ᠥᠪᠥᠷ ᠮᠣᠩᠭᠤᠯ ᠤᠨ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠪᠠᠷᠤᠭ 30 ᠲᠦᠮᠡᠨ ᠰᠤᠷᠤᠭᠴᠢ ᠵᠣᠨ ᠤ ᠠᠮᠠᠷᠠᠯᠲᠠ ᠶᠢᠨ ᠬᠤᠭᠤᠴᠠᠭᠠᠨ ᠳᠤ ᠦᠨᠳᠦᠰᠦᠨ ᠱᠠᠲᠤᠨ ᠳᠤ ᠭᠦᠨᠵᠡᠭᠡᠶᠢᠷᠡᠬᠦ ᠪᠠᠷ ᠪᠣᠢ
ᠨᠡᠶᠢᠲᠡᠯᠡᠭᠰᠡᠨ ᠴᠠᠭ᠄
2015/7/3
     7 ᠳ᠋ᠤᠭᠠᠷ ᠰᠠᠷ᠎ᠠ ᠶᠢᠨ 2᠎ ᠤᠨ ᠦᠳᠡ ᠶᠢᠨ ᠡᠮᠤᠨ᠎ᠠ᠂ ᠦᠪᠡᠷᠳᠡᠭᠡᠨ ᠵᠠᠰᠬᠠᠤ ᠤᠷᠤᠨ ᠤ 2015 ᠣᠨ ᠤ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠰᠠᠶᠢᠨ ᠲᠤᠷᠠᠴᠤᠳ ᠤᠨ ᠵᠤᠨ ᠤ ᠠᠮᠠᠷᠠᠯᠳᠠ ᠶᠢᠨ ᠬᠤᠭᠤᠴᠠᠭᠠᠨ ᠤ ︽ᠭᠤᠷᠪᠠ ᠶᠢ ᠬᠦᠳᠡᠭᠡ ᠬᠦᠷᠭᠡᠬᠦ︾ ᠪᠠ ︽ᠲᠦᠷᠪᠠᠨ ᠨᠢᠭᠡ︾᠎ ᠶᠢᠨ ᠨᠡᠶᠢᠭᠡᠮ ᠤᠨ ᠦᠢᠯᠡᠳᠤᠯᠭᠡ ᠶᠢᠨ ᠦᠢᠯᠡᠴᠢᠯᠡᠭᠡᠨ ᠤ ᠠᠵᠢᠯᠯᠠᠭ᠎ᠠ ᠥᠪᠥᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠡᠬᠢᠯᠡᠵᠦ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠪᠠᠷᠤᠭ 30 ᠲᠦᠮᠡᠨ ᠰᠤᠷᠤᠭᠴᠢ ᠵᠠᠯᠭᠠᠯᠳᠤᠭ᠎ᠠ ᠪᠠᠷ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ᠂ ᠦᠢᠯᠡᠳᠪᠦᠷᠢ ᠠᠭᠤᠷᠬᠠᠢ ᠠᠵᠤ ᠠᠬᠤᠶᠢᠯᠠᠯ᠂ ᠴᠡᠷᠢᠭ ᠤᠨ ᠬᠤᠸᠠᠷᠠᠨ ᠬᠠᠷᠠᠭᠤᠯ ᠤᠨ ᠭᠠᠵᠠᠷ᠂ ᠬᠤᠪᠢᠰᠬᠠᠯ ᠤᠨ ᠭᠤᠯᠣᠮᠲᠠ ᠪᠠ ᠦᠨᠳᠦᠰᠦᠨ ᠱᠠᠲᠤᠨ ᠤ ᠣᠯᠠᠨ ᠲᠦᠮᠡᠨ ᠤ ᠳᠤᠮᠳᠠ ᠭᠦᠨᠵᠡᠭᠡᠶᠢᠷᠡᠬᠦ ᠪᠠᠷ ᠪᠣᠢ᠃      ᠲᠤᠰ ᠡᠳᠦᠷ᠂ ᠨᠢᠭᠡᠳᠦᠭᠡᠷ ᠰᠠᠯᠠᠭ᠎ᠠ ︽ᠲᠦᠮᠡᠨ ᠬᠥᠮᠥᠨ ᠮᠢᠩᠭᠠᠨ ᠲᠣᠰᠬᠤᠨ ᠵᠠᠭᠤᠨ ᠰᠢᠶᠠᠨ ᠤ ᠠᠷᠪᠠ ᠪᠠᠷ ᠪᠦᠬᠦᠨ ᠢ ᠬᠠᠮᠤᠷᠬᠤ︾᠎ ᠶᠢᠨ ᠪᠠᠶᠢᠴᠠᠭᠠᠨ ᠰᠣᠳᠣᠯᠣᠯᠲᠠ ᠬᠢᠵᠦ ᠤᠬᠠᠭᠤᠯᠬᠤ ᠪᠦᠯᠬᠦᠮ ᠦᠴᠦᠸᠠᠨ ᠳᠤ ᠬᠦᠷᠴᠦ ︽ᠠᠷᠪᠠ ᠪᠠᠷ ᠪᠦᠬᠦᠨ ᠢ ᠬᠠᠮᠤᠷᠬᠤ︾᠎ ᠶᠢᠨ ᠪᠠᠶᠢᠴᠠᠭᠠᠨ ᠰᠣᠳᠣᠯᠣᠯᠲᠠ ᠬᠢᠪᠡ᠃ ᠵᠠᠯᠭᠠᠭᠠᠳ ᠬᠤᠶᠠᠷ ᠰᠠᠷ᠎ᠠ ᠶᠢᠨ ᠲᠣᠲᠣᠷ᠎ᠠ᠂ ᠤᠯᠤᠰ ᠤᠨ ᠱᠠᠲᠤᠨ ᠤ ᠭᠤᠤᠯᠳᠠᠯᠭ᠎ᠠ ᠲᠠᠢ ᠦᠢᠯᠡᠴᠢᠯᠡᠭᠡᠨ ᠤ 28 ᠰᠠᠯᠠᠭ᠎ᠠ ᠪᠦᠯᠬᠦᠮ ᠨᠡᠶᠢᠲᠡ᠂ ᠦᠪᠡᠷᠳᠡᠭᠡᠨ ᠵᠠᠰᠠᠬᠤ ᠤᠷᠤᠨ ᠤ ᠱᠠᠲᠤᠨ ᠤ ᠭᠤᠤᠯᠳᠠᠯᠭ᠎ᠠ ᠲᠠᠢ ᠦᠢᠯᠡᠴᠢᠯᠡᠭᠡᠨ ᠤ 120 ᠰᠠᠯᠠᠭ᠎ᠠ ᠪᠦᠯᠬᠦᠮ ᠨᠡᠶᠢᠲᠡ᠂ ᠰᠤᠷᠭᠠᠭᠤᠯᠢ ᠶᠢᠨ ᠱᠠᠲᠤ᠂ ᠳᠡᠭᠡᠳᠦ ᠰᠤᠷᠭᠠᠭᠤᠯᠢ ᠶᠢᠨ ᠰᠠᠯᠪᠤᠷᠢ ᠶᠢᠨ ᠱᠠᠲᠤᠨ ᠤ ᠭᠤᠤᠯᠳᠠᠯᠭ᠎ᠠ ᠲᠠᠢ ᠦᠢᠯᠡᠴᠢᠯᠡᠭᠡᠨ ᠤ 372 ᠰᠠᠯᠠᠭ᠎ᠠ ᠪᠦᠯᠬᠦᠮ ᠨᠡᠶᠢᠲᠡ᠂ ᠵᠢᠴᠢ ᠰᠠᠯᠪᠤᠷᠢ ᠪᠠᠭ᠎ᠠ ᠠᠩᠬᠢ ᠪᠠ ᠬᠤᠪᠢ ᠬᠦᠮᠤᠨ ᠢ ᠪᠠᠭᠲᠠᠭᠠᠭᠰᠠᠨ ᠥᠪᠥᠷ ᠮᠣᠩᠭᠤᠯ ᠤᠨ ᠰᠤᠷᠭᠠᠭᠤᠯᠢ ᠶᠢᠨ ᠱᠠᠲᠤᠨ ᠠᠴᠠ ᠳᠡᠭᠡᠭᠰᠢ ᠭᠤᠣᠯᠳᠠᠯᠭ᠎ᠠ ᠎ ᠲᠠᠢ ᠦᠢᠯᠡᠴᠢᠯᠡᠭᠡᠨ ᠤ 520 ᠪᠦᠯᠬᠦᠮ ᠨᠡᠶᠢᠲᠡ ᠵᠡᠷᠭᠡ 6500 ᠰᠢᠬᠠᠮ ᠰᠠᠯᠠᠭ᠎ᠠ ᠦᠢᠯᠡᠴᠢᠯᠡᠭᠡᠨ ᠤ ᠪᠦᠯᠬᠦᠮ ᠨᠡᠶᠢᠲᠡ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ᠂ ᠦᠢᠯᠡᠳᠪᠦᠷᠢ ᠠᠭᠤᠷᠬᠠᠢ ᠠᠵᠤ ᠠᠬᠤᠶᠢᠯᠠᠯ᠂ ᠴᠡᠷᠢᠭ ᠤᠨ ᠬᠤᠸᠠᠷᠠᠨ ᠬᠠᠷᠠᠭᠤᠯ ᠤᠨ ᠭᠠᠵᠠᠷ᠂ ᠬᠤᠪᠢᠰᠬᠠᠯ ᠤᠨ ᠭᠤᠯᠣᠮᠲᠠ ᠪᠠ ᠦᠨᠳᠦᠰᠦᠨ ᠱᠠᠲᠤᠨ ᠤ ᠣᠯᠠᠨ ᠲᠦᠮᠡᠨ ᠤ ᠳᠤᠮᠳᠠ ᠭᠦᠨᠵᠡᠭᠡᠶᠢᠷᠡᠬᠦ ᠪᠠᠷ ᠪᠣᠢ᠃      ᠣᠶᠢᠯᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ︽ᠠᠤᠭ᠎ᠠ ᠬᠤᠪᠢᠷᠠᠯᠲᠠ ᠶᠢ ᠮᠡᠳᠡᠷᠡᠨ ᠴᠢᠳᠠᠪᠤᠷᠢᠲᠠᠨ ᠪᠣᠯᠬᠤ ᠪᠠᠷ ᠬᠦᠴᠦᠯᠡᠨ ᠴᠢᠷᠮᠠᠶᠢᠬᠤ︾᠎ ᠪᠠᠷ ᠭᠤᠣᠯ ᠰᠡᠳᠦᠪ ᠪᠣᠯᠭᠠᠵᠤ᠂ ᠠᠵᠢᠯᠯᠠᠭ᠎ᠠ ᠨᠢ ︽ᠲᠦᠮᠡᠨ ᠬᠥᠮᠥᠨ ᠮᠢᠩᠭᠠᠨ ᠲᠣᠰᠬᠤᠨ ᠵᠠᠭᠤᠨ ᠰᠢᠶᠠᠨ ᠤ ᠠᠷᠪᠠ ᠪᠠᠷ ᠪᠦᠬᠦᠨ ᠢ ᠬᠠᠮᠤᠷᠬᠤ︾᠎ ᠶᠢᠨ ᠪᠠᠶᠢᠴᠠᠭᠠᠨ ᠰᠣᠳᠣᠯᠣᠯᠲᠠ ᠬᠢᠵᠦ ᠤᠬᠠᠭᠤᠯᠬᠤ ᠪᠦᠯᠬᠦᠮ᠂ ᠰᠤᠷᠤᠯᠴᠠᠵᠤ ᠤᠬᠠᠭᠤᠯᠤᠨ ᠲᠠᠶᠢᠯᠪᠤᠷᠢᠯᠠᠬᠤ ᠪᠦᠯᠬᠦᠮ᠂ ︽ᠳᠦᠷᠪᠡᠨ ᠪᠦᠬᠦ ᠲᠠᠯ᠎ᠠ︾᠎ ᠶᠢᠨ ᠠᠵᠢᠭᠯᠠᠨ ᠰᠢᠨᠵᠢᠬᠦ ᠪᠦᠯᠬᠦᠮ ᠵᠡᠷᠭᠡ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠭᠡᠮ ᠤᠨ ᠦᠢᠯᠡᠳᠦᠯᠭᠡ ᠶᠢᠨ10 ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号