ᠦᠪᠦᠷ ᠮᠤᠩᠭᠤᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠤᠭᠲᠠᠴᠠ ᠨᠢ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠤᠮᠧᠲᠷ︾᠎ ᠢ ᠨᠡᠪᠲᠡᠯᠪᠡ
ᠨᠡᠶᠢᠲᠡᠯᠡᠭᠰᠡᠨ ᠴᠠᠭ᠄
2015/7/28
     ᠦᠡᠭᠭᠡᠲᠦ ᠡᠭᠦᠯᠡᠨ ᠦᠢᠯᠡᠴᠢᠯᠡᠭᠡ ᠪᠤᠯ ᠦᠪᠦᠷ ᠮᠤᠩᠭᠤᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠤᠭᠲᠠᠴᠠ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠭᠰᠡᠨ ᠨᠢᠭᠡᠨ ᠪᠦᠲᠦᠮᠵᠢᠲᠠᠢ ᠤᠷᠤᠯᠳᠤᠯᠭ᠎ᠠ ᠮᠦᠨ᠃ ᠡᠨᠡᠬᠦ ᠦᠢᠯᠡᠴᠢᠯᠡᠭᠡ ᠨᠢ ᠤᠯᠠᠮᠵᠢᠯᠠᠯᠲᠤ ᠨᠤᠮ ᠤᠨ ᠰᠠᠩ ᠤᠨ ᠲᠡᠮᠳᠡᠭᠯᠡᠬᠦ᠂ ᠬᠠᠳᠠᠭᠠᠯᠠᠬᠤ᠂ ᠵᠢᠭᠡᠯᠡᠬᠦ ᠪᠠᠶᠢᠭᠰᠠᠨ ᠠᠴᠠ ᠨᠢ ᠤᠡᠭᠰᠢᠬᠤ ᠱᠠᠭᠠᠷᠳᠠᠯᠭ᠎ᠠ ᠪᠠᠷ ᠬᠦᠲᠦᠯᠡᠭᠦᠯᠦᠭᠰᠡᠨ ᠲᠡᠮᠳᠡᠭᠯᠡᠬᠦ᠂ ᠬᠠᠳᠠᠭᠠᠯᠠᠬᠤ᠂ ᠵᠢᠭᠡᠯᠡᠬᠦ ᠪᠤᠯᠭᠠᠨ ᠦᠭᠡᠷᠡᠴᠢᠯᠡᠬᠦ ᠶᠢᠨ ᠳᠠᠭᠠᠤ ᠨᠡᠶᠢᠭᠡᠮ ᠤᠨ ᠰᠤᠶᠤᠯ ᠤᠨ ᠡᠬᠢ ᠰᠤᠷᠪᠤᠯᠵᠢ ᠶᠢ ᠪᠦᠲᠦᠮᠵᠢᠲᠠᠢ ᠨᠡᠶᠢᠯᠡᠭᠦᠯᠦᠨ᠂ ᠨᠤᠮ ᠤᠨ ᠰᠠᠩ ᠤᠨ ᠦᠢᠯᠡᠴᠢᠯᠡᠭᠡ ᠶᠢ ᠨᠤᠮ ᠤᠨ ᠳᠡᠯᠭᠡᠭᠦᠷ ᠬᠦᠷᠲᠡᠯ᠎ᠡ ᠦᠷᠭᠡᠳᠭᠡᠵᠤ᠂ ᠤᠯᠠᠨ ᠨᠡᠶᠢᠲᠡ ᠶᠢᠨ ᠰᠤᠶᠤᠯ ᠤᠨ ᠦᠢᠯᠡᠴᠯᠡᠭᠡ ᠶᠢᠨ ᠲᠡᠩᠴᠡᠭᠦᠷᠢᠲᠦ ᠬᠦᠭᠵᠢᠯᠲᠡ ᠶᠢ ᠲᠦᠯᠬᠢᠨ ᠠᠬᠢᠭᠤᠯᠤᠭᠰᠠᠨ ᠪᠠᠶᠢᠨ᠎ᠠ᠃ ︽ᠡᠨᠡ ᠨᠢ ᠨᠤᠮ ᠵᠢᠭᠡᠯᠡᠬᠦ᠂ ᠰᠤᠯᠢᠬᠤ ᠲᠠᠪᠴᠠᠩ ᠪᠤᠯᠬᠤ ᠪᠦᠭᠡᠳ ᠨᠤᠮ ᠤᠨ ᠰᠠᠩ᠂ ᠨᠤᠮ ᠤᠨ ᠳᠡᠯᠭᠡᠭᠦᠷ ᠪᠤᠯᠤᠨ ᠠᠷᠠᠳ ᠢᠷᠭᠡᠳ ᠤᠨ ᠬᠠᠳᠠᠭᠠᠯᠠᠭᠰᠠᠨ ᠨᠤᠮ ᠵᠡᠷᠭᠡ ᠨᠡᠶᠢᠭᠡᠮ ᠤᠨ ᠨᠤᠮ ᠤᠨ ᠡᠬᠢ ᠰᠤᠷᠪᠤᠯᠵᠢ ᠶᠢ ᠨᠡᠶᠢᠯᠡᠭᠦᠯᠵᠤ᠂ ᠤᠡᠭᠰᠢᠭ᠌ᠴᠢ ᠳᠤ ᠨᠡᠩ ᠤᠯᠠᠨ ᠨᠡᠩ ᠰᠠᠶᠢᠨ ᠦᠨ᠎ᠡ ᠲᠦᠯᠦᠪᠦᠷᠢ ᠦᠭᠡᠢ ᠪᠠᠷ ᠵᠢᠭᠡᠯᠡᠨ ᠤᠡᠭᠰᠢᠬᠤ ᠨᠤᠮ ᠬᠠᠨᠭ᠍ᠭᠠᠭᠰᠠᠨ ᠮᠦᠷᠲᠡᠭᠡᠨ ᠪᠠᠰᠠ ᠨᠤᠮ ᠢ ᠴᠢᠯᠦᠭᠡᠲᠠᠢ ᠰᠤᠯᠢᠯᠴᠠᠬᠤ ᠪᠠ ᠨᠤᠮ ᠢᠶᠠᠷ ᠨᠠᠶᠢᠵᠠᠯᠠᠬᠤ ᠤᠡᠭᠰᠢᠯᠭ᠎ᠠ ᠶᠢᠨ ᠲᠤᠭᠤᠷᠢᠭ ᠢ ᠬᠠᠨᠭ᠍ᠭᠠᠪᠠ᠃︾ ᠬᠡᠵᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠤᠮ ᠤᠨ ᠰᠠᠩ ᠤᠨ ᠳᠠᠷᠤᠭ᠎ᠠ ᠯᠢ ᠰᠢᠶᠤᠤ ᠴᠢᠤ ᠬᠡᠯᠡᠪᠡ᠃      ᠤᠶᠢᠷ᠎ᠠ ᠶᠢᠨ ᠵᠢᠯ ᠤᠳ ᠲᠤ᠂ ᠦᠪᠦᠷ ᠮᠤᠩᠭᠤᠯ ᠤᠯᠠᠨ ᠨᠡᠶᠢᠲᠡ ᠶᠢᠨ ᠰᠤᠶᠤᠯ ᠤᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠷᠠᠳᠢᠤ᠋ ᠲᠧᠯᠸᠢᠰ ᠤᠨ ᠳᠠᠮᠵᠢᠭᠤᠯᠭ᠎ᠠ ᠶᠢᠨ ᠪᠦᠷᠬᠦᠴᠡ᠂ ᠤᠯᠠᠨ ᠨᠡᠶᠢᠲᠡ ᠶᠢᠨ ᠲᠤᠭᠠᠵᠢᠭᠤᠯᠤᠭᠰᠠᠨ ᠰᠤᠶᠤᠯ ᠤᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠤᠷᠤᠨ ᠳᠤ ᠺᠢᠨᠤ᠋ ᠭᠠᠷᠭᠠᠬᠤ ᠵᠡᠷᠭᠡ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠢᠳᠡᠪᠬᠢᠲᠠᠢ ᠬᠡᠷᠡᠭᠵᠢᠭᠦᠯᠦᠨ᠂ ᠤᠯᠠᠨ ᠨᠡᠶᠢᠲᠡ ᠶᠢᠨ ᠰᠤᠶᠤᠯ ᠤᠨ ᠦᠢᠯᠡᠰ ᠢ ᠦᠳᠲᠦᠷ ᠲᠦᠷᠭᠡᠨ ᠬᠦᠭᠵᠢᠭᠦᠯᠵᠤ᠂ ᠤᠳᠤᠬᠠᠨ ᠳᠤ ᠨᠢᠭᠡᠨᠲᠡ ᠦᠨᠳᠦᠰᠦᠲᠡᠨ ᠤ ᠤᠨᠴᠠᠯᠢᠭ ᠪᠦᠬᠦᠢ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠤᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠪᠡ᠃ ᠭᠡᠪᠡᠴᠦ ᠭᠠᠵᠠᠷ ᠨᠤᠲᠤᠭ ᠦᠷᠭᠡᠨ ᠠᠭᠤᠳᠠᠮ᠂ ᠬᠦᠮᠦᠨ ᠠᠮᠠ ᠶᠢᠨ ᠲᠠᠷᠬᠠᠴᠠ ᠲᠠᠷᠬᠠᠢ ᠪᠤᠲᠠᠷᠬᠠᠢ ᠵᠢᠴᠢ ᠴᠦᠭᠡᠨ ᠲᠤᠭᠠᠲᠤ ᠦᠨᠳᠦᠰᠦᠲᠡᠨ ᠤ ᠦᠪᠡᠷᠮᠢᠴᠡ ᠮᠠᠯᠵᠢᠬᠤ ᠠᠮᠢᠳᠤᠷᠠᠯ ᠤᠨ ᠳᠠᠳᠬᠠᠯ ᠵᠡᠷᠭᠡ ᠰᠢᠯᠲᠠᠭᠠᠨ ᠠᠴᠠ ᠪᠤᠯᠵᠤ᠂ ᠦᠪᠦᠷ ᠮᠤᠩᠭᠤᠯ ᠤᠨ ᠵᠠᠷᠢᠮ ᠪᠤᠶᠢᠳᠠ ᠪᠦᠭᠯᠡᠭᠦᠦ ᠭᠠᠵᠠᠷ ᠤᠷᠤᠨ ᠳᠤ ᠰᠦᠯᠵᠢᠶ᠎ᠡ ᠶᠢ ᠪᠦᠷᠬᠦᠬᠦᠯᠬᠦ ᠶᠢᠨ ᠠᠷᠭ᠎ᠠ ᠦᠭᠡᠢ ᠪᠠᠶᠢᠵᠤ᠂ ᠠᠷᠠᠳ ᠤᠯᠠᠨ ᠰᠦᠯᠵᠢᠶᠡᠨ ᠤ ᠮᠡᠳᠡᠭᠡ ᠵᠠᠩᠬᠢ ᠪᠤᠯᠤᠨ ᠰᠦᠯᠵᠢᠶᠡᠨ ᠤ ᠮᠡᠳᠡᠯᠭᠡ ᠶᠢ ᠡᠵᠡᠮᠰᠢᠬᠦ ᠠᠷᠭ᠎ᠠ ᠵᠠᠮ ᠪᠠᠷᠤᠭ ᠦᠭᠡᠢ ᠪᠠᠶᠢᠪᠠ᠃ 2012 ᠤᠨ ᠤ 8 ᠳ᠋ᠤᠭᠠᠷ ᠰᠠᠷ᠎ᠠ ᠠᠴᠠ ᠡᠬᠢᠯᠡᠨ᠂ ᠦᠪᠦᠷ ᠮᠤᠩᠭᠤᠯ ︽ᠲᠤᠭᠠᠵᠢᠭᠤᠯᠤᠭᠰᠠᠨ ᠰᠤᠶᠤᠯ ᠢ ᠮᠤᠩᠭᠤᠯ ᠬᠡᠷ ᠲᠤ ᠤᠷᠤᠭᠤᠯᠬᠤ︾ ᠢᠨᠵᠧᠨᠧᠷᠢᠩ ᠢ ᠡᠬᠢᠯᠡᠨ ᠬᠡᠷᠡᠭᠵᠢᠬᠦᠯᠵᠤ᠂ ᠡᠨᠡᠬᠦ ᠢᠨᠵᠧᠨᠧᠷᠢᠩ ᠨᠢ ᠢᠨᠲ᠋ᠧᠷ ᠰᠦᠯᠵᠢᠶ᠎ᠡ᠂ ᠷᠠᠳᠢᠤ᠋ WIFI ᠪᠤᠯᠤᠨ 3G ᠰᠦᠯᠵᠢᠶ᠎ᠡ ᠶᠢ ᠠᠰᠢᠭᠯᠠᠨ᠂ ᠪᠦᠬᠦ ᠤᠷᠤᠨ ᠳᠠᠶᠠᠭᠠᠷ ᠦᠷᠭᠡᠨ ᠲᠠᠷᠬᠠᠴᠠ ᠲᠠᠢ᠂ ᠦᠨᠳᠦᠷ  ᠪᠦᠲᠦᠮᠵᠢᠲᠠᠢ ᠤᠯᠠᠨ ᠨᠡᠶᠢᠲᠡ ᠶᠢᠨ ᠲᠤᠭᠠᠵᠢᠭᠤᠯᠤᠭᠰᠠᠨ ᠰᠤᠶᠤᠯ ᠤᠨ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠤᠭᠰᠠᠨ ᠤ ᠬᠠᠮᠲᠤ ᠤᠶᠤᠨᠲᠤ ᠭᠠᠷ ᠤᠲᠠᠰᠤ᠂ ᠬᠠᠪᠲᠠᠭᠠᠢ ᠺᠤᠮᠫᠢᠤᠲ᠋ᠧᠷ᠂ ᠪᠢᠴᠢᠯ ᠺᠤᠮᠫᠢᠤᠲ᠋ᠧᠷ ᠵᠡᠷᠭᠡ ᠰᠢᠯᠵᠢᠮᠡᠯ ᠦᠢᠯᠡᠴᠢᠯᠡᠭᠡᠨ ᠤ ᠴᠤᠩᠬᠤ ᠪᠠᠷ ᠳᠠᠮᠵᠢᠭᠤᠯᠤᠨ᠂ ᠦᠷᠭᠡᠨ ᠤᠯᠠᠨ ᠮᠠᠯᠴᠢᠨ ᠲᠠᠷᠢᠶᠠᠴᠢᠨ ᠳᠤ 24 ᠴᠠᠭ ᠤᠨ ᠤᠯᠠᠨ ᠨᠡᠶᠢᠲᠡ ᠶᠢᠨ ᠲᠤᠭᠠᠵᠢᠭᠤᠯᠤᠭᠰᠠᠨ ᠰᠤᠶᠤᠯ ᠤᠨ ᠦᠢᠯᠡᠴᠢᠯᠡᠭᠡ ᠶᠢ ᠬᠠᠨᠭ᠍ᠭᠠᠵᠤ ᠦᠭᠪᠡ᠃ ᠤᠳᠤᠬᠠᠨ ᠳᠤ᠂ ︽ᠲᠤᠭᠠᠵᠢᠭᠤᠯᠤᠭᠰᠠᠨ ᠰᠤᠶᠤᠯ ᠢ ᠮᠤᠩᠭᠤᠯ ᠭᠡᠷ ᠲᠤ ᠤᠷᠤᠭᠤᠯᠬᠤ︾ ᠢᠨᠵᠧᠨᠧᠷᠢᠩ ᠨᠢ ᠨᠢᠭᠡᠨᠲᠡ ᠪᠦᠬᠦ ᠤᠷᠤᠨ ᠤ 10 ᠠᠶᠢᠮᠠᠭ ᠬᠤᠲᠠ ᠶᠢᠨ 28 ᠬᠤᠰᠢᠭᠤ ᠰᠢᠶᠠᠨ ᠳᠤ ᠨᠡᠶᠢᠲᠡ ᠨᠢᠭᠡᠳᠦᠭᠡᠷ ᠳᠡᠰ ᠤᠨ ᠲᠤᠭᠠᠵᠢᠭᠤᠯᠤᠭᠰᠠᠨ ︽ᠲᠤᠰᠤ ᠨᠡᠮᠡᠬᠦ ᠦᠷᠲᠡᠭᠡ︾ 242᠂ ᠬᠤᠶᠠᠳᠤᠭᠠᠷ ᠳᠡᠰ ᠤᠨ ᠲᠤᠭᠠᠵᠢᠭᠤᠯᠤᠭᠰᠠᠨ ︽ᠲᠤᠰᠤ ᠨᠡᠮᠡᠬᠦ ᠦᠷᠲᠡᠭᠡ︾ 2᠂ ᠰᠢᠯᠵᠢᠮᠡᠯ ᠲᠤᠭᠠᠵᠢᠭᠤᠯᠤᠭᠰᠠᠨ ︽ᠲᠤᠰᠤ ᠨᠡᠮᠡᠬᠦ ᠦᠷᠲᠡᠭᠡ︾ 810᠎ ᠶᠢ ᠪᠠᠶᠢᠭᠤᠯᠵᠤ᠂ ᠦᠢᠯᠡᠴᠢᠯᠡᠭᠡᠨ ᠤ ᠲᠠᠯᠠᠪᠠᠢ ᠨᠢ 40 ᠭᠠᠷᠤᠢ ᠲᠦᠮᠡᠨ ᠲᠡᠭᠰᠢ ᠳᠦᠷᠪᠡᠯᠵᠢᠨ ᠺᠢᠯᠤᠮᠧᠲᠷ ᠪᠠᠶᠢᠵᠤ᠂  200 ᠭᠠᠷᠤᠢ ᠲᠦᠮᠡᠨ ᠮᠠᠯᠴᠢᠨ ᠲᠠᠷᠢᠶᠠᠴᠢᠨ ᠳᠤ ᠦᠢᠯᠡᠴᠢᠯᠡᠭᠡ ᠬᠠᠨᠭ᠍ᠭᠠᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号