᠢᠨ ᠬᠠᠮᠲᠤ ᠰᠤᠮᠤ ᠰᠢᠶᠠᠩ ᠪᠠᠯᠭᠠᠰᠤ ᠶᠢᠨ | ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠢᠨᠠᠵᠤ ᠪᠠᠶᠢᠭᠠᠳ ᠲᠤᠰᠢᠶᠠᠯᠭᠠᠬᠤ ᠬᠡᠷᠡᠭᠲᠡᠢ᠃ | ᠵᠢᠷᠠᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ | ᠡᠬᠢ ᠪᠠᠶᠠᠯᠢᠭ ᠶᠢ ᠳᠠᠭᠠᠭᠠᠴᠢᠯᠠᠵᠤ᠂ ᠲᠦᠷᠢᠶᠡᠰᠦᠯᠡᠭᠰᠡᠨ ᠵᠡᠷᠬᠡ ᠭᠡᠷ᠎ᠡ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠢᠶᠠᠨ | ᠭᠠᠳᠠᠭᠰᠢ ᠵᠢᠭᠡᠯᠡᠬᠦᠯᠦᠨ ᠥᠭᠴᠦ ᠪᠣᠯᠬᠤ ᠦᠭᠡᠢ᠂ ᠦᠨᠡᠨᠬᠦ ᠪᠠᠶᠢᠴᠠᠭᠠᠨ ᠤᠩᠰᠢᠬᠤ ᠴᠢᠬᠤᠯᠠ ᠲᠠᠢ ᠪᠣᠯ ᠡᠷᠬᠡᠪᠰᠢ | ᠭᠠᠴᠠᠭ᠎ᠠ ᠲᠣᠰᠬᠤᠨ ᠤ ᠵᠥᠪᠯᠡᠯ ᠢᠶᠠᠷ ᠵᠥᠪᠰᠢᠶᠡᠷᠡᠭᠦᠯᠬᠦ ᠬᠡᠷᠡᠭᠲᠡᠢ᠃ ᠭᠡᠷ᠎ᠡ ᠪᠠᠨ ᠭᠡᠭᠡᠬᠦ᠂ ᠰᠦᠢᠳᠴᠤ ᠡᠪᠳᠡᠭᠳᠡᠬᠦ | ᠤᠴᠢᠷ ᠭᠠᠷᠪᠠᠯ᠂ ᠭᠡᠷ᠎ᠡ ᠬᠠᠳᠠᠭᠠᠯᠠᠵᠤ ᠪᠠᠶᠢᠭ᠎ᠠ ᠠᠵᠢᠯᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠵᠢᠷᠠᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠲᠤ ᠬᠠᠤᠯᠢ ᠶᠣᠰᠣᠭᠠᠷ ᠲᠦᠯᠦᠪᠦᠷᠢ ᠲᠠᠢ | ᠬᠡᠷᠡᠭᠯᠡᠬᠦ ᠶᠢ ᠬᠡᠷᠡᠭᠵᠢᠭᠦᠯᠵᠦ᠂ ᠲᠤᠰᠬᠠᠢ ᠡᠷᠦᠬᠡ ᠳᠤ ᠬᠠᠳᠠᠭᠠᠯᠠᠭᠤᠯᠬᠤ᠂ ᠲᠤᠰᠬᠠᠢ ᠳᠠᠩᠰᠠ ᠪᠠᠷ ᠬᠠᠮᠢᠶᠠᠷᠬᠤ᠂ | ᠲᠤᠰᠬᠠᠢ ᠵᠣᠭᠤᠰ ᠤᠨ ᠲᠤᠰᠬᠠᠢ ᠬᠡᠷᠡᠭᠯᠡᠬᠦ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠣᠷᠣᠯᠭ᠎ᠠ ᠠᠰᠢᠭ ᠨᠢ ᠭᠠᠴᠠᠭ᠎ᠠ | ᠲᠣᠰᠬᠤᠨ ᠤ ᠬᠠᠮᠲᠤ ᠳᠤ ᠥᠮᠴᠢᠯᠡᠭᠳᠡᠵᠦ᠂ ᠳᠠᠩᠰᠠᠨ ᠳᠤ ᠤᠷᠤᠭᠤᠯᠵᠦ ᠲᠣᠭᠠᠴᠠᠭ᠎ᠠ ᠬᠢᠬᠦ ᠬᠡᠷᠡᠭᠲᠡᠢ᠃ ᠭᠤᠣᠯᠳᠠᠭᠤ | ᠳᠠᠬᠢᠨᠲᠠ ᠦᠢᠯᠡᠳᠪᠦᠷᠢᠯᠡᠬᠦ ᠶᠢ ᠦᠷᠭᠡᠳᠬᠡᠬᠦ᠂ ᠬᠠᠮᠲᠤ ᠶᠢᠨ ᠬᠤᠷᠠᠮᠳᠤᠭᠤᠯᠤᠯ ᠢ ᠨᠡᠮᠡᠭᠳᠡᠭᠦᠯᠬᠦ᠂ ᠬᠠᠮᠲᠤ ᠶᠢᠨ | ᠠᠰᠠᠷᠠᠮᠵᠢ ᠪᠣᠯᠣᠨ ᠨᠡᠶᠢᠲᠡ ᠶᠢᠨ ᠠᠰᠠᠷᠠᠮᠵᠢ ᠶᠢᠨ ᠦᠢᠯᠡᠰ ᠵᠡᠷᠭᠡ ᠲᠠᠯ᠎ᠠ ᠳᠤ ᠬᠡᠷᠡᠭᠯᠡᠵᠦ᠂ ᠺᠠᠳ᠋ᠷ ᠤᠨ ᠬᠠᠷᠠᠮᠵᠢ᠂ | ᠵᠤᠴᠢᠯᠠᠭ᠎ᠠ ᠶᠢᠨ ᠵᠠᠷᠤᠳᠠᠯ ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃ | ᠵᠢᠷᠠᠨ ᠬᠤᠶᠠᠳᠤᠭᠠᠷ ᠵᠦᠢᠯ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢᠨ ᠬᠠᠮᠲᠤ ᠭᠠᠵᠠᠷ ᠰᠢᠷᠤᠢ ᠶᠢᠨ | ᠡᠷᠬᠡ ᠶᠢ ᠲᠣᠳᠣᠯᠠᠨ ᠲᠡᠮᠳᠡᠭᠯᠡᠭᠰᠡᠨ ᠳᠠᠭᠠᠭᠠᠴᠢᠯᠠᠨ ᠡᠵᠡᠩᠨᠡᠬᠦ ᠡᠷᠬᠡ ᠪᠣᠯᠣᠨ ᠬᠡᠷ ᠪᠠᠷᠢᠬᠤ ᠭᠠᠵᠠᠷ ᠤᠨ ᠬᠡᠷᠡᠭᠯᠡᠬᠦ | ᠡᠷᠬᠡ ᠳᠤ ᠪᠣᠯ ᠮᠠᠯᠴᠢᠨ ᠲᠠᠷᠢᠶᠠᠴᠢᠳ ᠤᠨ ᠪᠠᠷᠢᠴᠠᠭᠠᠯᠠᠬᠤ᠂ ᠳᠠᠭᠠᠭᠠᠯᠲᠠ ᠬᠢᠬᠦ ᠪᠠ ᠰᠢᠯᠵᠢᠭᠦᠯᠵᠦ | ᠡᠷᠬᠢᠯᠳᠡᠬᠦᠯᠬᠦ ᠶᠢ ᠨᠢ ᠵᠦᠪᠰᠢᠶ᠋ᠷᠡᠵᠦ᠂ ᠲᠡᠳᠡᠨ ᠤ ᠪᠡᠯᠡ ᠲᠣᠬᠢᠷᠠᠭᠤᠯᠭ᠎ᠠ ᠶᠢᠨ ᠵᠠᠮ ᠮᠥᠷ ᠪᠠ ᠡᠳ᠋ ᠬᠥᠷᠥᠩᠭᠡ ᠶᠢᠨ | ᠴᠢᠨᠠᠷ ᠲᠠᠢ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ | ᠵᠢᠷᠠᠨ ᠭᠤᠷᠪᠠᠳᠤᠭᠠᠷ ᠵᠦᠢᠯ ᠲᠥᠯᠥᠪᠵᠢᠭᠦᠯᠭᠡ ᠪᠣᠯᠣᠨ ᠬᠡᠷᠡᠭᠯᠡᠯᠲᠡ ᠶᠢᠨ ᠡᠵᠡᠮᠳᠡᠯ ᠬᠠᠮᠢᠶᠠᠷᠤᠯᠲᠠ ᠳᠤ | ᠨᠡᠶᠢᠴᠡᠭᠰᠡᠨ ᠬᠠᠮᠲᠤ ᠶᠢᠨ ᠡᠵᠡᠩᠨᠡᠯᠲᠡ ᠶᠢᠨ ᠴᠢᠨᠠᠷ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠣᠯ᠂ | ᠵᠠᠬ᠎ᠠ ᠳᠡᠯᠭᠡᠭᠦᠷ ᠲᠤ ᠤᠷᠤᠭᠤᠯᠤᠨ ᠲᠦᠷᠢᠶᠡᠰᠦᠯᠡᠬᠦ᠂ ᠬᠤᠪᠢ ᠣᠷᠤᠬᠤ᠂ ᠬᠢᠮᠲᠠ ᠦᠨ᠎ᠡ ᠪᠠᠷ ᠬᠤᠳᠠᠯᠳᠤᠬᠤ᠂ | ᠪᠠᠷᠢᠴᠠᠭᠠᠯᠠᠬᠤ᠂ ᠳᠠᠭᠠᠭᠠᠯᠲᠠ ᠬᠢᠬᠦ ᠶᠢ ᠵᠦᠪᠰᠢᠶᠡᠷᠡᠨ᠎ᠠ᠃ | ᠲᠠᠪᠤᠳᠤᠭᠠᠷ ᠪᠦᠯᠦᠭ ᠠᠪᠴᠠᠭᠠᠨ ᠤ ᠡᠷᠬᠡ ᠥᠷᠢ ᠥᠭᠴᠡᠭᠡ ᠶᠢᠨ ᠬᠠᠮᠢᠶᠠᠷᠤᠯᠲᠠ | ᠵᠢᠷᠠᠨ ᠳᠥᠷᠪᠡᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠰᠢᠨ᠎ᠡ ᠪᠠᠷ ᠥᠷᠢᠲᠦᠬᠦ ᠶᠢ ᠢᠳᠡᠪᠬᠢᠲᠡᠢ ᠪᠠᠷ ᠴᠢᠩᠭ᠎ᠠ ᠬᠢᠵᠠᠭᠠᠷᠯᠠᠵᠤ᠂ ᠬᠠᠭᠤᠴᠢᠨ ᠥᠷᠢ ᠶᠢ | ᠯᠠᠪᠳᠠᠭᠤᠨ ᠢᠶᠠᠷ ᠦᠬᠡᠶᠢᠰᠬᠡᠬᠦ ᠬᠡᠷᠡᠭᠲᠡᠢ᠃ | ᠵᠢᠷᠠᠨ ᠲᠠᠪᠤᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠠᠪᠴᠠᠭᠠᠨ ᠤ ᠡᠷᠬᠡ ᠥᠷᠢ ᠥᠭᠴᠡᠭᠡ ᠶᠢ ᠡᠷᠬᠡᠪᠰᠢ ᠳᠠᠩᠰᠠᠨ ᠳᠤ ᠤᠷᠤᠭᠤᠯᠵᠦ ᠲᠣᠭᠠᠴᠠᠭ᠎ᠠ | ᠭᠢᠬᠦ ᠬᠡᠷᠡᠭᠲᠡᠢ᠃ ᠬᠡᠪ ᠤᠨ ᠡᠳ᠋ ᠤᠨ ᠶᠠᠪᠤᠳᠠᠯ ᠤᠨ ᠠᠵᠢᠯᠯᠠᠭ᠎ᠠ ᠳᠤ ᠪᠤᠢ ᠪᠣᠯᠣᠭᠰᠠᠨ ᠠᠪᠴᠠᠭᠠᠨ ᠤ ᠡᠷᠬᠡ ᠥᠷᠢ | ᠥᠭᠴᠡᠭᠡ ᠳᠤ ᠪᠣᠯ ᠡᠷᠬᠡᠪᠰᠢ ᠬᠢᠨᠠᠨ ᠵᠥᠪᠰᠢᠶᠡᠷᠡᠬᠦ ᠭᠠᠷᠳᠠᠮ ᠢ ᠴᠢᠩᠭ᠎ᠠ ᠭᠦᠢᠴᠡᠳᠬᠡᠵᠦ᠂ ᠲᠣᠭᠲᠠᠭᠠᠯ ᠶᠣᠰᠣᠭᠠᠷ | ᠶᠡᠷᠦᠩᠬᠡᠢ ᠳᠠᠩᠰᠠ ᠪᠣᠯᠣᠨ ᠨᠠᠷᠢᠨ ᠲᠠᠩᠰᠠᠨ ᠳᠤ ᠲᠡᠮᠳᠡᠭᠯᠡᠬᠦ ᠬᠡᠷᠡᠭᠲᠡᠢ᠃ | ᠵᠢᠷᠠᠨ ᠵᠢᠷᠭᠤᠳᠤᠭᠠᠷ ᠵᠦᠢᠯ ᠤᠯᠤᠰ ᠤᠨ ᠠᠯᠪᠠᠲᠠᠨ ᠪᠣᠯᠣᠨ ᠭᠠᠴᠠᠭ᠎ᠠ ᠲᠣᠰᠬᠤᠨ ᠤ ᠵᠣᠬᠢᠶᠠᠨ | ᠪᠠᠶᠢᠭᠤᠯᠤᠯᠲᠠ ᠶᠢᠨ ᠺᠠᠳ᠋ᠷᠴᠤᠳ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ ᠶᠢ ᠰᠢᠬᠠᠨ ᠡᠵᠡᠯᠡᠵᠦ ᠪᠣᠯᠬᠤ | ᠦᠭᠡᠢ᠃ ᠭᠠᠴᠠᠭ᠎ᠠ ᠲᠣᠰᠬᠤᠨ ᠲᠤᠭᠤᠢᠢᠯᠠᠩ ᠤᠨ ᠵᠣᠬᠢᠶᠠᠨ ᠪᠠᠶᠢᠭᠤᠯᠤᠯᠲᠠ ᠶᠢᠨ ᠺᠠᠳ᠋ᠷᠴᠤᠳ ᠠᠯᠪᠠᠨ ᠠᠵᠢᠯ ᠢᠶᠠᠷ | ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ ᠶᠢ ᠵᠢᠭᠡᠯᠡᠨ ᠬᠡᠷᠡᠭᠯᠡᠭᠰᠡᠨ ᠪᠣᠯ ᠲᠣᠭᠲᠠᠭᠰᠠᠨ ᠴᠠᠭ ᠲᠣᠲᠣᠷ᠎ᠠ | ᠳ᠋ᠦᠩᠨᠡᠨ ᠪᠣᠳᠣᠬᠤ ᠬᠡᠷᠡᠭᠲᠡᠢ᠃ | ᠵᠢᠷᠠᠨ ᠲᠣᠯᠣᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠠᠪᠴᠠᠭᠠᠨ ᠤ ᠡᠷᠬᠡ ᠥᠷᠢ ᠥᠭᠴᠡᠭᠡ ᠶᠢᠨ ᠬᠠᠮᠢᠶᠠᠷᠤᠯᠲᠠ ᠪᠠᠨ ᠡᠳ᠋ ᠤᠨ ᠶᠠᠪᠤᠳᠠᠯ ᠢ ᠢᠯᠡ | ᠪᠣᠯᠭᠠᠬᠤ ᠬᠡᠪᠴᠢᠶᠡᠨ ᠳᠤ ᠣᠷᠣᠭᠤᠯᠵᠤ᠂ ᠠᠪᠴᠠᠭᠠᠨ ᠤ ᠡᠷᠬᠡ ᠥᠷᠢ ᠥᠭᠴᠡᠭᠡ ᠶᠢ ᠢᠯᠭᠠᠷᠠᠭᠤᠯᠤᠨ ᠪᠠᠶᠢᠴᠠᠭᠠᠬᠤ | ᠵᠢᠴᠢ ᠰᠢᠢᠳᠪᠦᠷᠢᠯᠡᠭᠰᠡᠨ ᠪᠠᠶᠢᠳᠠᠯ ᠢᠶᠠᠨ ᠴᠠᠭ ᠲᠤᠬᠠᠢ ᠳᠤᠨᠢ ᠣᠯᠠᠨ ᠲᠦᠮᠡᠨ ᠳᠤ ᠢᠯᠡ ᠪᠣᠯᠭᠠᠬᠤ ᠬᠡᠷᠡᠭᠲᠡᠢ᠃ | ᠵᠢᠷᠠᠨ ᠨᠠᠢᠮᠠᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠬᠠᠮᠲᠤ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠡᠷᠬᠢᠯᠡᠬᠦ ᠳᠤ᠂ ︽ᠨᠢᠭᠡ ᠤᠴᠢᠷ ᠢ | ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠠᠮᠵᠢᠨ ᠰᠢᠢᠳᠪᠦᠷᠢᠯᠡᠵᠦ᠂ ᠦᠨᠡᠨᠬᠦ ᠥᠷᠢ ᠲᠠᠯᠪᠢᠬᠤ ᠴᠢᠬᠤᠯᠠ ᠲᠠᠢ ᠪᠣᠯ | ᠠᠷᠠᠳᠴᠢᠯᠠᠯ ᠤᠨ ᠳᠡᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | ᠵᠢᠷᠨ ᠶᠢᠰᠦᠳᠦᠭᠡᠷ ᠵᠦᠢᠯ ᠭᠠᠴᠠᠭ᠎ᠠ ᠲᠣᠰᠬᠤᠨ ᠤ ᠺᠠᠳ᠋ᠷᠴᠤᠳ ᠳᠤᠷ᠎ᠠ ᠪᠠᠷ ᠢᠶᠠᠨ ᠡᠵᠡᠨ ᠮᠡᠳᠡᠵᠦ᠂ ᠤᠴᠢᠷ | ᠶᠠᠪᠤᠳᠠᠯ ᠢ ᠵᠥᠪᠯᠡᠬᠦ ᠳᠡᠰ ᠳᠠᠷᠠᠭᠠᠯᠠᠯ ᠢᠶᠠᠷ ᠭᠦᠢᠴᠡᠳᠬᠡᠭᠰᠡᠨ ᠦᠭᠡᠢ ᠠᠴᠠ ᠪᠣᠯᠵᠤ ᠭᠠᠴᠠᠭ᠎ᠠ ᠲᠣᠰᠬᠤᠨ ᠤ | ᠱᠠᠲᠤᠨ ᠤ ᠥᠷᠢ ᠦᠭᠴᠡᠭᠡ ᠭᠠᠷᠭᠠᠭᠰᠠᠨ ᠪᠣᠯ ︽ᠬᠡᠨ ᠦᠷᠢ ᠲᠠᠯᠪᠢᠪᠠᠯ ᠲᠡᠷᠡ ᠬᠠᠷᠢᠭᠤᠴᠠᠬᠤ︾ ᠵᠠᠷᠴᠢᠮ ᠢᠶᠠᠷ | ᠰᠢᠢᠳᠪᠦᠷᠢᠯᠡᠬᠦ ᠶᠢᠨ ᠬᠠᠮᠲᠤ ᠭᠤᠣᠯ ᠬᠠᠷᠢᠭᠤᠴᠠᠯᠭᠠᠲᠠᠨ ᠪᠣᠯᠣᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠳᠠᠯᠠᠳᠤᠭᠠᠷ ᠵᠦᠢᠯ ᠲᠥᠷᠥ ᠶᠢᠨ ᠪᠣᠳᠣᠯᠭ᠎ᠠ ᠶᠢᠨ ᠲᠣᠭᠲᠠᠭᠠᠯ ᠠᠴᠠ ᠭᠠᠳᠠᠭᠤᠷ ᠰᠣᠬᠤᠷ ᠪᠠᠯᠠᠢ ᠪᠠᠷ | ᠰᠢᠢᠳᠪᠦᠷᠢᠲᠦ ᠪᠣᠳᠣᠯᠭ᠎ᠠ ᠭᠠᠷᠭᠠᠵᠤ᠂ ᠵᠠᠰᠠᠭ ᠤᠨ ᠠᠵᠢᠯ ᠤᠨ ᠠᠮᠵᠢᠯᠳᠠ ᠪᠦᠲᠦᠮᠵᠢ ᠭᠠᠷᠭᠠᠬᠤ ᠶᠢᠨ ᠲᠥᠯᠥᠭᠡ | ᠥᠷᠢ ᠲᠠᠯᠪᠢᠭᠰᠠᠨ ᠭᠠᠴᠠᠭ᠎ᠠ ᠲᠣᠰᠬᠤᠨ ᠤ ᠺᠠᠳ᠋ᠷ ᠲᠤ ᠪᠣᠯ ᠨᠢᠭᠡ ᠯᠠ ᠫᠢᠶᠣᠣ ᠪᠠᠷ ᠦᠯᠦ ᠵᠦᠪᠰᠢᠶᠡᠷᠡᠬᠦ ᠶᠢ | ᠬᠡᠷᠡᠭᠵᠢᠭᠦᠯᠬᠦ ᠬᠡᠷᠡᠭᠲᠡᠢ᠃ | ᠵᠢᠷᠭᠤᠳᠤᠭᠠᠷ ᠪᠦᠯᠦᠭ ᠫᠢᠶᠣᠣ ᠪᠠᠷᠢᠮᠲᠠ ᠶᠢᠨ ᠬᠠᠮᠢᠶᠠᠷᠤᠯᠲᠠ | ᠳᠠᠯᠠᠨ ᠨᠢᠭᠡᠳᠦᠭᠡᠷ ᠵᠦᠢᠯ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠬᠡᠪᠴᠢᠶ᠎ᠡ ᠨᠢ ᠦᠨᠡᠲᠦ ᠲᠡᠮᠳᠡᠭ᠂ | ᠪᠠᠩᠬᠢ ᠶᠢᠨ ᠵᠣᠭᠤᠰᠤᠨ ᠪᠠᠷᠢᠮᠲᠠ᠂ ᠵᠣᠭᠤᠰ ᠬᠤᠷᠢᠶᠠᠭᠰᠠᠨ ᠪᠠᠷᠢᠮᠲᠠ ᠪᠣᠯᠣᠨ᠎ᠠ᠃ | ᠳᠠᠯᠠᠨ ᠬᠤᠶᠠᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠨᠢ ᠡᠷᠬᠡᠪᠰᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠢᠭᠡᠳᠦᠯᠲᠡᠢ ᠳᠠᠷᠤᠮᠠᠯᠯᠠᠨ | ᠵᠣᠬᠢᠶᠠᠭᠰᠠᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠤᠰᠬᠠᠢ | ᠬᠡᠷᠡᠭᠯᠡᠬᠦ ᠵᠣᠭᠤᠰ ᠬᠤᠷᠢᠶᠠᠭᠰᠠᠨ ᠪᠠᠷᠢᠮᠲᠠ ᠶᠢ ᠬᠡᠷᠡᠭᠯᠡᠬᠦ ᠬᠡᠷᠡᠭᠲᠡᠢ᠃ ᠵᠣᠭᠤᠰ ᠬᠤᠷᠢᠶᠠᠭᠰᠠᠨ ᠪᠠᠷᠢᠮᠲᠠ ᠶᠢ ᠲᠤᠰᠬᠠᠢ | ᠬᠥᠮᠥᠨ ᠬᠠᠷᠢᠭᠤᠴᠠᠨ ᠠᠪᠴᠤ᠂ ᠬᠠᠳᠠᠭᠠᠯᠠᠵᠤ ᠬᠠᠮᠢᠶᠠᠷᠬᠤ ᠬᠡᠷᠡᠭᠲᠡᠢ᠃ | ᠳᠠᠯᠠᠨ ᠭᠤᠷᠪᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠨᠢᠭᠲᠠᠯᠠᠨ ᠪᠣᠳᠣᠭᠴᠢ ᠶᠢᠨ ᠨᠠᠶᠢᠳᠠᠨ | ᠣᠷᠣᠯᠠᠭᠤᠯᠬᠤ ᠶᠢ ᠡᠭᠦᠷᠭᠡᠯᠡᠭᠰᠡᠨ ᠪᠠᠶᠢᠭᠤᠯᠤᠮᠵᠢ ᠨᠢ ᠡᠷᠬᠡᠪᠰᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠵᠤ ᠫᠢᠶᠣᠣ | ᠪᠠᠷᠢᠮᠲᠠ ᠠᠪᠬᠤ᠂ ᠬᠢᠨᠠᠵᠤ ᠭᠠᠷᠭᠠᠵᠦ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠬᠠᠭᠤᠴᠢᠨ ᠫᠢᠶᠣᠣ | ᠪᠠᠷᠢᠮᠲᠠ ᠪᠠᠨ ᠬᠢᠨᠠᠵᠤ ᠭᠠᠷᠭᠠᠭᠰᠠᠨ ᠦᠭᠡᠢ ᠪᠤᠯ ᠰᠢᠨ᠎ᠡ ᠫᠢᠶᠣᠣ ᠪᠠᠷᠢᠮᠲᠠ ᠠᠪᠴᠤ ᠬᠡᠷᠡᠭᠯᠡᠵᠦ ᠪᠣᠯᠬᠤ ᠦᠭᠡᠢ᠃ | ᠳᠠᠯᠠᠨ ᠳᠥᠷᠪᠡᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠵᠣᠭᠤᠰ ᠬᠤᠷᠢᠶᠠᠭᠰᠠᠨ ᠪᠠᠷᠢᠮᠲᠠ ᠶᠢ ᠵᠦᠪᠬᠡᠨ ︽ᠨᠢᠭᠡ ᠤᠴᠢᠷ ᠢ ᠨᠢᠭᠡ ᠵᠥᠪᠯᠡᠬᠦ︾ ᠶᠢᠨ ᠪᠡᠯᠡ | ᠴᠤᠭᠯᠠᠭᠤᠯᠬᠤ᠂ ᠲᠠᠷᠢᠶᠠᠴᠢᠳ ᠤᠨ ᠰᠠᠶᠢᠨ ᠳᠤᠷ᠎ᠠ ᠠᠴᠠ ᠪᠠᠨ ︽ᠨᠢᠭᠡ ᠤᠴᠢᠷ ᠢ ᠨᠢᠭᠡ ᠵᠥᠪᠯᠡᠬᠦ︾ ᠶᠢᠨ | ᠬᠥᠳᠡᠯᠮᠦᠷᠢ ᠬᠦᠴᠦ ᠴᠤᠭᠯᠠᠭᠤᠯᠬᠤ ᠳᠤ ᠪᠡᠯᠡ ᠮᠥᠩᠭᠦ ᠬᠥᠳᠡᠯᠮᠦᠷᠢ ᠬᠦᠴᠦ ᠶᠢ ᠨᠢ ᠣᠷᠤᠯᠠᠭᠤᠯᠤᠭᠰᠠᠨ ᠵᠣᠭᠤᠰ᠂ | ᠳᠠᠭᠠᠭᠠᠴᠢᠯᠠᠭᠰᠠᠨ ᠵᠣᠭᠤᠰ᠂ ᠬᠠᠮᠲᠤ ᠪᠠᠷ ᠦᠢᠯᠡᠳᠪᠦᠷᠢᠯᠡᠭᠰᠡᠨ ᠦᠢᠯᠡᠴᠢᠯᠡᠭᠡᠨ ᠤ ᠰᠦᠢᠳᠬᠡᠯ᠂ ᠬᠤᠷᠢᠶᠠᠵᠤ | ᠲᠤᠰᠢᠶᠠᠬᠤ ᠶᠢ ᠣᠷᠤᠯᠠᠭᠤᠯᠬᠤ ᠵᠢᠴᠢ ᠪᠤᠰᠤᠳ ᠬᠠᠷᠢᠯᠴᠠᠭᠠᠨ ᠤ ᠳᠠᠩᠰᠠᠨ ᠳᠤ ᠬᠡᠷᠡᠭᠯᠡᠨ᠎ᠡ᠃ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠣᠰᠤ ᠠᠵᠤ ᠠᠬᠤᠢ ᠶᠢᠨ ᠠᠵᠢᠯᠯᠠᠭ᠎ᠠ ᠪᠣᠯᠣᠨ | ᠡᠵᠡᠩᠨᠡᠯᠲᠡ ᠶᠢᠨ ᠴᠢᠨᠠᠷ ᠲᠠᠢ ᠰᠦᠢᠳᠬᠡᠯ ᠬᠤᠷᠢᠶᠠᠬᠤ ᠳᠤ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠳᠠᠯᠠᠨ ᠲᠠᠪᠤᠳᠤᠭᠠᠷ ᠵᠦᠢᠯ ᠵᠣᠭᠤᠰ ᠬᠤᠷᠢᠶᠠᠭᠰᠠᠨ ᠪᠠᠷᠢᠮᠲᠠ ᠳᠤ ᠲᠠᠭᠯᠠᠨ ᠪᠢᠴᠢᠭᠰᠡᠨ ᠠᠭᠤᠯᠭ᠎ᠠ ᠨᠢ | ᠡᠷᠬᠡᠪᠰᠢ ᠪᠦᠷᠢᠨ ᠭᠦᠢᠴᠡᠳ ᠪᠠᠶᠢᠵᠤ᠂ ᠦᠰᠦᠭ ᠤᠨ ᠲᠢᠭ ᠨᠢ ᠲᠣᠳᠣᠷᠬᠠᠢ᠂ ᠲᠠᠮᠠᠭ᠎ᠠ ᠨᠢ ᠪᠦᠷᠢᠨ ᠪᠠᠶᠢᠬᠤ | ᠬᠡᠷᠡᠭᠲᠡᠢ᠃ ᠳᠡᠪᠲᠡᠷ ᠨᠤᠮᠤᠷ ᠨᠢ ᠵᠠᠯᠭᠠᠯᠳᠤᠭᠰᠠᠨ ᠪᠠᠶᠢᠵᠤ᠂ ᠬᠠᠷᠢᠨ ᠳᠡᠪᠲᠡᠷ ᠨᠤᠮᠤᠷ ᠨᠢ ᠠᠯᠤᠰᠯᠠᠭᠰᠠᠨ ᠪᠠᠶᠢᠵᠤ | ᠪᠣᠯᠬᠤ ᠦᠭᠡᠢ᠂ ᠬᠡᠷᠪᠡ ᠠᠳᠡᠭᠦᠦ ᠪᠣᠷᠤᠭᠤ ᠲᠠᠭᠯᠠᠭᠰᠠᠨ ᠪᠣᠯ ᠠᠰ ᠲᠤᠨᠢ ᠲᠠᠭᠯᠠᠵᠤ ᠪᠢᠴᠢᠬᠦ ᠬᠡᠷᠡᠭᠲᠡᠢ᠃ ᠪᠤᠷᠤᠭᠤ | ᠲᠠᠭᠯᠠᠭᠰᠠᠨ ᠪᠠᠷᠢᠮᠲᠠ ᠳᠤ ᠲᠠᠮᠠᠭ᠎ᠠ ᠳᠠᠷᠤᠵᠤ ᠬᠦᠴᠦᠨ ᠦᠭᠡᠢ ᠪᠣᠯᠣᠭᠰᠠᠨ ᠢᠶᠠᠷ ᠲᠡᠮᠳᠡᠭᠯᠡᠵᠦ᠂ ᠡᠯ᠎ᠡ ᠬᠡᠯᠬᠢᠶ᠎ᠡ | ᠬᠠᠭᠤᠳᠠᠰᠤ ᠶᠢ ᠪᠦᠷᠢᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠵᠦ᠂ ᠪᠠᠯᠠᠯᠵᠤ ᠥᠭᠡᠷᠡᠴᠢᠯᠡᠨ ᠤᠬᠤᠵᠤ ᠨᠥᠬᠦᠬᠦ | ᠪᠣᠶᠤ ᠥᠪᠡᠷᠲᠡᠭᠡᠨ ᠤᠰᠠᠳᠬᠠᠵᠤ ᠪᠣᠯᠬᠤ ᠦᠭᠡᠢ᠃ | ᠳᠠᠯᠠᠨ ᠵᠢᠷᠭᠤᠳᠤᠭᠠᠷ ᠵᠦᠢᠯ ᠵᠣᠭᠤᠰ ᠬᠤᠷᠢᠶᠠᠭᠰᠠᠨ ᠪᠠᠷᠢᠮᠲᠠ ᠶᠢ ᠭᠡᠭᠡᠵᠦ ᠣᠷᠬᠢᠪᠠᠯ᠂ ᠡᠷᠬᠡᠪᠰᠢ ᠴᠠᠭ | ᠲᠤᠬᠠᠢ ᠳᠤᠨᠢ ᠬᠤᠰᠢᠭᠤ ᠰᠢᠶᠠᠨ ᠤ ᠱᠠᠲᠤᠨ ᠤ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠳᠡᠨ | ᠬᠦᠴᠦᠨ ᠦᠭᠡᠢ ᠪᠣᠯᠠᠭᠠᠬᠤ ᠬᠡᠷᠡᠭᠲᠡᠢ᠃ ᠨᠢᠭᠡᠨᠲᠡ ᠬᠡᠷᠡᠭᠯᠡᠵᠦ ᠳᠠᠭᠤᠰᠤᠭᠰᠠᠨ ᠵᠣᠭᠤᠰ ᠬᠤᠷᠢᠶᠠᠭᠰᠠᠨ ᠪᠠᠷᠢᠮᠲᠠ ᠶᠢᠨ | ᠦᠯᠡᠳᠡᠭᠡᠰᠤ ᠶᠢ ᠪᠣᠯ ᠰᠣᠮᠣ ᠰᠢᠶᠠᠩ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠪᠣᠶᠤ ᠡᠵᠡᠩᠨᠡᠯᠲᠡ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠥᠬᠦᠢ ᠪᠠᠶᠢᠭᠤᠯᠤᠮᠵᠢ ᠳᠤ ᠲᠤᠰᠢᠶᠠᠨ ᠲᠣᠬᠢᠲᠠᠢ | ᠬᠠᠳᠠᠭᠠᠯᠠᠵᠤ ᠬᠠᠮᠢᠶᠠᠷᠣᠭᠤᠯᠣᠨ᠂ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠲᠣᠭᠲᠠᠭᠰᠠᠨ ᠳᠡᠰ ᠳᠠᠷᠠᠭᠠᠯᠠᠯ ᠢᠶᠠᠷ | ᠳᠠᠩᠰᠠᠨ ᠠᠴᠠ ᠬᠢᠨᠠᠵᠤ ᠭᠠᠷᠭᠠᠬᠤ ᠬᠡᠷᠡᠭᠲᠡᠢ᠃ | ᠳᠣᠯᠣᠳᠣᠭᠠᠷ ᠪᠥᠯᠦᠭ ᠡᠳ᠋ ᠤᠨ ᠶᠠᠪᠤᠳᠠᠯ ᠢ ᠢᠯᠡ ᠪᠣᠯᠭᠠᠵᠤ ᠠᠷᠠᠳᠴᠢᠯᠠᠯ ᠢᠶᠠᠷ ᠡᠳ᠋ ᠤᠨ | ᠶᠠᠪᠤᠳᠠᠯ ᠢ ᠬᠠᠮᠢᠶᠠᠷᠬᠤ | ᠳᠠᠯᠠᠨ ᠳᠣᠯᠣᠳᠣᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠣᠯᠠᠨ ᠲᠦᠮᠡᠨ ᠤ ᠣᠶᠢᠯᠠᠭᠠᠬᠤ ᠪᠠ ᠬᠦᠯᠢᠶᠡᠵᠦ ᠠᠪᠬᠤ ᠳᠤ ᠳᠥᠭᠦᠮ ᠬᠡᠯᠪᠡᠷᠢ ᠮᠠᠶ᠋ᠢᠭ ᠢᠶᠠᠷ᠂ | ᠡᠳ᠋ ᠤᠨ ᠶᠠᠪᠤᠳᠠᠯ ᠢ ᠢᠯᠡ ᠪᠣᠯᠭᠠᠵᠤ ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠬᠢᠨᠠᠯᠲᠠ ᠲᠠᠯᠪᠢᠯᠲᠠ ᠶᠢᠨ | ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ | ᠲᠠᠯᠪᠢᠬᠤ ᠡᠷᠬᠡ᠂ ᠰᠢᠢᠳᠪᠦᠷᠢᠲᠦ ᠪᠣᠳᠤᠯᠭ᠎ᠠ ᠲᠣᠭᠲᠠᠭᠠᠬᠤ ᠡᠷᠬᠡ ᠶᠢ ᠨᠢ ᠪᠠᠲᠤᠯᠠᠬᠤ ᠬᠡᠷᠡᠭᠲᠡᠢ᠃ | ᠳᠠᠯᠠᠨ ᠨᠠᠢᠮᠠᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠡᠳ᠋ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠨᠢ᠄ ᠡᠳ᠋ ᠤᠨ ᠶᠠᠪᠤᠳᠠᠯ ᠤᠨ ᠲᠥᠯᠥᠪᠯᠡᠭᠡ᠂ | ᠡᠯ᠎ᠡ ᠵᠦᠢᠯ ᠤᠨ ᠣᠷᠣᠯᠭ᠎ᠠ ᠵᠠᠷᠤᠯᠭ᠎ᠠ᠂ ᠡᠯ᠎ᠡ ᠵᠦᠢᠯ ᠤᠨ ᠡᠳ᠋ ᠬᠥᠷᠥᠩᠭᠡ᠂ ᠡᠬᠢ ᠪᠠᠶᠠᠯᠢᠭ ᠵᠢᠴᠢ | ᠰᠢᠢᠳᠪᠦᠷᠢᠯᠡᠭᠰᠡᠨ ᠪᠠᠶᠢᠳᠠᠯ᠂ ᠠᠪᠴᠠᠭᠠᠨ ᠤ ᠡᠷᠬᠡ ᠥᠷᠢ ᠥᠭᠴᠡᠭᠡ᠂ ᠠᠰᠢᠭ ᠣᠷᠣᠯᠭ᠎ᠠ ᠶᠢᠨ ᠬᠤᠪᠢᠶᠠᠷᠢᠯᠠᠯ᠂ ︽ | ᠨᠢᠭᠡ ᠤᠴᠢᠷ ᠢ ᠨᠢᠭᠡ ᠵᠦᠪᠯᠡᠬᠦ︾ ᠡᠳ᠋ ᠤᠨ ᠵᠠᠰᠠᠭ ᠤᠨ ᠱᠠᠩᠨᠠᠯ ᠨᠥᠬᠦᠪᠦᠷᠢ᠂ ᠭᠠᠵᠠᠷ ᠲᠠᠲᠠᠪᠤᠷᠢᠯᠠᠬᠤ | ᠨᠥᠬᠦᠪᠦᠷᠢ ᠶᠢᠨ ᠵᠠᠷᠤᠳᠠᠯ᠂ ᠮᠠᠯᠴᠢᠨ ᠲᠠᠷᠢᠶᠠᠴᠢᠳ ᠲᠤ ᠰᠢᠭᠤᠳ ᠨᠥᠬᠦᠪᠦᠷᠢᠯᠡᠵᠦ ᠥᠭᠬᠦ ᠨᠥᠬᠦᠪᠦᠷᠢ ᠶᠢᠨ ᠪᠡᠯᠡ | ᠮᠥᠩᠭᠦ᠂ ᠲᠠᠷᠢᠶᠠᠯᠠᠩ ᠮᠠᠯ ᠠᠵᠤ ᠠᠬᠤᠢ ᠶᠢᠨ ᠵᠢᠵᠢᠭ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠥᠲᠦᠭᠡᠨ | ᠪᠠᠶᠢᠭᠤᠯᠤᠯᠲᠠ ᠶᠢᠨ ᠨᠥᠬᠦᠪᠦᠷᠢ ᠵᠢᠴᠢ ᠣᠯᠠᠨ ᠲᠦᠮᠡᠨ ᠠᠴᠠ ᠢᠯᠡ ᠪᠣᠯᠭᠠᠬᠤ ᠶᠢ ᠱᠠᠭᠠᠷᠳᠠᠭᠰᠠᠨ ᠪᠣᠰᠤᠳ ᠡᠳ᠋ ᠤᠨ | ᠶᠠᠪᠤᠳᠠᠯ ᠤᠨ ᠤᠴᠢᠷ ᠤᠳ ᠪᠣᠯᠣᠨ᠎ᠠ᠃ | ᠳᠠᠯ᠎ᠠ ᠶᠢᠰᠦᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠣᠯᠲᠠ ᠠᠴᠠ ᠨᠡᠶᠢᠲᠡᠯᠡᠭᠰᠡᠨ ᠡᠳ᠋ ᠤᠨ ᠶᠠᠪᠤᠳᠠᠯ ᠤᠨ ᠳᠠᠩᠰᠠ ᠬᠠᠷ᠎ᠠ ᠶᠢ ᠡᠷᠬᠡᠪᠰᠢ ᠭᠠᠴᠠᠭ᠎ᠠ ᠲᠣᠰᠬᠤᠨ ᠤ | ᠠᠷᠠᠳ ᠤᠨ ᠬᠢᠨᠠᠯᠲᠠ ᠲᠠᠯᠪᠢᠬᠤ ᠵᠦᠪᠯᠡᠯ ︵ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠳᠤᠭᠤᠶᠢᠯᠠᠩ︶ | ᠢᠶᠠᠷ ᠬᠢᠨᠠᠨ ᠬᠠᠷᠭᠤᠭᠤᠯᠵᠤ᠂ ᠡᠳ᠋ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠶᠢ ᠰᠣᠮᠣ ᠰᠢᠶᠠᠩ ᠪᠠᠯᠭᠠᠰᠤ ᠶᠢᠨ | ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠪᠣᠶᠤ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠦᠬᠦᠢ ᠪᠠᠶᠢᠭᠤᠯᠤᠮᠵᠢ ᠪᠠᠷ ᠬᠢᠨᠠᠨ ᠵᠦᠪᠰᠢᠶᠡᠷᠡᠭᠦᠯᠵᠦ ᠦᠨᠡᠮᠰᠢᠭᠦᠯᠬᠦ ᠶᠢᠨ ᠬᠠᠮᠲᠤ ᠭᠠᠴᠠᠭ᠎ᠠ | ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ᠂ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ | ᠲᠠᠯᠪᠢᠬᠤ ᠵᠦᠪᠯᠡᠯ ︵ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠳᠤᠭᠤᠶᠢᠯᠠᠩ︶ ᠤᠨ ᠬᠠᠷᠢᠭᠤᠴᠠᠯᠭᠠᠲᠠᠨ | ᠪᠣᠯᠣᠨ ᠭᠤᠣᠯᠴᠢᠯᠠᠨ ᠬᠠᠮᠢᠶᠠᠷᠴᠤ ᠪᠥᠬᠦᠢ ᠨᠢᠭᠲᠠᠯᠠᠨ ᠪᠣᠳᠣᠭᠴᠢ ᠠᠴᠠ ᠭᠠᠷ ᠤᠨ ᠦᠰᠦᠭ ᠵᠢᠷᠤᠬᠤ ᠬᠡᠷᠡᠭᠲᠡᠢ᠃ | ᠨᠠᠶᠠᠳᠤᠭᠠᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠡᠳ᠋ ᠤᠨ ᠶᠠᠪᠤᠳᠠᠯ ᠢ ᠢᠯᠡ ᠪᠣᠯᠭᠠᠬᠤ ᠬᠡᠯᠪᠡᠷᠢ ᠳᠤ ᠪᠣᠲᠠᠲᠠᠢ᠂ ᠪᠤᠳᠠᠳᠤ ᠬᠡᠷᠡᠭᠯᠡᠭᠡ᠂ ᠪᠣᠳᠠᠳᠣ ᠪᠥᠲᠦᠮᠵᠢᠲᠡᠢ ᠪᠠᠶᠢᠬᠤ | ᠵᠠᠷᠴᠢᠮ ᠢ ᠪᠠᠷᠢᠮᠲᠠᠯᠠᠵᠤ᠂ ᠡᠳ᠋ ᠤᠨ ᠶᠠᠪᠤᠳᠠᠯ ᠢ ᠢᠯᠡ ᠪᠣᠯᠭᠠᠬᠤ ᠴᠠᠭ ᠬᠤᠭᠤᠴᠠᠭ᠎ᠠ ᠶᠢ ᠢᠯᠡ ᠪᠣᠯᠭᠠᠬᠤ | ᠠᠭᠤᠯᠭ᠎ᠠ ᠪᠠᠨ ᠦᠨᠳᠦᠰᠦᠯᠡᠨ ᠴᠠᠭ ᠲᠤᠬᠠᠢ ᠳᠤᠨᠢ ᠢᠯᠡ ᠪᠣᠯᠭᠠᠬᠤ ᠬᠡᠷᠡᠭᠲᠡᠢ᠃ ᠵᠢᠯ ᠤᠨ ᠡᠬᠢᠨ ᠳᠤ ᠡᠳ᠋ ᠤᠨ | ᠶᠠᠪᠤᠳᠠᠯ ᠤᠨ ᠲᠥᠯᠥᠪᠯᠡᠭᠡ ᠶᠢ ᠨᠡᠶᠢᠲᠡᠯᠡᠵᠦ᠂ ᠰᠠᠷ᠎ᠠ ᠪᠦᠷᠢ ᠪᠣᠶᠤ ᠤᠯᠠᠷᠢᠯ ᠪᠦᠷᠢ ᠳᠤ ᠨᠢᠭᠡ ᠤᠳᠠᠭ᠎ᠠ ᠡᠯ᠎ᠡ | ᠵᠦᠢᠯ ᠤᠨ ᠣᠷᠣᠯᠭ᠎ᠠ᠂ ᠵᠠᠷᠤᠯᠭ᠎ᠠ ᠶᠢᠨ ᠪᠠᠶᠢᠳᠠᠯ ᠢᠶᠠᠨ ᠨᠡᠶᠢᠲᠡᠯᠡᠵᠦ᠂ ᠵᠢᠯ ᠤᠨ ᠰᠡᠭᠦᠯᠴᠢ ᠳᠤ ᠡᠯ᠎ᠡ ᠵᠦᠢᠯ ᠤᠨ ᠡᠳ᠋ | ᠬᠥᠷᠥᠩᠭᠡ᠂ ᠠᠪᠴᠠᠭᠠᠨ ᠤ ᠡᠷᠬᠡ ᠥᠷᠢ ᠥᠭᠴᠡᠭᠡ᠂ ᠠᠰᠢᠭ ᠣᠷᠣᠯᠭ᠎ᠠ ᠶᠢᠨ ᠬᠤᠪᠢᠶᠠᠷᠢᠯᠠᠯ᠂ ᠣᠷᠣᠯᠠᠵᠤ | ᠬᠤᠷᠢᠶᠠᠵᠤ ᠲᠤᠰᠢᠶᠠᠭᠰᠠᠨ ᠵᠠᠷᠤᠳᠠᠯ ᠤᠨ ᠪᠠᠶᠢᠳᠠᠯ ᠢ ᠨᠡᠶᠢᠲᠡᠯᠡᠬᠦ ᠬᠡᠷᠡᠭᠲᠡᠢ᠃ ᠣᠯᠠᠩᠬᠢ ᠲᠣᠭᠠᠨ ᠤ ᠭᠠᠴᠠᠭ᠎ᠠ | ᠲᠣᠰᠬᠤᠨ ᠤ ᠠᠷᠠᠳ ᠪᠣᠶᠤ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠵᠦᠪᠯᠡᠯ ︵ᠠᠷᠠᠳᠴᠢᠯᠠᠯ ᠢᠶᠠᠷ | ᠡᠳ᠋ ᠤᠨ ᠶᠠᠪᠤᠳᠠᠯ ᠢ ᠬᠠᠮᠢᠶᠠᠷᠬᠤ ᠳᠤᠭᠤᠶᠢᠯᠠᠩ︶ ᠠᠴᠠ ᠢᠯᠡ ᠪᠣᠯᠭᠠᠬᠤ ᠶᠢ ᠱᠠᠭᠠᠷᠳᠠᠭᠰᠠᠨ ᠡᠳ᠋ ᠤᠨ ᠶᠠᠪᠤᠳᠠᠯ ᠤᠨ | ᠠᠵᠢᠯᠯᠠᠭ᠎ᠠ ᠶᠢ ᠴᠠᠭ ᠲᠤᠬᠠᠢ ᠳᠤᠨᠢ ᠲᠤᠰᠬᠠᠢ ᠲᠥᠷᠥᠯ ᠢᠶᠠᠷ ᠢᠯᠡ ᠪᠣᠯᠭᠠᠬᠤ ᠬᠡᠷᠡᠭᠲᠡᠢ᠃ | ᠨᠠᠶᠠᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠺᠠᠳ᠋ᠷ ᠤᠨ ᠬᠠᠷᠠᠮᠵᠢ᠂ ᠦᠢᠯᠡᠳᠪᠦᠷᠢᠯᠡᠯ ᠡᠵᠡᠩᠨᠡᠯᠲᠡ | ᠪᠣᠯᠣᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠳᠠᠭᠠᠭᠠᠴᠢᠯᠠᠭᠤᠯᠬᠤ᠂ ᠬᠠᠮᠲᠤ ᠶᠢᠨ ᠡᠳ᠋ ᠬᠥᠷᠥᠩᠭᠡ | ᠪᠣᠯᠣᠨ ᠡᠬᠢ ᠪᠠᠶᠠᠯᠢᠭ ᠢ ᠲᠣᠬᠢᠷᠠᠭᠤᠯᠬᠤ᠂ ᠭᠠᠵᠠᠷ ᠰᠢᠷᠤᠢ ᠲᠠᠲᠠᠪᠤᠷᠢᠯᠠᠨ ᠬᠡᠷᠡᠭᠯᠡᠬᠦ ᠨᠥᠬᠦᠪᠦᠷᠢ ᠶᠢᠨ ᠬᠤᠪᠢᠶᠠᠷᠢᠯᠠᠯ | ᠬᠢᠭᠡᠳ ᠬᠡᠷᠡᠭᠯᠡᠯᠲᠡ᠂ ︽ᠨᠢᠭᠡ ᠤᠴᠢᠷ ᠢ ᠨᠢᠭᠡ ᠵᠦᠪᠯᠡᠬᠦ︾ ᠶᠢᠨ ᠪᠡᠯᠡ ᠮᠦᠡᠭᠬᠦ ᠬᠥᠳᠡᠯᠮᠦᠷᠢ ᠬᠦᠴᠦ | ᠴᠤᠭᠯᠠᠭᠤᠯᠬᠤ᠂ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠳᠤ ᠥᠭᠬᠦ ᠡᠯ᠎ᠡ ᠵᠦᠢᠯ ᠤᠨ ᠨᠥᠬᠦᠪᠦᠷᠢ ᠮᠥᠩᠭᠦ᠂ | ᠳᠡᠭᠡᠳᠦ ᠱᠠᠲᠤᠨ ᠠᠴᠠ ᠥᠭᠭᠦᠭᠰᠡᠨ ᠡᠳ᠋ ᠤᠨ ᠵᠠᠰᠠᠭ ᠤᠨ ᠰᠢᠯᠵᠢᠭᠦᠯᠦᠨ ᠥᠭᠭᠦᠭᠰᠡᠨ ᠪᠡᠯᠡ ᠮᠥᠩᠭᠦ᠂ ᠨᠡᠶᠢᠭᠡᠮ ᠠᠴᠠ | ᠬᠠᠨᠳᠢᠪᠯᠡᠵᠦ ᠬᠦᠷᠬᠡᠭᠰᠡᠨ᠂ ᠬᠠᠷᠠᠭᠠᠯᠵᠠᠭᠰᠠᠨ᠂ ᠠᠰᠠᠷᠠᠮᠵᠢ ᠵᠢᠴᠢ ᠶᠠᠳᠠᠭᠤ ᠶᠢ ᠲᠤᠰᠠᠯᠠᠵᠦ ᠳᠡᠳᠬᠦᠬᠦ ᠵᠣᠭᠤᠰ ᠵᠡᠷᠭᠡ | ᠡᠳ᠋ ᠤᠨ ᠶᠠᠪᠤᠳᠠᠯ ᠤᠨ ᠵᠦᠢᠯ ᠤᠳ ᠢ ᠴᠠᠭ ᠲᠤᠬᠠᠢ ᠳᠤᠨᠢ ᠵᠦᠢᠯ ᠳᠠᠷᠠᠭᠠᠯᠠᠨ ᠢᠯᠡ ᠪᠣᠯᠭᠠᠬᠤ ᠬᠡᠷᠡᠭᠲᠡᠢ᠃ | ᠨᠠᠶᠠᠨ ᠬᠤᠶᠠᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠵᠦᠪᠯᠡᠯ ︵ | ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠳᠤᠭᠤᠶᠢᠯᠠᠩ︶ ᠠᠴᠠ ᠡᠳ᠋ ᠤᠨ ᠶᠠᠪᠤᠳᠠᠯ ᠢ ᠢᠯᠡ ᠪᠣᠯᠭᠠᠭᠰᠠᠨ | ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃ | ᠨᠠᠶᠠᠨ ᠭᠤᠷᠪᠠᠳᠤᠭᠠᠷ ᠵᠦᠢᠯ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠳᠤ ᠡᠯ᠎ᠡ | ᠵᠦᠢᠯ ᠤᠨ ᠡᠳ᠋ ᠤᠨ ᠶᠠᠪᠤᠳᠠᠯ ᠤᠨ ᠠᠵᠢᠯᠯᠠᠭ᠎ᠠ ᠪᠣᠯᠬᠤ᠂ ᠡᠯ᠎ᠡ ᠵᠦᠢᠯ ᠤᠨ ᠡᠳ᠋ ᠤᠨ ᠶᠠᠪᠤᠳᠠᠯ ᠤᠨ ᠲᠥᠯᠥᠪᠯᠡᠭᠡ | ᠵᠢᠴᠢ ᠴᠢᠬᠤᠯᠡ ᠶᠡᠭᠡ ᠡᠳ᠋ ᠤᠨ ᠶᠠᠪᠤᠳᠠᠯ ᠤᠨ ᠵᠦᠢᠯ ᠳᠤ ᠠᠷᠭ᠎ᠠ ᠪᠠᠷᠢᠯ ᠲᠣᠭᠲᠠᠭᠠᠬᠤ ᠳᠤ ᠴᠦᠮ ᠠᠷᠠᠳᠴᠢᠯᠠᠯ ᠤᠨ | ᠳᠡᠰ ᠳᠠᠷᠠᠭᠠᠯᠠᠯ ᠢ ᠭᠦᠢᠴᠡᠳᠬᠡᠵᠦ᠂ ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠴᠤ᠂ ᠠᠷᠠᠳᠴᠢᠯᠠᠯ ᠢᠶᠠᠷ | ᠰᠢᠢᠳᠪᠦᠷᠢᠲᠦ ᠪᠣᠳᠤᠯᠭ᠎ᠠ ᠲᠣᠭᠲᠠᠭᠠᠬᠤ ᠬᠡᠷᠡᠭᠲᠡᠢ᠃ | ᠨᠠᠶᠠᠨ ᠳᠥᠷᠪᠡᠳᠦᠭᠡᠷ ᠵᠦᠢᠯ ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠳᠤᠭᠤᠶᠢᠯᠠᠩ ᠨᠤᠭᠤᠳ | ᠲᠣᠭᠲᠠᠭᠰᠠᠨ ᠳᠡᠰ ᠳᠠᠷᠠᠭᠠᠯᠠᠯ ᠢᠶᠠᠷ ᠠᠵᠢᠯᠯᠠᠵᠦ᠂ ᠡᠳ᠋ ᠤᠨ ᠶᠠᠪᠤᠳᠠᠯ᠂ ᠬᠠᠮᠢᠶᠠᠷᠤᠯᠲᠠ ᠶᠢᠨ ᠮᠡᠳᠡᠯᠭᠡ ᠶᠢ | ᠪᠦᠷᠢᠳᠦᠭᠦᠯᠬᠦ ᠶᠢᠨ ᠬᠠᠮᠲᠤ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠵᠤ᠂ ᠳᠤᠷ᠎ᠠ ᠪᠠᠷ ᠬᠤᠪᠢᠷᠠᠭᠤᠯᠬᠤ | ᠪᠣᠶᠤ ᠰᠣᠯᠢᠵᠤ ᠪᠣᠯᠬᠤ ᠦᠭᠡᠢ᠃ | ᠨᠠᠶᠠᠨ ᠲᠠᠪᠤᠳᠤᠭᠠᠷ ᠵᠦᠢᠯ ᠠᠷᠠᠳᠴᠢᠯᠠᠯ ᠢᠶᠠᠷ ᠰᠢᠢᠳᠪᠦᠷᠢᠲᠦ ᠪᠣᠳᠤᠯᠭ᠎ᠠ ᠲᠣᠭᠲᠠᠭᠠᠬᠤ ᠬᠡᠪᠴᠢᠶ᠎ᠡ ᠳᠤ᠄ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠤᠲᠤᠷᠠᠬᠢ ᠴᠢᠬᠤᠯᠡ ᠶᠡᠭᠡ | ᠰᠢᠢᠳᠪᠦᠷᠢᠲᠦ ᠪᠣᠳᠤᠯᠭ᠎ᠠ ᠲᠤᠭᠳᠠᠭᠠᠬᠤ᠂ ᠴᠢᠬᠤᠯᠡ ᠶᠡᠭᠡ ᠲᠥᠷᠥᠯ ᠵᠦᠢᠯ ᠲᠣᠬᠢᠷᠠᠭᠤᠯᠬᠤ᠂ ᠴᠢᠬᠤᠯᠡ ᠪᠥᠬᠦᠢ | ᠠᠵᠢᠯᠲᠠᠨ ᠢ ᠣᠷᠢᠨ ᠬᠡᠷᠡᠭᠯᠡᠬᠦ ᠪᠠ ᠶᠡᠭᠡ ᠲᠤᠭ᠎ᠠ ᠬᠡᠮᠵᠢᠶᠡᠨ ᠤ ᠪᠡᠯᠡ ᠮᠥᠩᠭᠦ ᠬᠡᠷᠡᠭᠯᠡᠬᠦ︔ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠡᠯᠡ ᠮᠥᠩᠭᠦ᠂ ᠭᠠᠴᠠᠭ᠎ᠠ ᠲᠣᠰᠬᠤᠨ ᠤ ᠠᠷᠠᠳ ᠤᠨ | ᠥᠪᠡᠷᠲᠡᠭᠡᠨ ᠵᠠᠰᠠᠬᠤ ᠳᠤ ᠬᠤᠯᠪᠤᠭᠳᠠᠬᠤ ᠴᠢᠬᠤᠯᠡ ᠲᠥᠷᠥ ᠶᠢᠨ ᠪᠣᠳᠤᠯᠭ᠎ᠠ ᠵᠢᠴᠢ ᠭᠠᠴᠠᠭ᠎ᠠ ᠲᠣᠰᠬᠤᠨ ᠤ | ᠠᠷᠠᠳ ᠤᠨ ᠨᠡᠶᠢᠳᠡᠮ ᠳᠡᠭᠡᠨ ᠬᠠᠯᠠᠮᠵᠢᠯᠠᠵᠤ ᠪᠠᠶᠢᠭ᠎ᠠ ᠪᠣᠰᠤᠳ ᠵᠦᠢᠯ ᠤᠳ ᠪᠠᠭᠲᠠᠨ᠎ᠠ᠃ | ᠨᠠᠶᠠᠨ ᠵᠢᠷᠭᠤᠳᠤᠭᠠᠷ ᠵᠦᠢᠯ ᠠᠷᠠᠳᠴᠢᠯᠠᠯ ᠢᠶᠠᠷ ᠰᠢᠢᠳᠪᠦᠷᠢᠲᠦ ᠪᠣᠳᠤᠯᠭ᠎ᠠ ᠲᠣᠭᠲᠠᠭᠠᠬᠤ ᠳᠡᠰ ᠳᠠᠷᠠᠭᠠᠯᠠᠯ᠄ | ︽ᠲᠦᠷᠪᠡᠨ ᠠᠭᠤᠯᠭ᠎ᠠ ᠵᠢᠴᠢ ᠬᠤᠶᠠᠷ ᠢ ᠢᠯᠡ ᠪᠣᠯᠭᠠᠬᠤ︾ ᠠᠵᠢᠯᠯᠠᠬᠤ ᠠᠷᠭ᠎ᠠ ᠶᠢᠨ ᠳᠡᠰ ᠳᠠᠷᠠᠭᠠᠯᠠᠯ ᠢᠶᠠᠷ | ᠵᠦᠪᠯᠡᠨ ᠲᠣᠭᠲᠠᠬᠤ ᠬᠡᠷᠡᠭᠲᠡᠢ᠃ ᠲᠤᠬᠠᠶᠢᠯᠠᠪᠠᠯ᠄ ᠡᠭᠦᠷ ᠤᠨ ᠵᠦᠪᠯᠡᠯ ᠠᠴᠠ ᠳᠤᠷᠠᠳᠤᠯᠭ᠎ᠠ ᠭᠠᠷᠭᠠᠬᠤ᠂ ︽ᠬᠤᠶᠠᠷ | ᠵᠦᠪᠯᠡᠯ︾ ᠤᠨ ᠬᠤᠷᠠᠯ ᠠᠴᠠ ᠵᠦᠪᠳᠡᠯᠴᠡᠬᠦ᠂ ᠨᠠᠮ ᠤᠨ ᠭᠡᠰᠢᠭᠦᠨ ᠤ ᠶᠡᠭᠡ ᠬᠤᠷᠠᠯ ᠢᠶᠠᠷ ᠬᠢᠨᠠᠨ ᠵᠦᠪᠯᠡᠬᠦ᠂ | ᠭᠠᠴᠠᠭ᠎ᠠ ᠲᠣᠰᠬᠤᠨ ᠤ ᠠᠷᠠᠳ ᠤᠨ ᠶᠡᠭᠡ ᠬᠤᠷᠠᠯ ᠪᠣᠶᠤ ᠭᠠᠴᠠᠭ᠎ᠠ ᠲᠣᠰᠬᠤᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠢᠶᠠᠷ ᠰᠢᠢᠳᠪᠦᠷᠢ ᠭᠠᠷᠭᠠᠵᠤ᠂ ᠰᠢᠢᠳᠪᠦᠷᠢ᠂ ᠭᠦᠢᠴᠡᠳᠬᠡᠭᠰᠡᠨ ᠶᠠᠪᠤᠴᠠ | ᠪᠣᠯᠣᠨ ᠦᠷ᠎ᠡ ᠳ᠋ᠦᠩ ᠢ ᠢᠯᠡ ᠪᠣᠯᠭᠠᠬᠤ ᠶᠠᠪᠤᠳᠠᠯ ᠪᠤᠯᠤᠨ᠎ᠠ᠃ | ᠨᠠᠶᠠᠨ ᠳᠣᠯᠣᠳᠤᠭᠠᠷ ᠵᠦᠢᠯ ᠠᠷᠠᠳᠴᠢᠯᠠᠯ ᠢᠶᠠᠷ ᠵᠦᠪᠯᠡᠬᠦ ᠶᠢ ᠵᠢᠷᠤᠮᠵᠢᠭᠤᠯᠵᠤ᠂ ᠭᠠᠴᠠᠭ᠎ᠠ ᠲᠣᠰᠬᠤᠨ ᠤ | ᠱᠠᠲᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠲᠠᠨ ᠪᠠ ᠡᠳ᠋ ᠤᠨ ᠶᠠᠪᠤᠳᠠᠯ ᠤᠨ ᠭᠤᠣᠯ | ᠬᠠᠮᠢᠶᠠᠷᠤᠭᠴᠢ᠂ ᠭᠠᠴᠠᠭ᠎ᠠ ᠲᠣᠰᠬᠤᠨ ᠤ ᠨᠢᠭᠲᠠᠯᠠᠨ ᠪᠣᠳᠣᠭᠴᠢ ︵ᠳᠠᠩᠰᠠ ᠮᠡᠳᠡᠭᠦᠯᠦᠭᠴᠢ ᠪᠠᠭᠲᠠᠨ᠎ᠠ︶᠂ | ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠬᠠᠷᠢᠭᠤᠴᠠᠯᠭᠠᠲᠠᠳ ᠴᠥᠮ ᠬᠠᠮᠲᠤ ᠶᠢᠨ ᠪᠦᠷᠢᠯᠳᠦᠬᠦᠨ ᠤ | ᠬᠤᠷᠠᠯ ᠪᠣᠶᠤ ᠪᠦᠷᠢᠯᠳᠦᠬᠦᠨ ᠤ ᠲᠥᠯᠦᠭᠡᠯᠡᠭᠴᠢ ᠶᠢᠨ ᠬᠤᠷᠠᠯ ᠠᠴᠠ ᠲᠡᠳᠡᠬᠡᠷ ᠤᠨ ᠲᠡᠭᠦᠨ ᠤ ᠲᠤᠰᠢᠶᠠᠯ ᠢᠶᠠᠨ | ᠭᠦᠢᠴᠡᠳᠬᠡᠭᠰᠡᠨ ᠪᠠᠶᠢᠳᠠᠯ ᠳᠤ ᠵᠢᠯ ᠪᠦᠷᠢ ᠶᠠᠳᠠᠬᠤ ᠳᠤ ᠨᠢᠭᠡ ᠤᠳᠠᠭ᠎ᠠ ᠠᠷᠠᠳᠴᠢᠯᠠᠯ ᠢᠶᠠᠷ ᠵᠦᠪᠯᠡᠵᠦ᠂ ᠰᠣᠮᠣ | ᠰᠢᠶᠠᠩ ᠪᠠᠯᠭᠠᠰᠤ ᠠᠴᠠ ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ᠂ ᠠᠷᠠᠳᠴᠢᠯᠠᠯ ᠢᠶᠠᠷ ᠰᠢᠢᠳᠪᠦᠷᠢᠲᠦ | ᠪᠣᠳᠤᠯᠭ᠎ᠠ ᠲᠣᠭᠲᠠᠭᠠᠬᠤ ᠳᠡᠰ ᠳᠠᠷᠠᠭᠠᠯᠠᠯ ᠠᠴᠠ ᠵᠦᠷᠢᠴᠡᠭᠰᠡᠨ ᠵᠦᠢᠯ ᠤᠳ ᠲᠤ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ | ᠨᠠᠢᠮᠠᠳᠤᠭᠠᠷ ᠪᠥᠯᠥᠭ ᠬᠢᠨᠠᠨ ᠪᠣᠳᠣᠵᠦ ᠬᠢᠨᠠᠯᠲᠠ ᠲᠠᠯᠪᠢᠬᠤ | ᠨᠠᠶᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠡᠵᠡᠩᠨᠡᠯᠲᠡ ᠬᠠᠮᠢᠶᠠᠷᠤᠯᠲᠠ ᠶᠢᠨ | ᠪᠠᠶᠢᠭᠤᠯᠤᠮᠵᠢ ᠪᠣᠯᠣᠨ ᠰᠣᠮᠣ ᠰᠢᠶᠠᠩ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠪᠣᠶᠤ ᠡᠵᠡᠩᠨᠡᠯᠲᠡ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠪᠠᠶᠢᠭᠤᠯᠤᠮᠵᠢ ᠠᠴᠠ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠤ ᠠᠬᠤᠢ ᠶᠢᠨ ᠠᠵᠢᠯᠯᠠᠭ᠎ᠠ ᠳᠤ | ᠬᠠᠦᠯᠢ ᠶᠣᠰᠤᠭᠠᠷ ᠬᠢᠨᠠᠨ ᠪᠣᠳᠤᠯᠲᠠ ᠬᠢᠬᠦ ᠬᠡᠷᠡᠭᠲᠡᠢ᠃ | ᠨᠠᠶᠠ ᠶᠢᠰᠦᠳᠦᠭᠡᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠬᠢᠨᠠᠨ ᠪᠣᠳᠤᠬᠤ ᠪᠠᠶᠢᠭᠤᠯᠤᠮᠵᠢ ᠪᠠᠶᠢᠭᠤᠯᠤᠭᠰᠠᠨ ᠪᠥᠬᠦᠨ ᠳᠤ ᠴᠦᠮ ᠬᠢᠨᠠᠨ ᠪᠣᠳᠤᠬᠤ | ᠡᠭᠦᠷᠭᠡ ᠲᠠᠢ ᠵᠣᠬᠢᠴᠠᠯᠳᠤᠬᠤ ᠲᠤᠰᠬᠠᠢ ᠪᠣᠶᠤ ᠬᠠᠪᠰᠤᠷᠭᠠᠭᠰᠠᠨ ᠲᠤᠰᠢᠶᠠᠯ ᠲᠠᠢ ᠬᠢᠨᠠᠨ ᠪᠣᠳᠤᠭᠴᠢ ᠶᠢ | ᠲᠣᠬᠢᠷᠠᠭᠤᠯᠬᠤ ᠬᠡᠷᠡᠭᠲᠡᠢ᠃ ᠬᠢᠨᠠᠨ ᠪᠣᠳᠤᠭᠴᠢ ᠳᠤ ᠰᠢᠯᠭᠠᠨ ᠬᠢᠨᠠᠯᠳᠠ ᠪᠠᠷ ᠳᠠᠮᠵᠢᠨ ᠬᠢᠨᠠᠨ ᠪᠣᠳᠤᠬᠤ ᠦᠨᠡᠮᠯᠡᠯ | ᠣᠯᠭᠤᠵᠣ᠂ ᠦᠨᠡᠮᠯᠡᠯ ᠢᠶᠠᠷ ᠢᠶᠠᠨ ᠬᠢᠨᠠᠨ ᠪᠣᠳᠤᠬᠤ ᠠᠵᠢᠯ ᠥᠷᠨᠢᠭᠦᠯᠬᠦ ᠬᠡᠷᠡᠭᠲᠡᠢ᠃ ᠬᠢᠨᠠᠨ ᠪᠣᠳᠣᠬᠤ ᠳᠤ ᠬᠡᠷᠡᠭᠰᠡᠬᠦ | ᠲᠤᠬᠠᠶᠢᠯᠠᠭᠰᠠᠨ ᠠᠵᠢᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠤᠭᠤᠯᠵᠤ᠂ | ᠬᠢᠨᠠᠨ ᠪᠣᠳᠤᠬᠤ ᠠᠵᠢᠯ ᠤᠨ ᠬᠡᠪ ᠤᠨ ᠪᠠᠶᠢᠳᠠᠯ ᠢᠶᠠᠷ ᠥᠷᠨᠢᠭᠳᠡᠬᠦ ᠶᠢ ᠪᠠᠲᠤᠯᠠᠬᠤ ᠬᠡᠷᠡᠭᠲᠡᠢ᠃ | ᠶᠡᠷᠡᠳᠦᠭᠡᠷ ᠵᠦᠢᠯ ᠬᠢᠨᠠᠨ ᠪᠣᠳᠤᠬᠤ ᠵᠦᠢᠯ ᠤᠨ ᠬᠡᠪᠴᠢᠶ᠎ᠡ᠄ | ︵ᠨᠢᠭᠡ︶ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠢ ᠬᠡᠷᠡᠭᠯᠡᠵᠦ ᠬᠠᠮᠢᠶᠠᠷᠤᠭᠰᠠᠨ ᠪᠠᠶᠢᠳᠠᠯ︔ | ︵ᠬᠤᠶᠠᠷ︶ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠣᠯᠣᠨ ᠬᠠᠮᠢᠶ᠎ᠡ ᠪᠥᠬᠦᠢ ᠠᠵᠤ ᠠᠬᠤᠢ ᠶᠢᠨ | ᠠᠵᠢᠯᠯᠠᠭ᠎ᠠ ᠵᠢᠴᠢ ᠠᠵᠤ ᠠᠬᠤᠢ ᠶᠢᠨ ᠦᠷ᠎ᠡ ᠠᠰᠢᠭ︔ | ︵ᠭᠤᠷᠪᠡ︶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠭᠰᠠᠨ ᠪᠠ | ᠬᠡᠷᠡᠭᠵᠢᠭᠦᠯᠦᠭᠰᠡᠨ ᠪᠠᠶᠢᠳᠠᠯ︔ | ︵ᠳᠥᠷᠪᠡ︶ ᠳᠠᠭᠠᠭᠠᠴᠢᠯᠠᠭᠰᠠᠨ ᠭᠡᠷ᠎ᠡ ᠶᠢ ᠲᠣᠭᠲᠠᠭᠰᠠᠨ ᠪᠠ ᠭᠦᠢᠴᠡᠳᠬᠡᠭᠰᠡᠨ ᠪᠠᠶᠢᠳᠠᠯ︔ | ︵ᠲᠠᠪᠤ︶ ᠠᠰᠢᠭ ᠣᠷᠣᠯᠭ᠎ᠠ ︵ᠠᠰᠢᠭ ᠤᠯᠵᠠᠪᠤᠷᠢ︶ ᠪᠠᠨ ᠬᠤᠪᠢᠶᠠᠷᠢᠯᠠᠭᠰᠠᠨ ᠪᠠᠶᠢᠳᠠᠯ︔ | ︵ᠵᠢᠷᠭᠤᠭ᠎ᠠ︶ ᠳᠠᠭᠠᠭᠠᠴᠢᠯᠠᠭᠰᠠᠨ ᠵᠠᠷᠤᠳᠠᠯ᠂ ᠲᠦᠷᠢᠶᠡᠰᠦᠨ ᠤ ᠮᠥᠩᠭᠦ᠂ ᠭᠠᠵᠠᠷ ᠰᠢᠷᠤᠢ ᠲᠠᠲᠠᠪᠤᠷᠢᠯᠠᠨ | ᠬᠡᠷᠡᠭᠯᠡᠬᠦ ᠶᠢᠨ ᠨᠥᠬᠦᠪᠦᠷᠢ ᠵᠠᠷᠤᠳᠠᠯ᠂ ᠱᠠᠩᠨᠠᠬᠤ ᠪᠠᠷ ᠨᠥᠬᠦᠪᠦᠷᠢ ᠶᠢ ᠣᠷᠤᠯᠠᠭᠰᠠᠨ ᠵᠡᠷᠭᠡ ᠬᠠᠮᠲᠤ ᠶᠢᠨ ᠪᠡᠯᠡ | ᠮᠥᠩᠭᠦ ᠶᠢᠨ ᠲᠥᠰᠥᠪ᠂ ᠭᠠᠷᠭᠠᠵᠤ ᠠᠪᠤᠭᠰᠠᠨ ᠪᠠ ᠬᠡᠷᠡᠭᠯᠡᠭᠰᠡᠨ ᠪᠠᠶᠢᠳᠠᠯ︔ | ︵ᠳᠣᠯᠤᠭ᠎ᠠ︶ ᠭᠠᠴᠠᠭ᠎ᠠ ᠲᠣᠰᠬᠤᠨ ᠤ ᠬᠠᠮᠲᠤ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠥᠲᠦᠭᠡᠨ | ᠪᠠᠶᠢᠭᠤᠯᠤᠯᠲᠠ ᠳᠤ ᠴᠤᠭᠯᠠᠭᠤᠯᠤᠭᠰᠠᠨ ᠪᠡᠯᠡ ᠮᠥᠩᠭᠦ ᠬᠥᠳᠡᠯᠮᠦᠷᠢ ᠬᠦᠴᠦᠨ ᠠᠴᠠ ᠭᠠᠷᠭᠠᠵᠤ ᠠᠪᠤᠭᠰᠠᠨ ᠵᠢᠴᠢ | ᠲᠡᠭᠦᠨ ᠢ ᠬᠡᠷᠡᠭᠯᠡᠭᠰᠡᠨ ᠪᠠᠶᠢᠳᠠᠯ︔ | ︵ᠨᠠᠢᠮᠠ︶ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠤ ᠲᠤᠰᠢᠶᠠᠯ ᠳᠤ ᠲᠣᠮᠢᠯᠠᠭᠰᠠᠨ ᠬᠤᠭᠤᠴᠠᠭᠠᠨ ᠤ ᠬᠠᠷᠠᠯᠲᠠ ᠪᠣᠯᠣᠨ ᠲᠤᠰᠢᠶᠠᠯ ᠠᠴᠠ ᠪᠠᠨ | ᠰᠠᠯᠬᠤ ᠶᠢᠨ ᠠᠵᠤ ᠠᠬᠤᠢ ᠶᠢᠨ ᠬᠠᠷᠢᠭᠤᠴᠠᠯᠭ᠎ᠠ︔ | ︵ᠶᠢᠰᠦ︶ ᠤᠯᠤᠰ ᠠᠴᠠ ᠲᠥᠯᠦᠪᠦᠷᠢ ᠦᠭᠡᠢ ᠪᠠᠷ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠳᠤ ᠲᠦᠯᠦᠪᠦᠷᠢ ᠦᠬᠡᠢ ᠪᠠᠷ ᠰᠠᠯᠭᠠᠨ ᠥᠭᠬᠦ ᠲᠤᠰᠬᠠᠢ ᠲᠥᠷᠥᠯ ᠤᠨ ᠪᠡᠯᠡ | ᠮᠥᠩᠭᠦ᠂ ᠡᠳ᠋ ᠪᠠᠷᠠᠭ᠎ᠠ ᠶᠢᠨ ᠬᠠᠮᠢᠶᠠᠷᠴᠤ ᠬᠡᠷᠡᠭᠯᠡᠭᠰᠡᠨ ᠪᠠᠶᠢᠳᠠᠯ︔ | ︵ᠠᠷᠪᠠ︶ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠬᠢᠨᠠᠨ ᠪᠣᠳᠤᠬᠤ | ᠪᠠᠶᠢᠭᠤᠯᠭ᠎ᠠ ᠪᠣᠯᠣᠨ ᠲᠡᠬᠡᠳᠤ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ | ᠵᠡᠷᠭᠡ ᠶᠢᠨ ᠨᠠᠶᠢᠳᠠᠭᠰᠠᠨ ᠪᠣᠰᠤᠳ ᠬᠢᠨᠠᠨ ᠪᠣᠳᠤᠬᠤ ᠵᠦᠢᠯ ᠤᠳ︔ | ︵ᠠᠷᠪᠠᠨ ᠨᠢᠭᠡ︶ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠬᠦᠨ ᠤ ᠬᠢᠨᠠᠨ ᠪᠣᠳᠤᠬᠤ ᠪᠠᠷ ᠱᠠᠭᠠᠷᠳᠠᠭᠰᠠᠨ ᠠᠵᠤ ᠠᠬᠤᠢ ᠶᠢᠨ ᠠᠵᠢᠯᠯᠠᠭ᠎ᠠ ᠶᠢᠨ ᠵᠦᠢᠯ ᠤᠳ︔ | ᠶᠡᠷᠡᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠨᠢ ᠬᠤᠰᠢᠭᠤ ᠰᠢᠶᠠᠨ ︵ᠬᠤᠲᠠ᠂ ᠲᠣᠭᠤᠷᠢᠭ︶᠂ ᠰᠣᠮᠣ ᠰᠢᠶᠠᠩ ᠪᠠᠯᠭᠠᠰᠤ ᠶᠢᠨ ᠬᠢᠨᠠᠨ ᠪᠣᠳᠤᠬᠤ | ᠪᠠᠶᠢᠭᠤᠯᠤᠮᠵᠢ ᠶᠢᠨ ᠬᠢᠨᠠᠨ ᠪᠣᠳᠤᠬᠤ ᠶᠢ ᠤᠬᠠᠮᠰᠠᠷ ᠠᠴᠠ ᠪᠠᠨ ᠬᠦᠯᠢᠶᠡᠨ ᠠᠪᠬᠤ ᠶᠢᠨ ᠬᠠᠮᠲᠤ ᠲᠤᠰ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠢᠨᠠᠨ ᠪᠣᠳᠤᠬᠤ ᠠᠵᠢᠯ ᠢ ᠢᠳᠡᠪᠬᠢᠲᠡᠢ ᠬᠠᠪᠰᠤᠷᠤᠨ ᠬᠠᠮᠵᠢᠯᠴᠠᠵᠤ | ᠰᠠᠶᠢᠲᠤᠷ ᠬᠢᠵᠦ᠂ ᠱᠠᠭᠠᠷᠳᠠᠯᠭ᠎ᠠ ᠶᠣᠰᠤᠭᠠᠷ ᠬᠢᠨᠠᠨ ᠪᠣᠳᠤᠬᠤ ᠵᠦᠢᠯ ᠳᠤ ᠬᠡᠷᠡᠭᠰᠡᠬᠦ ᠬᠠᠮᠢᠶ᠎ᠡ ᠪᠥᠬᠦᠢ ᠪᠠᠶᠢᠳᠠᠯ ᠪᠠ | ᠮᠠᠲ᠋ᠧᠷᠢᠶᠠᠯ ᠢ ᠬᠠᠩᠭᠠᠬᠤ ᠶᠢᠨ ᠬᠠᠮᠲᠤ ᠬᠠᠪᠰᠤᠷᠤᠨ ᠪᠠᠶᠢᠴᠠᠭᠠᠵᠤ ᠭᠡᠷᠡᠴᠢᠯᠡᠯ ᠣᠯᠬᠤ ᠬᠡᠷᠡᠭᠲᠡᠢ᠂ ᠶᠠᠮᠠᠷᠪᠠ ᠠᠷᠭ᠎ᠠ | ᠮᠠᠶ᠋ᠢᠭ ᠪᠠ ᠰᠢᠯᠲᠠᠭ ᠢᠶᠠᠷ ᠬᠢᠨᠠᠨ ᠪᠣᠳᠤᠬᠤ ᠠᠵᠢᠯᠲᠠᠨ ᠤ ᠬᠠᠦᠯᠢ ᠶᠣᠰᠤᠭᠠᠷ ᠡᠷᠬᠡ ᠲᠤᠰᠢᠶᠠᠯ ᠢᠶᠠᠨ | ᠭᠦᠢᠴᠡᠳᠬᠡᠬᠦ ᠶᠢ ᠬᠠᠷᠰᠢᠯᠠᠵᠤ ᠪᠣᠯᠬᠤ ᠦᠭᠡᠢ᠃ | ᠶᠡᠷᠡᠨ ᠬᠤᠶᠠᠳᠤᠭᠠᠷ ᠵᠦᠢᠯ ᠬᠢᠨᠠᠨ ᠪᠣᠳᠣᠬᠤ ᠠᠵᠢᠯᠲᠠᠳ ᠬᠠᠦᠯᠢ ᠶᠣᠰᠤᠭᠠᠷ ᠬᠦᠢᠴᠡᠳᠬᠡᠬᠦ ᠬᠢᠨᠠᠨ | ᠪᠣᠳᠣᠬᠤ ᠶᠢᠨ ᠡᠷᠬᠡ ᠲᠤᠰᠢᠶᠠᠯ ᠨᠢ ᠬᠠᠦᠯᠢ ᠴᠠᠭᠠᠵᠠ ᠳᠤ ᠬᠠᠮᠠᠭᠠᠯᠠᠭᠳᠠᠨ᠎ᠠ᠃ ᠬᠢᠨᠠᠨ ᠪᠣᠳᠤᠬᠤ ᠶᠢ ᠲᠡᠪᠴᠢᠬᠦ᠂ | ᠬᠢᠨᠠᠨ ᠪᠣᠳᠤᠬᠤ ᠵᠦᠢᠯ ᠳᠤ ᠬᠡᠷᠡᠭᠰᠡᠬᠦ ᠬᠠᠮᠢᠶ᠎ᠡ ᠪᠥᠬᠦᠢ ᠮᠠᠲ᠋ᠤᠷᠢᠶᠠᠯ ᠢ ᠬᠠᠩᠭᠠᠬᠤ ᠦᠭᠡᠢ ᠪᠣᠶᠤ ᠬᠠᠩᠭᠠᠭᠰᠠᠨ | ᠮᠠᠲ᠋ᠤᠷᠢᠶᠠᠯ ᠨᠢ ᠦᠨᠡᠨ ᠪᠣᠲᠠᠲᠠᠢ ᠪᠣᠰᠤ᠂ ᠪᠦᠷᠢᠨ ᠪᠣᠰᠤ ᠪᠠᠶᠢᠵᠤ᠂ ᠤᠯᠤᠰ ᠤᠨ ᠲᠣᠭᠲᠠᠭᠠᠯ ᠠᠴᠠ ᠵᠦᠷᠢᠴᠡᠭᠰᠡᠨ | ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠢᠯᠡ ᠠᠵᠢᠯᠯᠠᠭ᠎ᠠ ᠲᠠᠢ ᠪᠣᠯ ᠬᠢᠨᠠᠨ ᠪᠣᠳᠤᠬᠤ | ᠪᠠᠶᠢᠭᠤᠯᠤᠮᠵᠢ ᠠᠴᠠ ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠢᠨᠠᠨ ᠪᠣᠳᠤᠬᠤ ᠬᠠᠦᠯᠢ ᠶᠢᠨ | ᠬᠡᠷᠡᠭᠵᠢᠭᠦᠯᠬᠦ ᠳᠦᠷᠢᠮ︾ ︵2010 ᠣᠨ ᠳᠤ ᠵᠠᠰᠠᠪᠤᠷᠢ ᠣᠷᠤᠭᠤᠯᠤᠭᠰᠠᠨ︶ ᠤᠨ ᠳᠥᠴᠢᠨ ᠳᠣᠯᠣᠳᠤᠭᠠᠷ ᠵᠦᠢᠯ | ᠂ ᠳᠥᠴᠢ ᠶᠢᠰᠦᠳᠦᠭᠡᠷ ᠵᠦᠢᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠬᠠᠦᠯᠢ ᠪᠠᠷ ᠲᠣᠭᠲᠠᠭᠰᠠᠨ ᠡᠷᠬᠡ | ᠲᠤᠰᠢᠶᠠᠯ ᠤᠨ ᠬᠡᠪᠴᠢᠶᠡᠨ ᠳᠤ᠂ ᠬᠢᠨᠠᠨ ᠪᠣᠳᠤᠭᠤᠯᠬᠤ ᠨᠢᠭᠡᠴᠡ ᠵᠢᠴᠢ ᠰᠢᠭᠤᠳ ᠬᠠᠷᠢᠭᠤᠴᠠᠵᠤ ᠪᠥᠬᠦᠢ | ᠭᠤᠣᠯᠴᠢᠯᠠᠨ ᠬᠠᠮᠢᠶᠠᠷᠤᠭᠴᠢ ᠪᠣᠯᠣᠨ ᠪᠣᠰᠤᠳ ᠰᠢᠭᠤᠳ ᠬᠠᠷᠢᠭᠤᠴᠠᠯᠭᠠᠲᠠᠨ ᠳᠤ ᠵᠣᠬᠢᠬᠤ ᠬᠠᠦᠯᠢ ᠴᠠᠭᠠᠵᠠ ᠶᠢᠨ | ᠬᠠᠷᠢᠭᠤᠴᠠᠯᠭ᠎ᠠ ᠡᠭᠦᠷᠭᠡᠯᠡᠭᠦᠯᠬᠦ ᠶᠢ ᠱᠠᠭᠠᠷᠳᠠᠬᠤ ᠬᠡᠷᠡᠭᠲᠡᠢ᠃ | ᠶᠡᠷᠡᠨ ᠭᠤᠷᠪᠠᠳᠤᠭᠠᠷ ᠵᠦᠢᠯ ᠬᠤᠰᠢᠭᠤ ᠰᠢᠶᠠᠨ ︵ᠬᠤᠲᠠ᠂ ᠲᠣᠭᠤᠷᠢᠭ︶᠂ ᠰᠣᠮᠣ ᠰᠢᠶᠠᠩ | ᠪᠠᠯᠭᠠᠰᠤ ᠶᠢᠨ ᠬᠢᠨᠠᠨ ᠪᠣᠳᠤᠬᠤ ᠪᠠᠶᠢᠭᠤᠯᠤᠮᠵᠢ ᠨᠤᠭᠤᠳ ᠬᠢᠨᠠᠨ ᠪᠣᠳᠤᠭᠤᠯᠤᠭᠰᠠᠨ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠣᠯᠲᠠ ᠶᠢᠨ ᠪᠦᠷᠢᠯᠳᠦᠭᠦᠨ ᠳᠤ ᠬᠢᠨᠠᠨ ᠪᠣᠳᠤᠭᠰᠠᠨ ᠳ᠋ᠦᠡᠭᠨᠡᠯᠳᠡ ᠪᠣᠯᠣᠨ ᠬᠢᠨᠠᠨ ᠪᠣᠳᠤᠭᠰᠠᠨ | ᠲᠣᠭᠲᠠᠭᠠᠯ ᠢᠶᠠᠨ ᠴᠠᠭ ᠲᠤᠬᠠᠢ ᠳᠤᠨᠢ ᠨᠡᠶᠢᠲᠡᠯᠡᠵᠦ᠂ ᠣᠯᠠᠨ ᠲᠥᠮᠡᠨ ᠤ ᠬᠢᠨᠠᠯᠲᠠ ᠲᠠᠯᠪᠢᠯᠲᠠ ᠶᠢ ᠬᠦᠯᠢᠶᠡᠯᠭᠡᠬᠦ | ᠬᠡᠷᠡᠭᠲᠡᠢ᠃ | ᠶᠡᠷᠡᠨ ᠳᠥᠷᠪᠡᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠨᠢ ᠬᠢᠨᠠᠨ ᠪᠣᠳᠤᠬᠤ ᠪᠠᠶᠢᠭᠤᠯᠤᠮᠵᠢ ᠶᠢᠨ ᠬᠠᠦᠯᠢ ᠶᠣᠰᠤᠭᠠᠷ ᠭᠠᠷᠭᠠᠭᠰᠠᠨ ᠬᠢᠨᠠᠨ ᠪᠣᠳᠤᠭᠰᠠᠨ | ᠳ᠋ᠦᠡᠭᠨᠡᠯᠳᠡ ᠪᠣᠯᠣᠨ ᠬᠢᠨᠠᠨ ᠪᠣᠳᠤᠭᠰᠠᠨ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠬᠢᠨᠠᠨ ᠪᠣᠳᠤᠬᠤ | ᠪᠠᠶᠢᠭᠤᠯᠭ᠎ᠠ ᠶᠢᠨ ᠭᠠᠷᠭᠠᠭᠰᠠᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠠᠮᠢᠶ᠎ᠡ ᠲᠠᠢ ᠬᠢᠨᠠᠨ ᠪᠣᠳᠤᠭᠰᠠᠨ | ᠲᠣᠭᠲᠠᠭᠠᠯ ᠢ ᠵᠦᠪᠰᠢᠶᠡᠷᠡᠬᠦ ᠦᠭᠡᠢ ᠪᠣᠯ ᠬᠠᠦᠯᠢ ᠶᠣᠰᠤᠭᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦ ᠶᠢ | ᠭᠤᠶᠤᠴᠢᠯᠠᠬᠤ ᠪᠣᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠵᠦ ᠪᠣᠯᠣᠨ᠎ᠠ᠃ | ᠶᠢᠰᠤᠳᠤᠭᠡᠷ ᠪᠥᠯᠥᠭ ᠡᠳ᠋ ᠤᠨ ᠶᠠᠪᠤᠳᠠᠯ ᠤᠨ ᠠᠵᠢᠯᠲᠠᠨ ᠵᠢᠴᠢ ᠳᠠᠩᠰᠠ ᠡᠪᠬᠡᠮᠡᠯ ᠤᠨ | ᠬᠠᠮᠢᠶᠠᠷᠤᠯᠲᠠ | ᠶᠡᠷᠡᠨ ᠲᠠᠪᠤᠳᠤᠭᠠᠷ ᠵᠦᠢᠯ ︽ᠨᠢᠭᠲᠠᠯᠠᠨ ᠪᠣᠳᠣᠭᠴᠢ ᠶᠢᠨ ᠰᠠᠭᠤᠷᠢ ᠠᠵᠢᠯ ᠤᠨ ᠵᠢᠷᠤᠮᠵᠢᠯ︾ ᠤᠨ | ᠱᠠᠭᠠᠷᠳᠠᠯᠭ᠎ᠠ ᠶᠣᠰᠤᠭᠠᠷ᠂ ᠡᠳ᠋ ᠤᠨ ᠶᠠᠪᠤᠳᠠᠯ ᠤᠨ ᠭᠤᠣᠯ ᠬᠠᠮᠢᠶᠠᠷᠤᠭᠴᠢ᠂ ᠭᠠᠴᠠᠭ᠎ᠠ ᠲᠣᠰᠬᠤᠨ ᠤ ᠨᠢᠭᠲᠠᠯᠠᠨ | ᠪᠣᠳᠣᠭᠴᠢ ︵ᠭᠠᠴᠠᠭ᠎ᠠ ᠲᠣᠰᠬᠤᠨ ᠤ ᠳᠠᠩᠰᠠ ᠮᠡᠳᠡᠭᠦᠯᠦᠭᠴᠢ︶᠂ ᠠᠷᠠᠳᠴᠢᠯᠠᠯ ᠢᠶᠠᠷ ᠡᠳ᠋ ᠤᠨ ᠶᠠᠪᠤᠳᠠᠯ ᠢ | ᠬᠠᠮᠢᠶᠠᠷᠬᠤ ᠬᠠᠷᠢᠭᠤᠴᠠᠯᠭᠠᠲᠠᠨ ᠵᠡᠷᠭᠡ ᠶᠢ ᠲᠣᠬᠢᠷᠠᠭᠤᠯᠵᠤ᠂ ᠲᠤᠬᠠᠶᠢᠯᠠᠭᠰᠠᠨ ᠠᠵᠢᠯ ᠤᠨ ᠮᠡᠳᠡᠯᠭᠡ ᠪᠣᠯᠣᠨ | ᠠᠵᠢᠯ ᠤᠨ ᠴᠢᠳᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠵᠤ᠂ ᠰᠢᠯᠭᠠᠨ ᠬᠢᠨᠠᠬᠤ ᠪᠠᠷ ᠳᠠᠮᠵᠢᠭᠠᠳ ᠬᠢᠷᠢ ᠲᠡᠩᠴᠡᠭᠰᠡᠨ | ᠬᠤᠶᠢᠨ᠎ᠠ ︵ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠣᠯᠭᠤᠭᠰᠠᠨ ᠨᠢᠭᠲᠠᠯᠠᠨ ᠪᠣᠳᠣᠭᠴᠢ ᠶᠢᠨ ᠠᠵᠢᠯ | ᠡᠷᠬᠢᠯᠡᠬᠦ ᠬᠢᠷᠢ ᠬᠡᠮ ᠤᠨ ᠦᠨᠡᠮᠯᠡᠯ ᠪᠣᠶᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠬᠠᠮᠢᠶᠠᠷᠤᠯᠲᠠ ᠶᠢᠨ | ᠰᠠᠯᠠᠭ᠎ᠠ ᠮᠦᠴᠢᠷ ᠠᠴᠠ ᠣᠯᠭᠤᠭᠰᠠᠨ ᠨᠢᠭᠲᠠᠯᠠᠨ ᠪᠣᠳᠣᠭᠴᠢ ᠶᠢᠨ ᠦᠨᠡᠮᠯᠡᠯ︶ ᠦᠨᠡᠮᠯᠡᠯ ᠢᠶᠠᠷ ᠢᠶᠠᠨ ᠠᠵᠢᠯ ᠤᠨ | ᠪᠠᠶᠢᠷᠢᠨ ᠳᠤ ᠭᠠᠷᠬᠤ ᠬᠡᠷᠡᠭᠲᠡᠢ᠃ | ᠶᠡᠷᠡᠨ ᠵᠢᠷᠭᠤᠳᠤᠭᠠᠷ ᠵᠦᠢᠯ ᠭᠠᠴᠠᠭ᠎ᠠ ᠲᠣᠰᠬᠤᠨ ᠤ ᠱᠠᠲᠤᠨ ᠤ ᠨᠢᠭᠲᠠᠯᠠᠨ ᠪᠣᠳᠣᠭᠴᠢ ᠶᠢᠨ ᠨᠠᠶᠢᠳᠠᠨ | ᠣᠷᠣᠯᠠᠬᠤ ᠦᠢᠯᠡᠴᠢᠯᠡᠭᠡᠨ ᠢ ᠬᠡᠷᠡᠭᠵᠢᠭᠦᠯᠵᠦ ᠪᠥᠬᠦᠢ ᠣᠷᠣᠨ ᠨᠤᠲᠤᠭ ᠲᠤ᠂ ᠭᠠᠴᠠᠭ᠎ᠠ ᠲᠣᠰᠬᠤᠨ ᠤ ᠱᠠᠲᠤᠨ ᠤ | ᠡᠳ᠋ ᠤᠨ ᠶᠠᠪᠤᠳᠠᠯ ᠤᠨ ᠠᠵᠢᠯᠲᠠᠨ ᠡᠷᠬᠡᠪᠰᠢ ᠣᠷᠣᠯᠠᠬᠤ ᠪᠠᠶᠢᠭᠤᠯᠤᠮᠵᠢ ᠳᠤ ᠲᠡᠮᠳᠡᠭᠯᠡᠭᠦᠯᠦᠨ ᠳᠠᠩᠰᠠᠯᠠᠭᠤᠯᠵᠤ᠂ | ᠬᠢᠨᠠᠯᠲᠠ ᠲᠠᠯᠪᠢᠯᠲᠠ ᠪᠣᠯᠣᠨ ᠰᠢᠯᠭᠠᠨ ᠬᠢᠨᠠᠬᠤ ᠶᠢ ᠬᠦᠯᠢᠶᠡᠬᠦ ᠬᠡᠷᠡᠭᠲᠡᠢ᠃ | ᠶᠡᠷᠡᠨ ᠳᠣᠯᠣᠳᠤᠭᠠᠷ ᠵᠦᠢᠯ ᠭᠠᠴᠠᠭ᠎ᠠ ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ᠠᠵᠢᠯᠲᠠᠨ ᠤ | ᠡᠩᠨᠡᠭᠡ ᠶᠢᠨ ᠬᠠᠷᠢᠴᠠᠩᠭᠤᠢ ᠲᠣᠭᠲᠠᠪᠤᠷᠢᠲᠠᠢ ᠪᠠᠶᠢᠬᠤ ᠶᠢ ᠪᠠᠲᠤᠯᠠᠵᠤ᠂ ᠬᠤᠭᠤᠴᠠᠭ᠎ᠠ ᠰᠣᠯᠢᠭᠲᠠᠬᠤ ᠠᠴᠠ ᠪᠣᠯᠤᠭᠠᠳ | ᠬᠤᠪᠢᠷᠠᠯᠲᠠ ᠭᠠᠷᠭᠠᠵᠤ ᠪᠣᠯᠬᠤ ᠦᠭᠡᠢ᠂ ᠭᠠᠴᠠᠭ᠎ᠠ ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ᠠᠵᠢᠯᠲᠠᠨ ᠳᠤ | ᠲᠣᠭᠲᠠᠪᠤᠷᠢᠲᠠᠢ ᠨᠥᠬᠦᠪᠦᠷᠢ ᠪᠣᠯᠣᠨ ᠣᠯᠭᠤᠮᠵᠢ ᠬᠦᠷᠲᠡᠬᠦ ᠶᠢ ᠪᠠᠲᠤᠯᠠᠵᠤ᠂ ᠡᠯ᠎ᠡ ᠭᠠᠵᠠᠷ ᠤᠳ ᠡᠳ᠋ ᠤᠨ ᠵᠠᠰᠠᠭ ᠤᠨ | ᠨᠥᠬᠦᠪᠦᠷᠢ ᠶᠢ ᠬᠦᠷᠲᠡᠵᠦ ᠪᠠᠶᠢᠭ᠎ᠠ ᠭᠠᠴᠠᠭ᠎ᠠ ᠲᠣᠰᠬᠤᠨ ᠤ ᠺᠠᠳ᠋ᠷ ᠤᠨ ᠪᠠᠷᠢᠮᠵᠢᠶ᠎ᠡ ᠪᠠᠷ ᠯᠠᠪᠯᠠᠯᠲᠠ ᠪᠣᠯᠭᠠᠵᠤ | ᠲᠣᠭᠲᠠᠭᠠᠬᠤ ᠬᠡᠷᠡᠭᠲᠡᠢ᠃ | ᠶᠡᠷᠡᠨ ᠨᠠᠢᠮᠠᠳᠤᠭᠠᠷ ᠵᠦᠢᠯ ᠡᠳ᠋ ᠤᠨ ᠶᠠᠪᠤᠳᠠᠯ ᠤᠨ ᠠᠵᠢᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ | ᠪᠣᠯᠪᠠᠰᠤᠷᠠᠭᠤᠯᠬᠤ ᠪᠠ ᠥᠷᠭᠦᠯᠵᠢᠯᠡᠯ ᠰᠤᠷᠭᠠᠨ ᠬᠥᠮᠦᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠤᠰᠢᠭᠤ ᠰᠢᠶᠠᠨ ᠤ ᠱᠠᠲᠤᠨ ᠤ ᠡᠵᠡᠩᠨᠡᠯᠲᠡ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠡᠳ᠋ ᠤᠨ ᠵᠠᠰᠠᠭ ᠤᠨ | ᠰᠠᠯᠠᠭ᠎ᠠ ᠮᠦᠴᠢᠷ ᠲᠠᠢ ᠬᠠᠮᠲᠤᠷᠠᠨ ᠭᠠᠴᠠᠭ᠎ᠠ ᠲᠣᠰᠬᠤᠨ ᠤ ᠱᠠᠲᠣᠨ ᠤ ᠡᠳ᠋ ᠤᠨ ᠶᠠᠪᠤᠳᠠᠯ ᠤᠨ ᠠᠵᠢᠯᠲᠠᠨ ᠤ | ᠪᠤᠯᠪᠠᠰᠤᠷᠠᠭᠤᠯᠤᠯ ᠪᠣᠯᠣᠨ ᠥᠷᠭᠦᠯᠵᠢᠯᠡᠯ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ | ᠡᠳ᠋ ᠤᠨ ᠶᠠᠪᠤᠳᠠᠯ ᠤᠨ ᠠᠵᠢᠯᠲᠠᠨ ᠤ ᠲᠡᠮᠳᠡᠭᠯᠡᠭᠦᠯᠦᠨ ᠳᠠᠩᠰᠠᠯᠠᠭᠤᠯᠬᠤ᠂ ᠪᠣᠯᠪᠠᠰᠤᠷᠠᠭᠤᠯᠤᠨ ᠰᠢᠯᠭᠠᠨ ᠬᠢᠨᠠᠬᠤ ᠪᠠ | ᠦᠨᠡᠮᠯᠡᠯ ᠢᠶᠠᠷ ᠢᠶᠠᠨ ᠠᠵᠢᠯ ᠤᠨ ᠪᠠᠶᠢᠷᠢ ᠳᠤ ᠭᠠᠷᠬᠤ ᠳᠦᠷᠢᠮ ᠢ ᠪᠠᠶᠢᠭᠤᠯᠬᠤ ᠬᠡᠷᠡᠭᠲᠡᠢ᠃ | ᠶᠡᠷᠡ ᠶᠢᠰᠦᠳᠦᠭᠡᠷ ᠵᠦᠢᠯ ᠤᠯᠤᠰ ᠤᠨ ᠬᠤᠯᠪᠤᠭᠳᠠᠯ ᠪᠥᠬᠦᠢ ᠲᠣᠭᠲᠠᠭᠠᠯ ᠢᠶᠠᠷ ᠳᠠᠩᠰᠠ ᠡᠪᠬᠡᠮᠡᠯ ᠤᠨ | ᠬᠠᠮᠢᠶᠠᠷᠤᠯᠲᠠ ᠬᠢᠵᠦ᠂ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠭᠤᠯᠭ᠎ᠠ ᠳᠤ᠄ | ᠨᠢᠭᠲᠠᠯᠠᠨ ᠪᠣᠳᠣᠭᠴᠢ ᠶᠢᠨ ᠭᠡᠷᠡᠴᠢ ᠦᠨᠡᠮᠯᠡᠯ᠂ ᠨᠢᠭᠲᠠᠯᠠᠨ ᠪᠣᠳᠣᠭᠴᠢ ᠶᠢᠨ ᠳᠠᠩᠰᠠ ᠳᠡᠪᠲᠡᠷ᠂ ᠨᠢᠭᠲᠠᠯᠠᠨ | ᠪᠣᠳᠣᠭᠴᠢ ᠶᠢᠨ ᠮᠡᠳᠡᠭᠦᠯᠬᠦ ᠬᠥᠰᠦᠨᠥᠭᠲᠦ᠂ ᠡᠳ᠋ ᠤᠨ ᠶᠠᠪᠤᠳᠠᠯ ᠤᠨ ᠮᠡᠳᠡᠭᠦᠯᠦᠯᠲᠡ᠂ ᠠᠵᠤ ᠠᠬᠤᠢ ᠶᠢᠨ ᠭᠡᠷ᠎ᠡ᠂ | ᠲᠣᠭᠲᠠᠮᠠᠯ ᠡᠳ᠋ ᠬᠥᠷᠥᠩᠭᠡ ᠶᠢᠨ ᠡᠬᠡ ᠳᠠᠩᠰᠠ ᠵᠡᠷᠭᠡ ᠠᠯᠢᠪᠠ ᠨᠢᠭᠲᠠᠯᠠᠨ ᠪᠣᠳᠣᠭᠴᠢ ᠶᠢᠨ ᠮᠠᠲ᠋ᠤᠷᠢᠶᠠᠯ ᠤᠳ | ᠪᠠᠭᠲᠠᠨ᠎ᠠ᠃ | ᠵᠠᠭᠤᠳᠤᠭᠠᠷ ᠵᠦᠢᠯ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ | ᠬᠤᠭᠤᠴᠠᠭ᠎ᠠ ᠶᠢ ᠡᠭᠦᠷᠢᠳᠡ ᠶᠢᠨ ᠪᠠ ᠲᠣᠭᠲᠠᠮᠠᠯ ᠬᠤᠭᠤᠴᠠᠭ᠎ᠠ ᠭᠡᠵᠦ ᠬᠤᠶᠠᠷ ᠲᠥᠷᠥᠯ ᠳᠤ ᠠᠩᠭᠢᠯᠠᠨ᠎ᠠ᠃ | ︵ᠨᠢᠭᠡ︶ ᠶᠡᠷᠦᠩᠬᠡᠢ ᠳᠠᠩᠰᠠ᠂ ᠨᠠᠷᠢᠨ ᠳᠠᠩᠰᠠ ᠪᠣᠯᠣᠨ ᠡᠯ᠎ᠡ ᠲᠥᠷᠥᠯ ᠤᠨ ᠲᠤᠰᠠᠯᠠᠮᠵᠢ ᠪᠣᠯᠬᠤ | ᠳᠠᠩᠰᠠ ᠶᠢ 15 ᠵᠢᠯ ᠬᠠᠳᠠᠭᠠᠯᠠᠨ᠎ᠠ᠃ | ︵ᠬᠤᠶᠠᠷ︶ ᠪᠡᠯᠡᠨ ᠵᠣᠭᠤᠰ ᠤᠨ ᠡᠳᠦᠷ ᠤᠨ ᠲᠡᠮᠳᠡᠭᠯᠡᠯ ᠤᠨ ᠳᠠᠩᠰᠠ᠂ ᠪᠠᠩᠭᠢ ᠳᠤ ᠬᠠᠳᠠᠭᠠᠯᠠᠭᠰᠠᠨ | ᠵᠣᠭᠤᠰ ᠤᠨ ᠡᠳᠦᠷ ᠤᠨ ᠲᠡᠮᠳᠡᠭᠯᠡᠯ ᠤᠨ ᠳᠠᠩᠰᠠ ᠶᠢ 25 ᠵᠢᠯ ᠬᠠᠳᠠᠭᠠᠯᠠᠨ᠎ᠠ᠃ | ︵ᠭᠤᠷᠪᠡ︶ ᠨᠢᠭᠲᠠᠯᠠᠨ ᠪᠣᠳᠣᠭᠴᠢ ᠶᠢᠨ ᠭᠡᠷᠡᠴᠢ ᠦᠨᠡᠮᠯᠡᠯ᠂ ᠨᠢᠭᠲᠠᠯᠠᠨ ᠪᠣᠳᠣᠭᠴᠢ ᠶᠢᠨ ᠳᠠᠩᠰᠠ | ᠡᠪᠬᠡᠮᠡᠯ ᠢ ᠰᠢᠯᠵᠢᠭᠦᠯᠦᠨ ᠲᠤᠰᠢᠶᠠᠭᠰᠠᠨ ᠨᠠᠷᠢᠨ ᠬᠠᠭᠤᠳᠠᠰᠤ ᠶᠢ 15 ᠵᠢᠯ ᠬᠠᠳᠠᠭᠠᠯᠠᠨ᠎ᠠ᠃ | ︵ᠳᠥᠷᠪᠡ︶ ᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ᠂ ᠡᠯ᠎ᠡ ᠲᠥᠷᠥᠯ ᠤᠨ ᠭᠡᠷ᠎ᠡ᠂ ᠪᠣᠯᠵᠤᠭ᠎ᠠ᠂ | ᠥᠮᠴᠢᠯᠡᠬᠦ ᠡᠷᠬᠡ ᠶᠢᠨ ᠦᠨᠡᠮᠯᠡᠯ ᠤᠨ ᠪᠢᠴᠢᠭ᠂ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠢ ᠬᠠᠳᠠᠭᠠᠯᠠᠬᠤ | ᠲᠣᠳᠣᠷᠬᠠᠢ ᠳᠡᠪᠲᠡᠷ᠂ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠢ ᠤᠰᠠᠳᠬᠠᠭᠰᠠᠨ ᠲᠣᠳᠣᠷᠬᠠᠢ ᠳᠡᠪᠲᠡᠷ ᠢ | ᠡᠭᠦᠷᠢᠳᠡ ᠬᠠᠳᠠᠭᠠᠯᠠᠨ᠎ᠠ᠃ | ᠵᠠᠭᠤ ᠪᠥᠭᠡᠳ ᠨᠢᠭᠡᠳᠦᠭᠡᠷ ᠵᠦᠢᠯ ᠳᠠᠩᠰᠠ ᠡᠪᠬᠡᠮᠡᠯ ᠤᠨ ᠪᠠᠶᠢᠴᠠᠭᠠᠨ ᠤᠩᠰᠢᠬᠰᠠᠨ ᠲᠡᠮᠳᠡᠭᠯᠡᠯ ᠤᠨ ᠴᠢᠩᠭ᠎ᠠ | ᠳᠦᠷᠢᠮ ᠢ ᠪᠠᠶᠢᠭᠤᠯᠵᠤ᠂ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠢ ᠪᠠᠶᠢᠴᠠᠭᠠᠨ ᠤᠩᠰᠢᠬᠤ ᠳᠤ ᠡᠷᠬᠡᠪᠰᠢ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢᠶᠠᠷ | ᠭᠠᠷ ᠤᠨ ᠦᠰᠦᠭ ᠵᠢᠷᠤᠭᠤᠯᠵᠤ ᠵᠦᠪᠰᠢᠶᠡᠷᠡᠭᠦᠯᠬᠦ ᠶᠢᠨ ᠬᠠᠮᠲᠤ ᠵᠢᠭᠡᠯᠡᠨ ᠤᠩᠰᠢᠬᠤ ᠲᠡᠮᠳᠡᠭᠯᠡᠯ ᠤᠨ ᠳᠡᠪᠲᠡᠷ ᠢ | ᠲᠠᠭᠯᠠᠨ ᠪᠢᠴᠢᠬᠦ ᠬᠡᠷᠡᠭᠲᠡᠢ᠃ | ᠵᠠᠭᠤ ᠪᠥᠭᠡᠳ ᠬᠤᠶᠠᠳᠤᠭᠠᠷ ᠵᠦᠢᠯ ᠨᠢᠭᠳᠠᠯᠠᠨ ᠪᠤᠳᠤᠭᠴᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ | ᠳᠦᠷᠢᠮ ᠢ ᠴᠢᠩᠭ᠎ᠠ ᠬᠡᠷᠡᠭᠵᠢᠭᠦᠯᠵᠦ᠂ ᠶᠠᠮᠠᠷᠪᠠ ᠬᠥᠮᠦᠨ ᠬᠡᠳ ᠨᠢᠭᠲᠠᠯᠠᠨ ᠪᠣᠳᠣᠭᠴᠢ ᠶᠢᠨ ᠮᠠᠲ᠋ᠤᠷᠢᠶᠠᠯ ᠢ ᠬᠠᠭᠤᠷᠮᠠᠭ | ᠵᠣᠬᠢᠶᠠᠵᠤ ᠪᠣᠯᠬᠤ ᠦᠭᠡᠢ᠂ ᠳᠠᠩᠰᠠᠨ ᠳᠡᠪᠲᠡᠷ᠂ ᠲᠤᠭ᠎ᠠ ᠪᠠᠷᠢᠮᠳᠠ ᠶᠢᠨ ᠪᠢᠴᠢᠭ ᠮᠠᠲ᠋ᠤᠷᠢᠶᠠᠯ ᠢ ᠵᠣᠷᠢᠭᠤᠳᠠ | ᠡᠪᠳᠡᠵᠦ ᠰᠦᠢᠳᠬᠡᠵᠦ ᠪᠣᠯᠬᠤ ᠦᠭᠡᠢ᠃ | ᠵᠠᠭᠤ ᠪᠥᠭᠡᠳ ᠭᠤᠷᠪᠠᠳᠤᠭᠠᠷ ᠵᠦᠢᠯ ᠨᠢᠭᠲᠠᠯᠠᠨ ᠪᠣᠳᠣᠭᠴᠢ ᠨᠠᠷ ᠤᠨ ᠠᠵᠢᠯ ᠰᠢᠯᠵᠢᠬᠦ ᠪᠣᠶᠤ | ᠠᠵᠢᠯ ᠠᠴᠠ ᠪᠠᠨ ᠰᠠᠯᠬᠤ ᠳᠤ᠂ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠢᠶᠠᠨ ᠰᠢᠨ᠎ᠡ ᠪᠠᠷ ᠲᠣᠮᠢᠯᠠᠭᠳᠠᠭᠰᠠᠨ | ᠨᠢᠭᠲᠠᠯᠠᠨ ᠪᠣᠳᠣᠭᠴᠢ ᠳᠤ ᠰᠢᠯᠵᠢᠭᠦᠯᠦᠨ ᠲᠤᠰᠢᠶᠠᠵᠤ᠂ ᠲᠤᠰᠢᠶᠠᠵᠤ ᠬᠦᠯᠢᠶᠡᠨ ᠠᠪᠬᠤ ᠬᠤᠶᠠᠷ ᠲᠠᠯ᠎ᠠ ᠪᠠᠷ ᠢᠶᠠᠨ | ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠲᠣᠳᠤᠷᠬᠠᠢ ᠳᠡᠪᠲᠡᠷ ᠲᠤ ᠵᠢᠭᠰᠠᠭᠠᠭᠰᠠᠨ | ᠠᠭᠤᠯᠭ᠎ᠠ ᠶᠣᠰᠤᠭᠠᠷ ᠵᠦᠢᠯ ᠳᠠᠷᠠᠭᠠᠯᠠᠨ ᠲᠤᠰᠢᠶᠠᠵᠤ ᠬᠦᠯᠢᠶᠡᠨ ᠠᠪᠬᠤ ᠶᠢᠨ ᠬᠠᠮᠲᠤ᠂ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠠᠴᠠ ᠬᠢᠨᠠᠨ ᠲᠤᠰᠢᠶᠠᠯᠠᠭᠠᠵᠤ᠂ | ᠲᠤᠰᠢᠶᠠᠵᠤ ᠬᠦᠯᠢᠶᠡᠨ ᠠᠪᠬᠤ ᠬᠤᠶᠠᠷ ᠲᠠᠯ᠎ᠠ ᠶᠢᠨ ᠬᠢᠨ ᠪᠠ ᠬᠢᠨᠠᠵᠤ ᠲᠤᠰᠢᠶᠠᠯᠭᠠᠭᠴᠢ ᠠᠴᠠ ᠨᠢᠭᠲᠠᠯᠠᠨ | ᠪᠣᠳᠣᠭᠴᠢ ᠶᠢᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠲᠣᠳᠣᠷᠬᠠᠢ ᠳᠡᠪᠲᠡᠷ ᠲᠤ ᠭᠠᠷ ᠤᠨ ᠦᠰᠦᠭ | ᠵᠢᠷᠤᠬᠤ ᠪᠣᠶᠤ ᠲᠠᠮᠠᠭ᠎ᠠ ᠳᠠᠷᠤᠬᠤ ᠬᠡᠷᠡᠭᠲᠡᠢ᠃ ᠨᠠᠶᠢᠷᠠᠭᠤᠯᠵᠤ ᠵᠣᠬᠢᠶᠠᠭᠰᠠᠨ ᠰᠢᠯᠵᠢᠭᠦᠯᠦᠨ ᠲᠤᠰᠢᠶᠠᠬᠤ ᠲᠣᠳᠣᠷᠬᠠᠢ | ᠳᠡᠪᠲᠡᠷ ᠢᠶᠠᠨ ᠳᠠᠩᠰᠠ ᠡᠪᠬᠡᠮᠡᠯ ᠤᠨ ᠲᠠᠰᠤᠭ ᠪᠣᠶᠤ ᠰᠣᠮᠣ ᠰᠢᠶᠠᠩ ᠪᠠᠯᠭᠠᠰᠤ ᠶᠢᠨ ᠨᠠᠶᠢᠳᠠᠨ ᠣᠷᠣᠯᠠᠬᠤ | ᠪᠠᠶᠢᠭᠤᠯᠤᠮᠵᠢ ᠳᠤ ᠲᠤᠰᠢᠶᠠᠵᠤ ᠳᠠᠩᠰᠠ ᠡᠪᠬᠡᠮᠡᠯ ᠳᠤ ᠨᠢᠬᠡᠲᠦᠯᠲᠡᠢ ᠣᠷᠤᠭᠤᠯᠵᠤ ᠬᠠᠳᠠᠭᠠᠯᠠᠬᠤ ᠬᠡᠷᠡᠭᠲᠡᠢ᠃ | ᠵᠠᠭᠤ ᠪᠥᠭᠡᠳ ᠳᠥᠷᠪᠡᠳᠦᠭᠡᠷ ᠵᠦᠢᠯ ᠨᠢᠭᠲᠠᠯᠠᠨ ᠪᠤᠳᠣᠭᠴᠢ ᠶᠢᠨ ᠳᠠᠩᠰᠠ ᠡᠪᠬᠡᠮᠡᠯ ᠤᠨ ᠬᠠᠳᠠᠭᠠᠯᠠᠬᠤ | ᠬᠤᠭᠤᠴᠠᠭ᠎ᠠ ᠨᠢ ᠳᠠᠭᠤᠰᠴᠤ ᠤᠰᠠᠳᠬᠠᠬᠤ ᠳᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠵᠡᠩᠨᠡᠯᠲᠡ | ᠬᠠᠮᠢᠶᠠᠷᠤᠯᠲᠠ ᠶᠢᠨ ᠰᠠᠯᠠᠭ᠎ᠠ ᠮᠦᠴᠢᠷ᠂ ᠬᠢᠨᠠᠨ ᠪᠣᠳᠤᠬᠤ ᠰᠠᠯᠠᠭ᠎ᠠ ᠮᠦᠴᠢᠷ ᠪᠣᠯᠣᠨ ᠳᠠᠩᠰᠠ ᠡᠪᠬᠡᠮᠡᠯ ᠤᠨ ᠰᠠᠯᠠᠭ᠎ᠠ | ᠮᠦᠴᠢᠷ ᠤᠳ ᠬᠢᠨᠠᠨ ᠤᠰᠠᠳᠬᠠᠬᠤ ᠳᠤᠭᠤᠶᠢᠯᠠᠩ ᠪᠠᠶᠢᠭᠤᠯᠵᠦ᠂ ᠴᠢᠩᠭ᠎ᠠ ᠪᠠᠷ ᠬᠢᠨᠠᠨ ᠪᠠᠶᠢᠴᠠᠭᠠᠵᠤ᠂ ᠤᠰᠠᠳᠬᠠᠬᠤ | ᠰᠠᠨᠠᠯ ᠢᠶᠠᠨ ᠳᠤᠷᠠᠳᠴᠦ᠂ ᠤᠰᠠᠳᠬᠠᠬᠤ ᠲᠣᠳᠣᠷᠬᠠᠢ ᠳᠡᠪᠲᠡᠷ ᠢ ᠨᠠᠶᠢᠷᠠᠭᠤᠯᠤᠨ ᠵᠣᠬᠢᠶᠠᠵᠤ᠂ ᠨᠢᠭᠲᠠᠯᠠᠨ | ᠪᠣᠳᠣᠭᠴᠢ ᠶᠢᠨ ᠳᠠᠩᠰᠠ ᠡᠪᠬᠡᠮᠡᠯ ᠢ ᠤᠰᠠᠳᠬᠠᠬᠤ ᠳᠤ ᠡᠷᠬᠡᠪᠰᠢ ᠤᠯᠤᠰ ᠠᠴᠠ ᠲᠣᠭᠲᠠᠭᠠᠭᠰᠠᠨ ᠤᠰᠠᠳᠬᠠᠬᠤ | ᠨᠢᠭᠡᠴᠡ ᠳᠤ ᠬᠦᠷᠴᠦ ᠲᠤᠬᠠᠢ ᠶᠢᠨ ᠭᠠᠵᠠᠷ ᠲᠤᠨᠢ ᠬᠢᠨᠠᠵᠤ ᠤᠰᠠᠳᠬᠠᠬᠤ ᠬᠡᠷᠡᠭᠲᠡᠢ᠃ | ᠠᠷᠪᠠᠳᠤᠭᠠᠷ ᠪᠥᠯᠦᠭ ᠬᠢᠨᠠᠨ ᠪᠠᠶᠢᠴᠠᠭᠠᠬᠤ ᠨᠢᠭᠡᠴᠡ ᠬᠢᠭᠡᠳ ᠬᠠᠷᠢᠭᠤᠴᠠᠯᠭ᠎ᠠ ᠨᠡᠬᠡᠮᠵᠢᠯᠡᠬᠦ | ᠵᠠᠭᠤ ᠪᠥᠭᠡᠳ ᠲᠠᠪᠤᠳᠤᠭᠠᠷ ᠵᠦᠢᠯ ᠡᠯ᠎ᠡ ᠱᠠᠲᠤ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠡᠯᠡ | ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ | ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ | ᠬᠠᠮᠢᠶᠠᠷᠴᠤ ᠬᠢᠨᠠᠨ ᠪᠠᠶᠢᠴᠠᠭᠠᠬᠤ ᠠᠵᠢᠯ ᠢ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠰᠣᠮᠣ ᠰᠢᠶᠠᠩ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ | ᠥᠷᠲᠡᠭᠡ ᠪᠣᠶᠤ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠥᠬᠦᠢ | ᠪᠠᠶᠢᠭᠤᠯᠤᠮᠵᠢ ᠶᠢᠨ ᠵᠢᠯᠤᠭᠤᠳᠤᠯᠭ᠎ᠠ ᠬᠢᠭᠡᠳ ᠬᠢᠨᠠᠯᠲᠠ ᠲᠠᠯᠪᠢᠯᠲᠠ ᠶᠢᠨ ᠳᠣᠣᠷ᠎ᠠ ᠬᠢᠬᠦ ᠬᠡᠷᠡᠭᠲᠡᠢ᠃ | ᠵᠠᠭᠤ ᠪᠥᠭᠡᠳ ᠵᠢᠷᠭᠤᠳᠤᠭᠠᠷ ᠵᠦᠢᠯ ᠬᠢᠨᠠᠨ ᠪᠠᠶᠢᠴᠠᠭᠠᠬᠤ ᠭᠤᠣᠯ ᠠᠭᠤᠯᠭ᠎ᠠ ᠨᠢ᠄ ᠪᠡᠯᠡ ᠮᠥᠩᠭᠦ ᠶᠢ | ᠡᠷᠭᠢᠯᠳᠦᠭᠦᠯᠦᠭᠰᠡᠨ ᠪᠠᠶᠢᠳᠠᠯ᠂ ᠡᠳ᠋ ᠬᠥᠷᠥᠩᠭᠡ ᠡᠬᠢ ᠪᠠᠶᠠᠯᠢᠭ ᠢ ᠰᠢᠢᠳᠪᠦᠷᠢᠯᠡᠭᠰᠡᠨ ᠪᠠᠶᠢᠳᠠᠯ᠂ ᠡᠳ᠋ ᠬᠥᠷᠥᠩᠭᠡ | ᠡᠬᠢ ᠪᠠᠶᠠᠯᠢᠭ ᠤᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠭᠰᠡᠨ ᠵᠢᠴᠢ ᠠᠰᠢᠭ ᠣᠷᠣᠯᠭ᠎ᠠ ᠶᠢᠨ | ᠬᠤᠪᠢᠶᠠᠷᠢᠯᠠᠭᠰᠠᠨ ᠪᠠᠶᠢᠳᠠᠯ ᠵᠡᠷᠭᠡ ᠵᠦᠢᠯ ᠤᠳ ᠪᠣᠯᠣᠨ᠎ᠠ᠃ | ᠵᠠᠭᠤ ᠪᠥᠭᠡᠳ ᠳᠣᠯᠣᠳᠣᠭᠠᠷ ᠵᠦᠢᠯ ᠭᠠᠴᠠᠭ᠎ᠠ ᠲᠣᠰᠬᠤᠨ ᠤ ᠭᠤᠣᠯ ᠣᠳᠣᠷᠢᠳᠣᠯᠭ᠎ᠠ ᠪᠣᠯᠣᠨ | ᠬᠠᠷᠢᠭᠤᠴᠠᠯᠭᠠᠲᠠᠳ ᠲᠣᠭᠲᠠᠭᠠᠯ᠂ ᠬᠠᠦᠯᠢ ᠠᠴᠠ ᠵᠣᠷᠢᠭᠤᠳᠠ ᠵᠦᠷᠢᠴᠡᠭᠰᠡᠨ ᠳᠣᠣᠷᠠᠬᠢ ᠪᠠᠶᠢᠳᠠᠯ ᠤᠨ ᠨᠢᠭᠡ ᠨᠢ | ᠪᠠᠶᠢᠪᠠᠯ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄ | ︵ᠨᠢᠭᠡ︶ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠦᠷᠢᠮ ᠠᠴᠠ ᠵᠦᠷᠢᠴᠡᠭᠰᠡᠨ︔ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ᠂ ᠡᠬᠢ ᠪᠠᠶᠠᠯᠢᠭ ᠤᠨ | ᠲᠠᠭᠠᠭᠠᠴᠢᠯᠠᠯᠳᠠ᠂ ᠪᠠᠷᠢᠯᠭ᠎ᠠ ᠶᠢᠨ ᠲᠥᠷᠥᠯ ᠵᠦᠢᠯ ᠤᠨ ᠪᠥᠲᠦᠭᠡᠨ ᠪᠠᠶᠢᠭᠤᠯᠤᠯᠲᠠ ᠳᠤ ᠠᠷᠠᠳᠴᠢᠯᠠᠯ ᠢᠶᠠᠷ | ᠰᠢᠢᠳᠪᠦᠷᠢᠲᠦ ᠪᠣᠳᠤᠯᠭ᠎ᠠ ᠲᠣᠭᠲᠠᠭᠠᠬᠤ ᠳᠡᠰ ᠳᠠᠷᠠᠭᠠᠯᠠᠯ ᠢᠶᠠᠷ ᠶᠠᠷᠢᠯᠴᠠᠭᠤᠯᠵᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠢ ᠳᠡᠮᠵᠢᠬᠰᠡᠨ ᠦᠭᠡᠢ᠂ ᠳᠡᠰ ᠳᠠᠷᠠᠭᠠᠯᠠᠯ ᠨᠢ ᠵᠢᠷᠤᠮᠵᠢᠯ ᠦᠭᠡᠢ᠂ ᠢᠯᠡ ᠲᠣᠳᠣᠷᠬᠠᠢ | ᠬᠢᠭᠰᠡᠨ ᠦᠭᠡᠢ᠂ ᠬᠠᠮᠢᠶᠠᠷᠤᠯᠲᠠ ᠨᠢ ᠠᠷᠠᠳᠴᠢᠯᠠᠯᠲᠤ ᠪᠣᠰᠤ ᠠᠴᠠ ᠪᠣᠯᠣᠭᠠᠳ ᠪᠡᠯᠡ ᠮᠥᠩᠭᠦ᠂ ᠡᠳ᠋ ᠬᠥᠷᠥᠩᠭᠡ᠂ | ᠡᠬᠢ ᠪᠠᠶᠠᠯᠢᠭ ᠲᠠᠭᠠᠨ ᠬᠦᠨᠳᠤ ᠬᠡᠴᠡᠭᠦᠤ ᠬᠤᠬᠢᠷᠠᠯ ᠳᠤ ᠤᠴᠠᠷᠠᠭᠤᠯᠤᠭᠰᠠᠨ︔ | ︵ᠭᠤᠷᠪᠡ︶ ᠭᠠᠴᠠᠭ᠎ᠠ ᠲᠣᠰᠬᠤᠨ ᠤ ᠠᠷᠠᠳ ᠤᠨ ᠬᠤᠷᠠᠯ ᠪᠣᠶᠤ ᠭᠠᠴᠠᠭ᠎ᠠ ᠲᠣᠰᠬᠤᠨ ᠤ ᠠᠷᠠᠳ ᠤᠨ | ᠲᠥᠯᠦᠭᠡᠯᠡᠭᠴᠢᠳ ᠤᠨ ᠬᠤᠷᠠᠯ ᠢᠶᠠᠷ ᠳᠠᠮᠵᠢᠨ ᠶᠠᠷᠢᠯᠴᠠᠭᠤᠯᠤᠨ ᠲᠣᠭᠲᠠᠭᠠᠭᠰᠠᠨ ᠪᠣᠰᠤ᠂ ᠬᠠᠮᠲᠤ ᠶᠢᠨ ᠨᠡᠷ᠎ᠡ ᠪᠠᠷ | ᠭᠠᠴᠠᠭ᠎ᠠ ᠲᠣᠰᠬᠤᠨ ᠤ ᠬᠠᠮᠲᠤ ᠶᠢᠨ ᠭᠠᠵᠠᠷ ᠰᠢᠷᠤᠢ᠂ ᠠᠵᠤ ᠠᠬᠤᠶᠢᠯᠠᠯ᠂ ᠲᠥᠬᠦᠭᠡᠷᠦᠮᠵᠢ᠂ ᠪᠡᠯᠡᠳᠬᠡᠮᠵᠢ ᠶᠢ | ᠳᠤᠷ᠎ᠠ ᠪᠠᠷ ᠢᠶᠠᠨ ᠬᠤᠪᠢᠷᠠᠭᠤᠯᠤᠭᠰᠠᠨ ᠪᠣᠶᠤ ᠰᠢᠢᠳᠪᠦᠷᠢᠯᠡᠭᠰᠡᠨ︔ | ︵ᠳᠥᠷᠪᠡ︶ ᠲᠤᠰᠢᠶᠠᠯ ᠤᠨ ᠢᠶᠠᠨ ᠳᠥᠭᠦᠮ ᠢ ᠠᠰᠢᠭᠯᠠᠨ ᠪᠣᠰᠤᠳ ᠤᠨ ᠡᠳ᠋ ᠪᠤᠳᠠᠰ ᠢ ᠠᠪᠤᠭᠰᠠᠨ ᠪᠣᠶᠤ | ᠬᠤᠷᠢᠶᠠᠭᠰᠠᠨ︔ | ︵ᠲᠠᠪᠤ︶ ᠪᠣᠰᠤᠳ ᠠᠯᠳᠠᠭ᠎ᠠ ᠲᠠᠢ ᠦᠢᠯᠡ ᠠᠵᠢᠯᠯᠠᠭ᠎ᠠ᠃ | ᠵᠠᠭᠤ ᠪᠥᠭᠡᠳ ᠨᠠᠢᠮᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠡᠯᠡ ᠮᠥᠩᠭᠦ᠂ ᠡᠳ᠋ | ᠬᠥᠷᠥᠩᠭᠡ᠂ ᠡᠬᠢ ᠪᠠᠶᠠᠯᠢᠭ ᠤᠨ ᠨᠠᠶᠢᠳᠠᠨ ᠣᠷᠣᠯᠠᠬᠤ ᠦᠢᠯᠡᠴᠢᠯᠡᠭᠡᠨ ᠤ ᠲᠥᠪ ᠨᠢ ᠪᠡᠯᠡ ᠮᠥᠩᠭᠦ᠂ ᠡᠳ᠋ ᠬᠥᠷᠥᠩᠭᠡ | ᠂ ᠡᠬᠢ ᠪᠠᠶᠠᠯᠢᠭ ᠤᠨ ᠨᠠᠶᠢᠳᠠᠨ ᠣᠷᠣᠯᠠᠬᠤ ᠦᠢᠯᠡᠴᠢᠯᠡᠭᠡᠨ ᠤ ᠠᠵᠢᠯ ᠤᠨ ᠳᠤᠮᠳᠠ ᠬᠢᠨᠨ᠋ᠵᠤ ᠡᠵᠡᠮᠳᠡᠭᠰᠡᠨ ᠢᠶᠠᠷ | ᠴᠢᠩᠭ᠎ᠠ ᠪᠣᠰᠤ᠂ ᠵᠢᠯᠤᠭᠤᠳᠴᠦ ᠬᠢᠨᠠᠯᠲᠠ ᠲᠠᠯᠪᠢᠭᠰᠠᠨ ᠢᠶᠠᠷ ᠬᠦᠴᠦᠨ ᠦᠭᠡᠢ ᠪᠣᠯ ᠣᠷᠣᠯᠠᠬᠤ ᠦᠢᠯᠡᠴᠢᠯᠡᠭᠡᠨ ᠤ | ᠲᠥᠪ ᠤᠨ ᠬᠠᠷᠢᠭᠤᠴᠠᠯᠭᠠᠲᠠᠨ ᠵᠢᠴᠢ ᠦᠢᠯᠡᠴᠢᠯᠡᠭᠡᠨ ᠤ ᠲᠥᠪ ᠤᠨ ᠠᠵᠢᠯᠲᠠᠳ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ᠃ | ᠵᠠᠭᠤ ᠪᠥᠭᠡᠳ ᠶᠢᠰᠦᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠢ ᠶᠠᠮᠠᠷᠪᠠ ᠨᠢᠭᠡᠴᠡ ᠪᠣᠶᠤ ᠬᠤᠪᠢ ᠬᠥᠮᠦᠨ | ᠡᠵᠡᠯᠡᠵᠦ᠂ ᠨᠡᠭᠦᠯᠭᠡᠨ ᠬᠡᠷᠡᠭᠡᠯᠡᠭᠰᠡᠨ᠂ ᠬᠤᠪᠢ ᠪᠠᠷ ᠢᠶᠠᠨ ᠬᠤᠪᠢᠶᠠᠵᠤ᠂ ᠰᠦᠢᠳᠬᠡᠵᠦ ᠡᠪᠳᠡᠭᠰᠡᠨ ᠪᠣᠯ | ᠬᠠᠷᠢᠭᠤᠴᠠᠯᠭ᠎ᠠ ᠲᠠᠢ ᠨᠢᠭᠡᠴᠡ ᠪᠣᠶᠤ ᠬᠤᠪᠢ ᠬᠥᠮᠦᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠵᠠᠭᠤ ᠠᠷᠪᠠᠳᠤᠭᠠᠷ ᠵᠦᠢᠯ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ | ᠪᠣᠰᠤᠳ ᠰᠠᠯᠠᠭ᠎ᠠ ᠮᠦᠴᠢᠷ ᠤᠳ ᠶᠠᠮᠠᠷᠪᠠ ᠨᠡᠷ᠎ᠡ ᠪᠠᠷ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ | ᠬᠥᠷᠥᠩᠭᠡ ᠶᠢ ᠨᠡᠭᠦᠯᠭᠡᠨ ᠬᠡᠷᠡᠭᠯᠡᠵᠦ᠂ ᠲᠣᠬᠢᠷᠠᠭᠤᠯᠵᠤ᠂ ᠲᠠᠰᠤᠳᠠᠨ ᠦᠯᠡᠳᠡᠭᠡᠭᠰᠡᠨ᠂ ᠭᠠᠴᠠᠭ᠎ᠠ ᠲᠣᠰᠬᠤᠨ ᠤ ᠡᠳ᠋ | ᠬᠥᠷᠥᠩᠭᠡ᠂ ᠪᠡᠯᠡ ᠮᠥᠩᠭᠦ ᠶᠢᠨ ᠵᠠᠷᠤᠯᠭ᠎ᠠ ᠶᠢᠨ ᠬᠡᠷᠡᠭᠯᠡᠯᠲᠡ ᠶᠢ ᠬᠡᠯᠪᠡᠷᠢ ᠶᠢ ᠨᠢ ᠬᠤᠪᠢᠷᠠᠭᠤᠯᠤᠨ ᠵᠠᠷᠯᠢᠭᠳᠠᠬᠤ ᠪᠣᠶᠤ | ᠨᠥᠯᠦᠭᠡᠯᠡᠭᠰᠡᠨ᠂ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠢ ᠬᠠᠦᠯᠢ ᠪᠣᠰᠤ ᠪᠠᠷ ᠡᠵᠡᠯᠡᠨ | ᠬᠡᠷᠡᠭᠯᠡᠭᠰᠡᠨ ᠪᠣᠯ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠪᠣᠰᠤᠳ ᠰᠠᠯᠠᠭ᠎ᠠ | ᠮᠦᠴᠢᠷ ᠤᠳ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︔ | ᠵᠠᠭᠤ ᠠᠷᠪᠠᠨ ᠨᠢᠭᠡᠳᠦᠭᠡᠷ ᠵᠦᠢᠯ ᠳᠡᠭᠡᠷᠡᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠡᠵᠡᠩᠨᠡᠯᠲᠡ | ᠵᠡᠷᠭᠡ ᠰᠠᠯᠠᠭ᠎ᠠ ᠮᠦᠴᠢᠷ ᠤᠳ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠢ︔ | ᠦᠢᠯᠡ ᠪᠠᠶᠢᠳᠠᠯ ᠨᠢ ᠨᠡᠯᠢᠶᠡᠳ ᠬᠥᠩᠭᠡᠨ ᠪᠣᠯ ᠶᠠᠷᠢᠯᠴᠠᠨ ᠬᠡᠯᠡᠯᠴᠡᠬᠦ ᠪᠣᠶᠤ ᠮᠡᠳᠡᠭᠡᠯᠡᠨ ᠰᠢᠭᠦᠮᠵᠢᠯᠡᠬᠦ ᠬᠡᠷᠡᠭᠲᠡᠢ︔ | ᠦᠢᠯᠡ ᠪᠠᠶᠢᠳᠠᠯ ᠨᠢ ᠨᠡᠯᠢᠶᠡᠳ ᠬᠥᠨᠳᠦ ᠪᠣᠯ ᠵᠣᠬᠢᠬᠤ ᠰᠢᠢᠳᠬᠡᠯ ᠥᠭᠴᠦ᠂ ᠠᠵᠤ ᠠᠬᠤᠢ ᠶᠢᠨ ᠬᠤᠬᠢᠷᠠᠯ ᠳᠤ | ᠤᠴᠠᠷᠠᠭᠤᠯᠤᠭᠰᠠᠨ ᠪᠣᠯ ᠬᠠᠦᠯᠢ ᠶᠣᠰᠤᠭᠠᠷ ᠲᠥᠯᠦᠭᠦᠯᠬᠦ ᠬᠡᠷᠡᠭᠲᠡᠢ᠃ ᠶᠠᠯ᠎ᠠ ᠳᠤ ᠬᠦᠷᠦᠭᠰᠡᠨ ᠪᠣᠯ᠂ ᠬᠠᠦᠯᠢ | ᠶᠣᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠵᠠᠭᠤ ᠠᠷᠪᠠᠨ ᠬᠤᠶᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |