ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠪᠤᠨ ᠵᠢᠯ ᠤᠨ ᠳᠦᠷᠢᠮᠲᠦ ᠳᠡᠭᠡᠲᠦ ᠵᠡᠷᠭᠡ ᠶᠢᠨ ᠠᠵᠢᠯ ᠮᠡᠷᠭᠡᠵᠢᠯ ︵3+2︶᠎ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠲᠤᠭᠲᠠᠭᠠᠪᠠ
ᠨᠡᠶᠢᠲᠡᠯᠡᠭᠰᠡᠨ ᠴᠠᠭ᠄
2015/7/29
     2015 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠪᠤᠨ ᠵᠢᠯ ᠤᠨ ᠳᠦᠷᠢᠮᠲᠦ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠲᠤᠭᠲᠠᠭᠠᠭᠰᠠᠨ ᠤ ᠬᠠᠮᠲᠤ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠬᠢ ᠶᠢᠨ ᠰᠦᠯᠵᠢᠶᠡᠨ ᠤ ︽ᠳᠤᠮᠳᠠ ᠵᠡᠷᠭᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ︾ ᠳᠠᠪᠲᠠᠭ ᠲᠤ ᠨᠡᠶᠢᠲᠡᠯᠡᠪᠡ᠃ ᠪᠦᠬᠦ ᠤᠷᠤᠨ ᠠᠴᠠ ᠨᠡᠶᠢᠲᠡ 18797 ᠰᠤᠷᠤᠭᠴᠢ ᠡᠯᠰᠡᠬᠦ ᠪᠠᠷ ᠲᠦᠯᠦᠪᠯᠡᠵᠤ᠂ ᠡᠭᠦᠨ ᠳᠤ᠂ ᠤᠷᠤᠨ ᠤ ᠳᠤᠲᠤᠷᠠᠬᠢ 36 ᠰᠤᠷᠭᠠᠭᠤᠯᠢ 18110 ᠰᠤᠷᠤᠭᠴᠢ ᠡᠯᠰᠡᠬᠦ ᠪᠠᠷ ᠲᠦᠯᠦᠪᠯᠡᠵᠤ᠂ ᠤᠷᠤᠨ ᠤ ᠭᠠᠳᠠᠨᠠᠬᠢ 16 ᠰᠤᠷᠭᠠᠭᠤᠯᠢ 687 ᠰᠤᠷᠤᠭᠴᠢ ᠡᠯᠰᠡᠬᠦ ᠪᠠᠷ ᠲᠦᠯᠦᠪᠯᠡᠪᠡ᠃ ᠤᠷᠤᠨ ᠤ ᠳᠤᠲᠤᠷ᠎ᠠ᠂ ᠭᠠᠳᠠᠨᠠᠬᠢ ᠰᠤᠷᠤᠭᠴᠢ ᠡᠯᠰᠡᠬᠦ ᠳᠡᠭᠡᠲᠦ ᠰᠤᠷᠭᠠᠭᠤᠯᠢ ᠨᠤᠭᠤᠳ ᠤᠨ ᠰᠤᠷᠤᠭᠴᠢ ᠡᠯᠰᠡᠬᠦ ᠲᠦᠯᠦᠪᠯᠡᠭᠡ ᠶᠢᠨ ᠶᠡᠷᠦᠩᠭᠡᠢ ᠲᠤᠭ᠎ᠠ ᠶᠢ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠬᠢᠨᠠᠨ ᠲᠤᠭᠲᠠᠭᠠᠵᠤ᠂ ᠲᠤᠰᠬᠠᠢ ᠮᠡᠷᠭᠡᠵᠢᠯ ᠬᠤᠪᠢᠶᠠᠨ᠂ ᠠᠶᠢᠮᠠᠭ ᠬᠤᠲᠠ ᠬᠤᠪᠢᠶᠠᠨ ᠰᠤᠷᠤᠭᠴᠢ ᠡᠯᠰᠡᠬᠦ ᠲᠦᠯᠦᠪᠯᠡᠭᠡ ᠶᠢᠨ ᠶᠡᠷᠦᠩᠭᠡᠢ ᠲᠤᠭ᠎ᠠ ᠶᠢ ᠡᠯ᠎ᠡ ᠰᠤᠷᠤᠭᠴᠢ ᠡᠯᠰᠡᠬᠦ ᠳᠡᠭᠡᠲᠦ ᠰᠤᠷᠭᠠᠭᠤᠯᠢ ᠠᠴᠠ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠬᠢᠨᠠᠨ ᠵᠦᠪᠰᠢᠶᠡᠷᠡᠭᠰᠡᠨ ᠰᠤᠷᠤᠭᠴᠢ ᠡᠯᠰᠡᠬᠦ ᠲᠦᠯᠦᠪᠯᠡᠭᠡ ᠶᠢᠨ ᠶᠡᠷᠦᠩᠭᠡᠢ ᠲᠤᠭ᠎ᠠ ᠶᠢᠨ ᠳᠤᠲᠤᠷ᠎ᠠ ᠨᠠᠶᠢᠷᠠᠭᠤᠯᠤᠨ ᠲᠤᠭᠲᠠᠭᠠᠨ᠎ᠠ᠃      ᠲᠠᠪᠤᠨ ᠵᠢᠯ ᠤᠨ ᠳᠦᠷᠢᠮᠲᠦ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠴᠠᠭ ᠬᠤᠭᠤᠴᠠᠭ᠎ᠠ᠄ 8 ᠳ᠋ᠤᠭᠠᠷ ᠰᠠᠷ᠎ᠠ ᠶᠢᠨ 2᠎ ᠤᠨ ᠡᠳᠦᠷ — 6᠎ ᠤ ᠡᠳᠦᠷ᠃ ᠵᠢᠩᠬᠢᠨᠢ ᠪᠠᠷ ᠡᠯᠰᠡᠵᠤ ᠳᠠᠭᠤᠰᠤᠭᠰᠠᠨ ᠤ ᠳᠠᠷᠠᠭ᠎ᠠ᠂ ᠡᠨᠡ ᠵᠢᠯ ᠨᠦᠬᠦᠵᠤ ᠡᠯᠰᠡᠬᠦ ᠶᠢ ᠲᠤᠬᠢᠷᠠᠭᠤᠯᠬᠤ ᠦᠭᠡᠢ᠃      ᠰᠢᠯᠭᠠᠭᠤᠯᠤᠭᠰᠠᠳ ᠤᠨ ᠨᠢᠭᠡᠳᠦᠭᠡᠷ ᠤᠳᠠᠭ᠎ᠠ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠵᠤ ᠮᠡᠳᠡᠭᠦᠯᠬᠦ ᠴᠠᠭ ᠨᠢ 8 ᠳ᠋ᠤᠭᠠᠷ ᠰᠠᠷ᠎ᠠ ᠶᠢᠨ 2᠎ ᠤᠨ ᠡᠳᠦᠷ ᠪᠤᠯᠤᠨ᠎ᠠ᠂ ᠵᠠᠯᠭᠠᠭᠠᠳ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠵᠤ ᠮᠡᠳᠡᠭᠦᠯᠬᠦ ᠴᠠᠭ ᠢ ᠡᠯᠰᠡᠬᠦ ᠠᠬᠢᠴᠠ ᠶᠢ ᠳᠠᠭᠠᠯᠳᠤᠭᠤᠯᠤᠨ ᠲᠤᠭᠲᠠᠭᠠᠬᠤ ᠲᠤᠯᠠ᠂ ᠲᠤᠬᠠᠢ ᠶᠢᠨ ᠴᠠᠭ ᠎ ᠲᠤᠨᠢ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠬᠢ ᠶᠢᠨ ᠰᠦᠯᠵᠢᠶᠡᠨ ︵http://www.nm.zsks.cn᠂ ᠳᠤᠷᠤᠭᠰᠢ ᠠᠳᠠᠯᠢ︶᠎ ᠤ ︽ᠲᠠᠪᠤᠨ ᠵᠢᠯ ᠤᠨ ᠳᠦᠷᠢᠮᠲᠦ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠲᠤᠰᠬᠠᠢ ᠪᠤᠯᠤᠩ︾᠎ ᠢᠶᠠᠷ ᠳᠠᠮᠵᠢᠭᠤᠯᠤᠨ ᠡᠷᠡᠮᠡᠯᠵᠡᠯ ᠮᠡᠳᠡᠭᠦᠯᠬᠦ ᠪᠤᠳᠠᠲᠠᠢ ᠴᠠᠭ ᠬᠤᠭᠤᠴᠠᠭ᠎ᠠ ᠬᠢᠭᠡᠳ ᠱᠠᠭᠠᠷᠳᠠᠯᠭ᠎ᠠ ᠵᠡᠷᠭᠡ ᠶᠢ ᠨᠡᠶᠢᠲᠡᠯᠡᠨ᠎ᠡ᠃      ᠰᠢᠯᠭᠠᠭᠤᠯᠤᠭᠰᠠᠳ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠵᠤ ᠮᠡᠳᠡᠬᠦᠯᠬᠦ ᠳᠡᠭᠡᠨ᠂ ᠦᠪᠡᠷ ᠤᠨ ᠪᠠᠶᠢᠭ᠎ᠠ ᠠᠶᠢᠮᠠᠭ ᠬᠤᠲᠠ ᠶᠢᠨ ᠰᠤᠷᠤᠭᠴᠢ ᠡᠯᠰᠡᠬᠦ ᠲᠦᠯᠦᠪᠯᠡᠭᠡ ︵ᠠᠶᠢᠮᠠᠭ ᠬᠤᠲᠠ ᠶᠢᠨ ᠰᠤᠷᠤᠭᠴᠢ ᠡᠯᠰᠡᠬᠦ ᠳᠡᠭᠡᠲᠦ ᠰᠤᠷᠭᠠᠭᠤᠯᠢ ᠬᠢᠭᠡᠳ ᠲᠤᠰᠬᠠᠢ ᠮᠡᠷᠭᠡᠵᠢᠯ ᠬᠤᠪᠢᠶᠠᠭᠰᠠᠨ ᠰᠤᠷᠤᠭᠴᠢ ᠡᠯᠰᠡᠬᠦ ᠲᠦᠯᠦᠪᠯᠡᠭᠡ︶ ᠪᠤᠯᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠷᠢᠳᠠᠪᠡᠷ ᠪᠠᠶᠢᠴᠠᠭᠠᠨ ᠦᠵᠡᠬᠦ ᠬᠡᠷᠡᠭᠲᠠᠢ᠂ ᠨᠦᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠰᠠᠳ ᠡᠷᠡᠮᠡᠯᠵᠡᠯ ᠲᠠᠭᠯᠠᠨ ᠮᠡᠳᠡᠭᠦᠯᠵᠤ ᠪᠤᠯᠬᠤ ᠦᠭᠡᠢ᠃ ᠤᠳᠠᠭ᠎ᠠ ᠨᠢᠭᠡᠪᠦᠷᠢ ᠡᠷᠡᠮᠡᠯᠵᠡᠯ ᠲᠠᠭᠯᠠᠬᠤ ᠠᠶᠢᠮᠠᠭ ᠬᠤᠲᠠ ᠶᠢᠨ ᠰᠤᠷᠤᠭᠴᠢ ᠡᠯᠰᠡᠬᠦ ᠳᠡᠭᠡᠲᠦ ᠰᠤᠷᠭᠠᠭᠤᠯᠢ ᠬᠢᠭᠡᠳ ᠲᠤᠰᠬᠠᠢ ᠮᠡᠷᠭᠡᠵᠢᠯ ᠬᠤᠪᠢᠶᠠᠭᠰᠠᠨ ᠰᠤᠷᠤᠭᠴᠢ ᠡᠯᠰᠡᠬᠦ ᠲᠦᠯᠦᠪᠯᠡᠭᠡ ᠶᠢ ︽ᠲᠠᠪᠤᠨ ᠵᠢᠯ ᠤᠨ ᠳᠦᠷᠢᠮᠲᠦ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠦᠯᠵᠢᠶᠡᠨ ᠤ ᠡᠷᠡᠮᠡᠯᠵᠡᠯ ᠮᠡᠳᠡᠭᠦᠯᠬᠦ ᠲᠤᠰᠬᠠᠢ ᠪᠤᠯᠤᠩ︾᠎ ᠠᠴᠠ ᠪᠠᠶᠢᠴᠠᠭᠠᠨ ᠦᠵᠡᠬᠦ ᠬᠡᠷᠡᠭᠲᠠᠢ᠃      ᠰᠢᠯᠭᠠᠭᠤᠯᠤᠭᠰᠠᠳ ᠡᠷᠡᠮᠡᠯᠵᠡᠯ ᠢᠶᠠᠨ ᠦᠪᠡᠷ ᠢᠶᠠᠨ ᠲᠠᠭᠯᠠᠵᠤ ᠮᠡᠳᠡᠭᠦᠯᠬᠦ ᠬᠡᠷᠡᠭᠲᠠᠢ᠂ ᠪᠤᠰᠤᠳ ᠲᠤ ᠨᠡᠶᠢᠳᠠᠬᠤ ᠪᠤᠶᠤ ᠵᠠᠭᠤᠴᠢ ᠪᠠᠶᠢᠭᠤᠯᠤᠮᠵᠢ ᠪᠠᠷ ᠲᠠᠭᠯᠠᠭᠤᠯᠤᠨ ᠮᠡᠳᠡᠭᠦᠯᠵᠤ ᠪᠤᠯᠬᠤ ᠦᠭᠡᠢ᠂ ᠡᠭᠦᠨ ᠤ ᠬᠠᠮᠲᠤ ᠦᠪᠡᠷ ᠤᠨ ᠰᠢᠯᠭᠠᠭᠤᠯᠤᠭᠰᠠᠨ ᠨᠤᠮᠧᠷ ᠪᠤᠯᠤᠨ ᠨᠢᠭᠤᠴᠠ ᠲᠤᠭ᠎ᠠ ᠵᠡᠷᠭᠡ ᠬᠤᠪᠢ ᠬᠦᠮᠦᠨ ᠤ ᠮᠡᠳᠡᠭᠡ ᠵᠠᠩᠬᠢ ᠪᠠᠨ ᠲᠤᠬᠢᠲᠠᠢ ᠬᠠᠳᠠᠭᠠᠯᠠᠵᠤ᠂ ᠨᠢᠭᠤᠴᠠ ᠲᠤᠭ᠎ᠠ ᠵᠠᠳᠠᠷᠠᠭᠤᠯᠤᠭᠳᠠᠵᠤ ᠬᠤᠬᠢᠷᠠᠯ ᠤᠴᠠᠷᠠᠬᠤ᠂ ᠵᠢᠭᠤᠷᠭᠠᠨ ᠡᠭᠦᠰᠬᠦ ᠵᠡᠷᠭᠡ ᠶᠢ ᠰᠡᠷᠭᠡᠶᠢᠯᠡᠬᠦ ᠬᠡᠷᠡᠭᠲᠠᠢ᠂ ᠦᠭᠡᠢ ᠪᠤᠯ ᠦᠷ᠎ᠡ ᠳ᠋ᠦᠡᠭ ᠢ ᠦᠪᠡᠰᠦᠪᠡᠨ ᠡᠭᠦᠷᠭᠡᠯᠡᠨ᠎ᠡ᠃ ᠰᠢᠯᠭᠠᠭᠤᠯᠤᠭᠰᠠᠳ ᠬᠡᠷᠪᠡ ᠨᠢᠭᠤᠴᠡ ᠲᠤᠭ᠎ᠠ ᠪᠠᠨ ᠮᠡᠷᠲᠠᠭᠰᠠᠨ ᠪᠠᠶᠢᠪᠠᠯ᠂ ᠲᠤᠰ ᠬᠦᠮᠦᠨ ᠤ ᠰᠢᠯᠭᠠᠭᠤᠯᠬᠤ ᠦᠨᠡᠮᠯᠡᠯ ᠪᠤᠯᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠤᠭᠤᠷᠢᠭ︶᠎ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠠᠴᠠ ᠠᠰᠠᠭᠤᠵᠤ ᠯᠠᠪᠯᠠᠬᠤ ᠬᠡᠷᠡᠭᠲᠠᠢ᠃ ᠡᠷᠡᠮᠡᠯᠵᠡᠯ ᠲᠠᠭᠯᠠᠵᠤ ᠮᠡᠳᠡᠭᠦᠯᠬᠦ ᠴᠠᠭ ᠳᠠᠭᠤᠰᠤᠭᠰᠠᠨ ᠤ ᠳᠠᠷᠠᠭ᠎ᠠ᠂ ᠰᠢᠯᠭᠠᠭᠤᠯᠤᠭᠰᠠᠳ ᠲᠠᠭᠯᠠᠵᠤ ᠮᠡᠳᠡᠭᠦᠯᠦᠭᠰᠡᠨ ᠡᠷᠡᠮᠡᠯᠵᠡᠯ ᠢᠶᠠᠨ ᠶᠠᠮᠠᠷᠪᠠ ᠰᠢᠯᠲᠠᠭᠠᠨ ᠢᠶᠠᠷ ᠬᠠᠶᠠᠵᠤ ᠪᠤᠯᠬᠤ ᠦᠭᠡᠢ︔ ᠡᠯᠰᠡᠬᠦ ᠦᠶ᠎ᠡ ᠳᠤ᠂ ᠶᠠᠮᠠᠷᠪᠠ ᠰᠤᠷᠤᠭᠴᠢ ᠡᠯᠰᠡᠬᠦ ᠳᠡᠭᠡᠲᠦ ᠰᠤᠷᠭᠠᠭᠤᠯᠢ ᠨᠢ ᠰᠢᠯᠭᠠᠭᠤᠯᠤᠭᠰᠠᠳ ᠰᠠᠶᠢᠨ ᠲᠤᠷ᠎ᠠ ᠠᠴᠠ ᠪᠠᠨ ᠡᠷᠡᠮᠡᠯᠵᠡᠯ ᠢᠶᠠᠨ ᠬᠠᠶᠠᠭᠰᠠᠨ ᠢᠶᠠᠷ ᠰᠢᠯᠲᠠᠭ ᠪᠤᠯᠭᠠᠨ ᠳᠠᠩᠰᠠ ᠡᠪᠬᠡᠮᠡᠯ ᠢ ᠨᠢ ᠪᠤᠴᠠᠭᠠᠵᠤ ᠪᠤᠯᠬᠤ ᠦᠭᠡᠢ᠃ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠵᠤ ᠮᠡᠳᠡᠭᠦᠯᠦᠭᠡᠳ ᠡᠯᠰᠡᠭᠳᠡᠭᠰᠡᠨ ᠪᠤᠯᠪᠠᠴᠤ ᠰᠤᠷᠭᠠᠭᠤᠯᠢ ᠳᠠᠭᠠᠨ ᠬᠦᠷᠴᠦ ᠨᠡᠷ᠎ᠡ ᠪᠠᠨ ᠮᠡᠳᠡᠬᠦᠯᠦᠭᠡᠳᠦᠢ ᠰᠢᠯᠭᠠᠭᠤᠯᠤᠭᠴᠢ ᠪᠦᠬᠦᠨ ᠤ ᠮᠡᠳᠡᠭᠡ ᠵᠠᠩᠬᠢ ᠨᠢ ᠤᠯᠤᠰ ᠤᠨ ᠰᠤᠷᠭᠠᠨ ᠬᠦᠮᠦᠵᠢᠯ ᠤᠨ ᠰᠢᠯᠭᠠᠯᠲᠠ ᠶᠢᠨ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠭᠳᠡᠬᠦ ᠪᠤᠯᠤᠨ᠎ᠠ᠃      ᠲᠠᠪᠤᠨ ᠵᠢᠯ ᠤᠨ ᠳᠦᠷᠢᠮᠲᠦ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠬᠤᠯᠪᠤᠭᠳᠠᠯ ᠪᠦᠬᠦᠢ ᠱᠠᠭᠠᠷᠳᠠᠯᠭ᠎ᠠ ᠬᠢᠭᠡᠳ ᠰᠤᠷᠤᠭᠴᠢ ᠡᠯᠰᠡᠬᠦ ᠳᠡᠭᠡᠲᠦ ᠰᠤᠷᠭᠠᠭᠤᠯᠢ᠂ ᠰᠢᠯᠭᠠᠭᠤᠯᠤᠭᠰᠠᠳ ᠤᠨ ᠠᠩᠬᠠᠷᠬᠤ ᠴᠢᠬᠤᠯᠠᠲᠠᠢ ᠵᠦᠢᠯ ᠢ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠬᠢ ᠶᠢᠨ ᠰᠦᠯᠵᠢᠶᠡᠨ ᠤ ︽ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ︾ ᠭᠡᠰᠡᠨ ᠳᠠᠪᠲᠠᠭ ᠲᠤ ᠨᠡᠶᠢᠲᠡᠯᠡᠭᠰᠡᠨ ︽︿2015 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠪᠤᠨ ᠵᠢᠯ ᠤᠨ ᠳᠦᠷᠢᠮᠲᠦ ᠳᠡᠭᠡᠲᠦ ᠵᠡᠷᠭᠡ ᠶᠢᠨ ᠠᠵᠢᠯ ᠮᠡᠷᠭᠡᠵᠢᠯ ︵3+2︶᠎ ᠤᠨ ᠰᠤᠷᠭᠠᠭᠤᠯᠢ ᠶᠢᠨ ᠰᠦᠯᠵᠢᠶᠡᠨ ᠳᠡᠭᠡᠷ᠎ᠡ ᠰᠤᠷᠤᠭᠴᠢ ᠡᠯᠰᠡᠬᠦ ᠠᠵᠢᠯ ᠤᠨ ᠲᠤᠬᠢᠷᠠᠭᠤᠯᠤᠯᠲᠠ﹀᠎ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠦᠪᠦᠷ ᠡᠯᠰᠡᠬᠦ ᠰᠢᠯᠭᠠᠯᠲᠠ ᠠᠯᠪᠠᠨ ﹇2015﹈74 ᠳ᠋ᠤᠭᠡᠷ ᠲᠤᠭᠠᠲᠤ︶᠎ ᠠᠴᠠ ᠨᠠᠷᠢᠨ ᠦᠵᠡᠭᠡᠷᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号