ᠥᠪᠥᠷ ᠮᠣᠩᠭᠤᠯ ᠤᠨ 43 ᠬᠤᠰᠢᠭᠤ ᠰᠢᠶᠠᠨ 4.56 ᠳ᠋ᠦᠩᠰᠢᠭᠤᠷ ᠲᠥᠭᠦᠷᠢᠭ ᠤᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠶᠢᠨ ᠲᠠᠲᠠᠭᠠᠯ ᠪᠠᠶᠢᠭᠤᠯᠪᠠ
ᠨᠡᠶᠢᠲᠡᠯᠡᠭᠰᠡᠨ ᠴᠠᠭ᠄
2015/7/28
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠤᠰᠠᠯᠠᠵᠤ ᠪᠠᠲᠤᠯᠠᠬᠤ ᠲᠥᠷᠥᠯ ᠤᠨ ᠪᠡᠯᠡ ᠲᠣᠬᠢᠷᠠᠭᠤᠯᠬᠤ ᠦᠢᠯᠡᠴᠢᠯᠡᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠭᠠᠳ᠂ ᠣᠳᠣᠬᠠᠨ ᠪᠣᠯᠲᠠᠯ᠎ᠠ᠂ ᠪᠦᠬᠦ ᠣᠷᠣᠨ ᠤ  12 ᠠᠶᠢᠮᠠᠭ ᠬᠤᠲᠠ ᠶᠢᠨ 43 ᠬᠤᠰᠢᠭᠤ ᠰᠢᠶᠠᠨ ︵ᠬᠤᠲᠠ᠂ ᠲᠣᠭᠤᠷᠢᠭ︶ 4.56 ᠳ᠋ᠦᠩᠰᠢᠭᠤᠷ ᠲᠥᠭᠦᠷᠢᠭ ᠤᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠶᠢᠨ ᠲᠠᠲᠠᠭᠠᠯ ᠪᠠᠶᠢᠭᠤᠯᠪᠠ᠃ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠶᠢᠨ ᠲᠠᠲᠠᠭᠠᠯ ᠢᠶᠠᠷ ᠳᠠᠮᠵᠢᠭᠤᠯᠤᠨ᠂ 9 ᠬᠤᠷᠰᠢᠯᠴᠠᠭ᠎ᠠ ᠶᠢᠨ ᠪᠠᠩᠬᠢ ᠶᠢ ᠬᠦᠲᠦᠯᠦᠨ ᠵᠢᠯᠣᠭᠤᠳᠴᠤ 56.2 ᠳ᠋ᠦᠩᠰᠢᠭᠤᠷ ᠭᠠᠷᠤᠢ ᠲᠥᠭᠦᠷᠢᠭ ᠤᠨ ᠢᠲᠡᠭᠡᠮᠵᠢ ᠣᠯᠭᠤᠵᠤ᠂ ᠨᠡᠶᠢᠲᠡ 502 ᠡᠷᠦᠬᠡ ᠳᠤᠮᠳᠠ ᠵᠢᠵᠢᠭ ᠠᠵᠤ ᠠᠬᠤᠶᠢᠯᠠᠯ ᠳᠤ 21 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠲᠠᠯᠪᠢᠵᠤ᠂ ᠡᠳ᠋ ᠤᠨ ᠵᠠᠰᠠᠭ ᠤᠨ ᠪᠡᠯᠡ ᠮᠥᠩᠭᠦ ᠪᠠᠷ ᠮᠥᠩᠭᠦᠨ ᠭᠦᠢᠯᠭᠡᠭᠡᠨ ᠤ ᠪᠡᠯᠡ ᠮᠥᠩᠭᠦ ᠶᠢ ᠬᠦᠲᠦᠯᠦᠨ ᠵᠢᠯᠣᠭᠤᠳᠤᠭᠰᠠᠨ ᠲᠣᠮᠣᠷᠠᠮᠵᠢ 1᠄ 4.6᠎ ᠳᠤ ᠬᠦᠷᠴᠦ᠂ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠰᠢᠨ᠎ᠡ ᠪᠠᠷ ᠨᠡᠮᠡᠭᠳᠡᠭᠦᠯᠬᠦ ᠡᠵᠡᠩᠨᠡᠯᠲᠡ ᠶᠢᠨ ᠣᠷᠣᠯᠭ᠎ᠠ ᠶᠢ 44.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠪᠠᠷ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ ᠬᠥᠲᠥᠯᠥᠨ ᠵᠢᠯᠣᠭᠤᠳᠤᠭᠰᠠᠨ ᠲᠣᠮᠣᠷᠠᠮᠵᠢ 1᠄ 8.7᠎ ᠳᠤ ᠬᠦᠷᠪᠡ᠃      ᠣᠶᠢᠯᠭᠠᠭᠰᠠᠨ ᠢᠶᠠᠷ᠂ ᠮᠠᠨ ᠤ ᠣᠷᠣᠨ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠦᠢᠯᠡᠴᠢᠯᠡᠭᠡ ᠶᠢ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠰᠲ᠋ᠣᠺ ᠤᠨ ᠡᠷᠬᠡ᠂ ᠠᠪᠴᠠᠭᠠᠨ ᠤ ᠡᠷᠬᠡ ᠪᠠᠷ ᠪᠡᠯᠡ ᠲᠣᠬᠢᠷᠠᠭᠤᠯᠬᠤ ᠪᠣᠯᠪᠠᠰᠤᠷᠠᠭᠤᠯᠤᠯ ᠪᠠ ᠨᠡᠪᠴᠢᠭᠦᠯᠬᠦ ᠦᠢᠯᠡᠴᠢᠯᠡᠭᠡ ᠶᠢ ᠴᠢᠩᠭᠠᠳᠬᠠᠵᠤ ᠪᠣᠢ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠥᠪᠯᠡᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠪᠴᠢᠶ᠎ᠠ ᠶᠢᠨ ᠮᠡᠳᠡᠭᠡ ᠵᠠᠩᠭᠢ ᠶᠢᠨ ᠢᠯᠡᠷᠡᠭᠦᠯᠦᠭᠰᠡᠨ ᠨᠢ᠄ ᠪᠦᠬᠦ ᠣᠷᠣᠨ ᠳᠤ ᠨᠡᠶᠢᠲᠡ 31 ᠠᠵᠤ ᠠᠬᠤᠶᠢᠯᠠᠯ ᠱᠠᠩᠬᠠᠢ ᠶᠢᠨ ᠰᠲ᠋ᠣᠺ ᠤᠨ ᠡᠷᠬᠡ ᠶᠢᠨ ᠨᠠᠶᠢᠳᠠᠵᠤ ᠬᠠᠮᠢᠶᠠᠷᠤᠭᠤᠯᠬᠤ ᠠᠷᠠᠯᠵᠢᠶᠠᠨ ᠤ ᠲᠥᠪ ᠲᠤ ᠫᠠᠶᠢᠰᠠ ᠡᠯᠭᠦᠨ ᠪᠡᠯᠡ ᠲᠣᠬᠢᠷᠠᠭᠤᠯᠤᠭᠰᠠᠨ ᠪᠠᠶᠢᠵᠤ᠂ 7 ᠠᠵᠤ ᠠᠬᠤᠶᠢᠯᠠᠯ ︽ᠰᠢᠨ᠎ᠡ ᠭᠤᠷᠪᠠᠨ ᠵᠦᠢᠯ︾᠎ ᠳᠤ ᠫᠠᠶᠢᠰᠠ ᠡᠯᠭᠦᠨ ᠪᠡᠯᠡ ᠲᠣᠬᠢᠷᠠᠭᠤᠯᠤᠭᠰᠠᠨ ᠪᠠᠶᠢᠵᠤ᠂ 340 ᠠᠵᠤ ᠠᠬᠤᠶᠢᠯᠠᠯ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠨ ᠪᠡᠯᠡ ᠲᠣᠬᠢᠷᠠᠭᠤᠯᠤᠭᠰᠠᠨ ᠪᠠᠶᠢᠨ᠎ᠠ᠃ ᠡᠯ᠎ᠡ ᠱᠠᠲᠤᠨ ᠤ ᠳᠤᠮᠳᠠ ᠵᠢᠵᠢᠭ ᠠᠵᠤ ᠠᠬᠤᠶᠢᠯᠠᠯ ᠤᠨ ᠰᠠᠯᠠᠭ᠎ᠠ ᠮᠥᠴᠢᠷ ᠤᠳ ᠪᠠᠩᠬᠢ ᠬᠢᠭᠡᠳ ᠠᠵᠤ ᠠᠵᠤ ᠠᠬᠤᠶᠢᠯᠠᠯ ᠢ ᠵᠣᠯᠭᠠᠯᠳᠤᠭᠤᠯᠬᠤ ᠲᠣᠮᠣ ᠬᠡᠯᠪᠡᠷᠢ ᠶᠢᠨ ᠠᠵᠢᠯᠯᠠᠭ᠎ᠠ ᠶᠢ 5 ᠤᠳᠠᠭ᠎ᠠ  ᠵᠣᠬᠢᠶᠠᠨ ᠪᠠᠶᠢᠭᠤᠯᠵᠤ᠂ 2160 ᠠᠵᠤ ᠠᠬᠤᠶᠢᠯᠠᠯ ᠣᠷᠣᠯᠴᠠᠵᠤ᠂ 110 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠰᠠᠨᠠᠮᠵᠢ ᠲᠣᠬᠢᠷᠠᠯᠴᠠᠪᠠ᠃ ᠡᠭᠦᠨ ᠤ ᠬᠠᠮᠲᠤ᠂ ᠮᠠᠨ ᠤ ᠣᠷᠣᠨ ᠤ ᠪᠡᠯᠡ ᠲᠣᠬᠢᠷᠠᠭᠤᠯᠬᠤ ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠠᠴᠠ ᠳᠤᠮᠳᠠ ᠵᠢᠵᠢᠭ ᠠᠵᠤ ᠠᠬᠤᠶᠢᠯᠠᠯ ᠳᠤ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠬᠡᠷᠡᠭ ᠢᠶᠠᠨ ᠥᠷᠭᠡᠳᠬᠡᠬᠦ ᠶᠢ ᠵᠣᠷᠢᠭᠵᠢᠭᠤᠯᠤᠨ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 205 ᠳᠠᠭᠠᠭᠠᠯᠲᠠ ᠬᠢᠬᠦ ᠪᠠᠶᠢᠭᠤᠯᠤᠮᠵᠢ ᠳᠤᠮᠳᠠ ᠵᠢᠵᠢᠭ ᠠᠵᠤ ᠠᠬᠤᠶᠢᠯᠠᠯ ᠳᠤ ᠨᠡᠶᠢᠲᠡ 1355 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠬᠤ ᠳᠠᠭᠠᠭᠠᠯᠲᠠ ᠬᠢᠵᠦ᠂ ᠳᠠᠭᠠᠭᠠᠯᠲᠠ ᠳᠤ ᠪᠠᠶᠢᠭ᠎ᠠ ᠦᠯᠡᠳᠡᠪᠦᠷᠢ ᠲᠤᠭ᠎ᠠ 340 ᠳ᠋ᠦᠩᠰᠢᠭᠤᠷ ᠲᠥᠭᠦᠷᠢᠭ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号