ᠪᠦᠬᠦ ᠣᠷᠣᠨ ᠤ ︽ᠬᠠᠷᠠᠭ᠎ᠠ ᠰᠡᠷᠭᠦᠭᠡᠬᠦ ᠠᠶᠠᠯᠠᠯ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠬᠥᠯᠥᠨ ᠪᠣᠶᠢᠷ ᠲᠤ ᠬᠦᠷᠪᠡ
ᠨᠡᠶᠢᠲᠡᠯᠡᠭᠰᠡᠨ ᠴᠠᠭ᠄
2015/7/29
    7 ᠳ᠋ᠤᠭᠠᠷ ᠰᠠᠷ᠎ᠠ ᠶᠢᠨ 27᠎ ᠤ ᠡᠳᠦᠷ᠂  ᠥᠪᠥᠷ ᠮᠣᠩᠭᠤᠯ ᠤᠨ ᠬᠢᠯᠠᠯᠵᠠᠭᠰᠠᠨ ᠦᠢᠯᠡᠰ ᠢ ᠠᠬᠢᠭᠤᠯᠬᠤ ᠺᠣᠮᠢᠰ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠡᠪᠯᠡᠯ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠰᠠᠭᠤᠷᠢ ᠮᠥᠩᠭᠦ ᠶᠢᠨ ᠡᠪᠯᠡᠯ ᠠᠴᠠ ᠬᠠᠮᠲᠤᠷᠠᠨ ᠡᠲᠦᠭᠰᠡᠨ ᠥᠪᠥᠷ ᠮᠣᠩᠭᠤᠯ ᠤᠨ ︽ᠬᠠᠷᠠᠭ᠎ᠠ ᠰᠡᠷᠭᠦᠭᠡᠬᠦ ᠠᠶᠠᠯᠠᠯ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠬᠥᠯᠥᠨ ᠪᠣᠶᠢᠷ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠪᠦ᠋ ᠰᠢᠶᠣᠣ ᠯᠢᠨ᠂ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠳᠡᠳ᠋ ᠳᠠᠷᠤᠭ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠣᠭᠤᠶᠢᠯᠠᠩ ᠤᠨ ᠱᠦᠵᠢ ᠰᠢᠶᠠᠩ ᠳ᠋ᠦᠩ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠡᠪᠯᠡᠯ ᠤᠨ ᠨᠠᠮ ᠤᠨ ᠤᠳᠤᠷᠢᠳᠬᠤ ᠳᠣᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠯᠢᠤ ᠵᠢᠦᠢ ᠷᠦ᠋᠂ ᠬᠦᠯᠦᠨ ᠪᠣᠶᠢᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠦᠸᠧ ᡁᠢ ᠬᠤ᠋᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠧᠩ ᠰᠦᠩ ᠯᠢᠨ᠂ ᠬᠤᠲᠠ ᠶᠢᠨ ᠳᠡᠳ᠋ ᠳᠠᠷᠤᠭ᠎ᠠ ᠬᠤᠤ ᠭᠦᠢ ᠵᠢᠤᠸᠠᠨ ᠨᠠᠷ ᠬᠤᠷᠠᠯ ᠳᠤ ᠣᠷᠣᠯᠴᠠᠪᠠ᠃      ᠮᠧᠩ ᠰᠦᠩ ᠯᠢᠨ ᠶᠠᠷᠢᠶᠠᠨ ᠳᠠᠭᠠᠨ᠄ ᠬᠦᠯᠦᠨ ᠪᠣᠶᠢᠷ ᠬᠤᠲᠠ ᠪᠣᠯ ᠨᠢᠳᠦᠨ ᠤ ᠡᠪᠡᠳᠴᠢᠨ ᠣᠯᠠᠨ  ᠡᠭᠦᠰᠳᠡᠭ ᠭᠠᠵᠠᠷ ᠪᠣᠯᠣᠨ᠎ᠠ᠂ ᠪᠦᠬᠦ ᠬᠤᠲᠠ ᠳᠤ ᠴᠠᠭᠠᠨ ᠬᠠᠷᠠᠩ ᠤᠨ ᠡᠪᠡᠳᠴᠢᠲᠡᠨ 1400 ᠭᠠᠷᠤᠢ ᠪᠠᠶᠢᠨ᠎ᠠ᠃ ᠲᠤᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠬᠥᠯᠥᠨ ᠪᠣᠶᠢᠷ ᠢᠶᠠᠷ ᠶᠠᠪᠤᠵᠤ᠂ ᠡᠳᠡᠭᠡᠷ ᠡᠪᠡᠳᠴᠢᠲᠡᠳ ᠲᠤ ᠬᠠᠷᠠᠭ᠎ᠠ ᠰᠡᠷᠭᠦᠭᠡᠬᠦ ᠰᠠᠶᠢᠨ ᠮᠡᠳᠡᠭᠡ ᠠᠪᠴᠢᠷᠠᠨ ᠦᠭᠭᠦᠯ᠎ᠡ᠂ ᠬᠥᠯᠥᠨ ᠪᠣᠶᠢᠷ ᠬᠤᠲᠠ ᠨᠠᠷᠢᠯᠢᠭ ᠵᠣᠬᠢᠶᠠᠨ ᠪᠠᠶᠢᠭᠤᠯᠤᠨ᠂ ᠢᠳᠡᠪᠬᠢᠲᠡᠢ ᠪᠠᠷ ᠬᠠᠮᠵᠢᠯᠴᠠᠨ᠂ ᠰᠠᠶᠢᠲᠤᠷ ᠦᠢᠯᠡᠴᠢᠯᠡᠵᠦ᠂ ᠡᠨᠡᠬᠦ ᠶᠣᠰᠣ ᠪᠠᠷ ᠵᠠᠰᠠᠬᠤ ᠪᠣᠳᠤᠯᠭ᠎ᠠ ᠶᠢᠨ ᠢᠨᠵᠧᠨᠧᠷᠢᠩ ᠢ ᠰᠠᠶᠢᠲᠤᠷ ᠬᠢᠵᠦ᠂ ᠡᠪᠡᠳᠴᠢᠲᠠᠳ ᠲᠤ ᠭᠡᠭᠡᠨ ᠰᠠᠷᠠᠭᠤᠯ ᠶᠢᠷᠲᠢᠨᠴᠦ ᠶᠢ ᠬᠠᠷᠠᠭᠤᠯᠵᠤ ᠪᠣᠯᠣᠨ᠎ᠠ ᠭᠡᠪᠡ᠃      ᠥᠪᠥᠷ ᠮᠣᠩᠭᠤᠯ ᠤᠨ ᠬᠢᠯᠡᠯᠵᠠᠭᠰᠠᠨ ᠦᠢᠯᠡᠰ ᠢ ᠠᠬᠢᠭᠤᠯᠬᠤ ᠡᠪᠯᠡᠯ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠡᠪᠯᠡᠯ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠬᠦᠬᠦ ᠰᠠᠭᠤᠷᠢ ᠮᠥᠩᠭᠦ ᠶᠢᠨ ᠡᠪᠯᠡᠯ ᠨᠢ ᠯᠤᠤ ᠨᠢᠦ ᠰᠠᠭᠤᠷᠢ ᠮᠥᠩᠭᠦ ᠶᠢᠨ ᠡᠪᠯᠡᠯ ᠯᠦᠭᠡ ᠬᠤᠷᠰᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠥᠴᠦᠨ ᠤ ᠡᠬᠢ ᠪᠠᠶᠠᠯᠢᠭ ᠤᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠪᠣᠯᠣᠨ ᠴᠣᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠶᠢᠨ ᠪᠦᠯᠦᠭᠯᠡᠯ ᠲᠠᠢ ᠬᠠᠮᠲᠤᠷᠠᠨ᠂ 2015 ᠣᠨ ᠠᠴᠠ 2017 ᠣᠨ ᠪᠣᠯᠲᠠᠯ᠎ᠠ᠂  ᠪᠦᠬᠦ ᠣᠷᠣᠨ ᠤ ᠬᠡᠪᠴᠢᠶᠡᠨ ᠳᠤ ᠥᠪᠥᠷ ᠮᠣᠩᠭᠤᠯ ᠤᠨ ︽ᠬᠠᠷᠠᠭ᠎ᠠ ᠰᠡᠷᠭᠦᠭᠡᠬᠦ ᠠᠶᠠᠯᠠᠯ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠲᠦᠮᠡᠨ ᠨᠡᠷᠡᠰ ᠶᠠᠳᠠᠭᠤ ᠬᠦᠴᠢᠷᠲᠡᠯᠳᠡᠢ  ᠴᠠᠭᠠᠨ ᠬᠠᠷᠠᠩ ᠤᠨ ᠡᠪᠡᠳᠴᠢᠲᠡᠳ ᠲᠤ ᠬᠠᠷᠠᠭ᠎ᠠ ᠰᠡᠷᠭᠦᠭᠡᠬᠦ ᠮᠡᠰᠡ ᠵᠠᠰᠠᠯ ᠬᠢᠵᠦ ᠥᠭᠬᠦ ᠪᠠᠷ ᠲᠣᠭᠲᠠᠵᠠᠢ᠃ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠶᠤᠰᠤᠯᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠡᠮᠴᠢᠯᠡᠭᠦᠯᠵᠦ ᠪᠠᠶᠢᠭ᠎ᠠ ᠴᠠᠭᠠᠨ ᠬᠠᠷᠠᠩ ᠤᠨ ᠡᠪᠡᠳᠴᠢᠲᠡᠳ ᠢ ᠪᠣᠯᠭᠤᠭᠠᠨ ᠦᠵᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号