ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠱᠠᠭᠠᠷᠳᠠᠯᠭ᠎ᠠ | ᠶᠣᠰᠣᠭᠠᠷ᠂ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ ᠬᠦᠭᠵᠢᠬᠦᠯᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠬᠤ ᠶᠢᠨ | ᠲᠤᠰᠠᠳᠠ᠂ ᠮᠠᠨ ᠤ ᠣᠷᠣᠨ 9 ᠵᠦᠢᠯ ᠤᠨ ᠡᠭᠦᠷᠭᠡ ᠲᠤᠭᠲᠠᠭᠠᠨ ᠡᠨᠡ ᠵᠢᠯ ᠤᠨ ᠡᠳ᠋ ᠤᠨ ᠵᠠᠰᠠᠭ ᠭᠠᠶᠢᠯᠢ ᠶᠢᠨ | ᠥᠭᠡᠷᠡᠴᠢᠯᠡᠯᠲᠡ ᠬᠢᠬᠦ ᠵᠠᠮ ᠱᠤᠭᠤᠮ ᠤᠨ ᠵᠢᠷᠤᠭ ᠢ ᠲᠤᠲᠤᠷᠬᠠᠶᠢᠯᠠᠵᠤ᠂ ᠥᠭᠡᠷᠡᠴᠢᠯᠡᠯᠲᠡ ᠶᠢᠨ ᠦᠷ᠎ᠡ ᠠᠰᠢᠭ ᠢ | ᠤᠯᠠᠮ ᠨᠢᠭᠡ ᠠᠯᠬᠤᠮ ᠳᠡᠯᠭᠡᠷᠡᠭᠦᠯᠬᠦ ᠳᠤ ᠰᠠᠭᠤᠷᠢ ᠲᠠᠯᠪᠢᠵᠤ ᠦᠭᠪᠡ᠃ ᠡᠨᠡ 9 ᠵᠦᠢᠯ ᠤᠨ ᠡᠭᠦᠷᠭᠡ ᠨᠢ ᠲᠤᠰ | ᠲᠤᠰ᠄ ᠲᠥᠰᠦᠪ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠵᠤ᠂ ᠥᠪᠡᠷᠲᠡᠭᠡᠨ ᠵᠠᠰᠠᠬᠤ ᠣᠷᠣᠨ ᠤ | ︽ᠬᠤᠶᠠᠷ ᠬᠤᠷᠠᠯ︾ ᠳᠤ ᠪᠦᠷᠢᠨ ᠪᠦᠲᠦᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ | ᠂ ᠨᠡᠶᠢᠭᠡᠮ ᠤᠨ ᠪᠠᠲᠤᠯᠠᠭ᠎ᠠ ᠶᠢᠨ ᠲᠥᠰᠦᠪ ᠢ ᠨᠠᠶᠢᠷᠠᠭᠤᠯᠤᠨ ᠮᠡᠳᠡᠭᠦᠯᠦᠨ᠎ᠡ︔ ᠲᠥᠰᠦᠪ ᠤᠨ ᠭᠦᠢᠴᠡᠳᠬᠡᠯ ᠢ ᠢᠯᠡ | ᠪᠣᠯᠭᠠᠬᠤ ᠶᠢ ᠭᠦᠨᠵᠡᠭᠡᠶ ᠳᠥᠯᠭᠢᠨ ᠠᠬᠢᠭᠤᠯᠵᠤ᠂ ᠢᠯᠡ ᠲᠣᠳᠣ ᠲᠥᠰᠦᠪ ᠪᠠᠶᠢᠭᠤᠯᠵᠤ᠂ ᠨᠢᠭᠤᠴᠠ ᠳᠤ | ᠬᠤᠯᠪᠣᠭᠳᠠᠬᠤ ᠮᠡᠳᠡᠭᠡ ᠵᠠᠩᠭᠢ ᠶᠢ ᠭᠠᠷᠭᠠᠪᠠᠯ᠂ ᠵᠠᠰᠠᠭ ᠤᠨ ᠣᠷᠳᠣᠨ ᠤ ᠲᠥᠰᠦᠪ ᠤᠨ ᠭᠦᠢᠴᠡᠳᠬᠡᠯ ᠤᠨ | ᠵᠠᠷᠤᠯᠭ᠎ᠠ ᠶᠢ ᠪᠦᠬᠦᠨ ᠢ ᠵᠦᠢᠯ ᠳᠡᠰ ᠤᠨ ᠲᠥᠷᠥᠯ ᠢᠯᠭᠠᠯ ᠳᠤ ᠬᠦᠷᠲᠡᠯ᠎ᠡ ᠨᠠᠷᠢᠯᠢᠭᠵᠢᠭᠤᠯᠤᠨ ᠢᠯᠡ ᠨᠡᠶᠢᠲᠡᠯᠡᠨ᠎ᠡ︔ | ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠤ ᠪᠠᠶᠢᠭ᠎ᠠ ᠪᠤᠢ ᠪᠦᠬᠦᠢ ᠰᠠᠯᠠᠭ᠎ᠠ ᠮᠥᠴᠢᠷ ᠪᠤᠯᠤᠨ ᠨᠢᠭᠡᠴᠡ ᠴᠥᠮ | ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠣᠰᠣᠭᠠᠷ ᠲᠤᠰ ᠰᠠᠯᠠᠭ᠎ᠠ ᠮᠥᠴᠢᠷ ᠤᠨ ᠢᠶᠠᠨ ᠲᠥᠰᠦᠪ ᠪᠤᠯᠤᠨ | ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠬᠡᠷᠡᠭᠲᠠᠢ︔ ᠲᠤᠰᠬᠠᠶ ᠵᠦᠢᠯ ᠢᠶᠠᠷ ᠰᠢᠯᠵᠢᠭᠦᠯᠦᠨ ᠦᠭᠭᠦ ᠲᠦᠷᠦᠯ | ᠵᠦᠢᠯ ᠤᠨ ᠪᠡᠯᠡ ᠮᠥᠩᠭᠦ ᠶᠢ ᠢᠯᠭᠠᠷᠠᠭᠤᠯᠤᠨ᠂ ᠡᠮᠬᠢᠯᠡᠨ ᠨᠡᠶᠢᠯᠡᠭᠦᠯᠵᠦ᠂ ᠵᠢᠷᠤᠮᠵᠢᠭᠤᠯᠤᠨ᠂ ᠲᠥᠷᠥᠯ ᠵᠦᠢᠯ | ᠲᠤᠭ᠎ᠠ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭ᠎ᠠ ᠲᠠᠢ ᠢᠨᠵᠧᠨᠧᠷᠢᠩ ᠤᠨ | ᠪᠡᠯᠡ ᠮᠥᠩᠭᠦ ᠶᠢ ᠤᠤᠯ ᠤᠨ 20 ᠵᠦᠢᠯ ᠪᠠᠶᠢᠭᠰᠠᠨ ᠠᠴᠠ ᠨᠢ 7 ᠵᠦᠢᠯ ᠪᠣᠯᠭᠠᠨ ᠨᠡᠶᠢᠯᠡᠭᠦᠯᠵᠤ᠂ ᠨᠡᠶᠢᠲᠡ 30.2 | ᠳ᠋ᠦᠡᠭᠰᠢᠭᠤᠷ ᠲᠥᠭᠦᠷᠢᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠨ᠎ᠡ︔ ᠲᠥᠰᠦᠪ ᠤᠨ ᠲᠡᠩᠴᠡᠭᠦᠯᠬᠦ ᠠᠷᠭ᠎ᠠ | ᠮᠠᠶ᠋ᠢᠭ ᠢ ᠬᠠᠯᠠᠨ ᠰᠠᠶᠢᠵᠢᠷᠠᠭᠤᠯᠵᠤ᠂ ᠭᠤᠷᠪᠠᠨ ᠵᠢᠯ ᠤᠨ ᠡᠷᠬᠢᠯᠳᠦᠬᠦ ᠲᠥᠰᠦᠪ ᠢ ᠨᠠᠶᠢᠷᠠᠭᠤᠯᠤᠨ ᠵᠤᠬᠢᠶᠠᠨ᠎ᠠ︔ | ᠵᠠᠰᠠᠭ ᠤᠨ ᠣᠷᠳᠣᠨ ᠪᠤᠯᠤᠨ ᠨᠡᠶᠢᠭᠡᠮ ᠤᠨ ᠬᠥᠷᠥᠩᠭᠡ ᠶᠢᠨ ᠬᠤᠷᠰᠢᠬᠤ ᠲᠦᠪ ᠢ ᠲᠤᠰᠬᠠᠶᠢᠯᠠᠨ ᠪᠠᠶᠢᠭᠤᠯᠵᠤ᠂ | ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ | ᠮᠥᠴᠢᠷ ᠠᠴᠠ ᠲᠦᠷᠦᠯ ᠵᠦᠢᠯ ᠴᠤᠭᠯᠠᠭᠤᠯᠬᠤ ᠶᠢᠨ ᠬᠠᠮᠲᠤ ᠰᠢᠯᠢᠨ ᠰᠤᠩᠭᠤᠵᠤ᠂ 18 ᠣᠯᠠᠨ ᠨᠡᠶᠢᠲᠡ ᠶᠢᠨ | ᠰᠠᠭᠤᠷᠢ ᠪᠡᠯᠡᠳᠭᠡᠮᠵᠢ ᠪᠤᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠬᠤᠯᠪᠤᠭᠳᠠᠭᠤᠯᠬᠤ ᠮᠦᠷᠲᠡᠭᠡᠨ | ᠨᠡᠶᠢᠭᠡᠮ ᠳᠤ ᠲᠠᠨᠢᠯᠴᠠᠭᠤᠯᠤᠨ᠎ᠠ︔ ᠡᠳ᠋ ᠤᠨ ᠵᠠᠰᠠᠭ ᠤᠨ ᠠᠮᠵᠢᠯᠲᠠ ᠶᠢᠨ ᠬᠠᠷᠠᠯᠲᠠᠲᠤ ᠬᠠᠮᠢᠶᠠᠷᠤᠯᠲᠠ ᠶᠢᠨ | ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠂ ᠡᠳ᠋ ᠤᠨ ᠵᠠᠰᠠᠭ ᠤᠨ ᠠᠮᠵᠢᠯᠲᠠ ᠶᠢᠨ ᠬᠠᠮᠢᠶᠠᠷᠤᠯᠲᠠ ᠶᠢ ᠡᠯ᠎ᠡ | ᠱᠠᠲᠤᠨ ᠤ ᠲᠥᠰᠦᠪ ᠬᠢᠵᠤ ᠪᠦᠬᠦᠢ ᠨᠢᠭᠡᠴᠡ ᠪᠤᠯᠤᠨ ᠪᠤᠶ ᠪᠦᠬᠦᠢ ᠡᠳ᠋ ᠤᠨ ᠵᠠᠰᠠᠭ ᠤᠨ ᠪᠡᠯᠡ ᠮᠥᠩᠭᠦ ᠳᠤ | ᠬᠦᠷᠲᠡᠯ᠎ᠡ ᠠᠯᠬᠤᠮ ᠠᠯᠬᠤᠮ ᠢᠶᠠᠷ ᠬᠠᠮᠤᠷᠬᠤ ᠪᠤᠯᠭᠠᠨ᠎ᠠ︔ 20 ᠭᠠᠷᠤᠶ ᠲᠦᠷᠦᠯ ᠵᠦᠢᠯ ᠢ ᠰᠣᠩᠭᠤᠨ | ᠲᠤᠭᠲᠠᠭᠠᠵᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠲᠤᠷᠰᠢᠯᠲᠠ ᠬᠢᠵᠦ᠂ ᠬᠡᠷᠡᠭᠵᠢᠭᠦᠯᠬᠦ | ᠬᠡᠪᠴᠢᠶ᠎ᠡ ᠶᠢ ᠭᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ ᠬᠦᠷᠲᠡᠬᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ᠂ | ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠠᠭᠠᠷ ᠤᠨ ᠠᠶᠠᠯᠠᠯ ᠤᠨ ᠱᠤᠭᠤᠮ ᠨᠡᠭᠡᠭᠡᠬᠦ᠂ | ᠰᠤᠷᠭᠠᠭᠤᠯᠢ ᠶᠢᠨ ᠠᠮᠤᠷ ᠢ ᠬᠠᠮᠠᠭᠠᠯᠠᠬᠤ ᠵᠡᠷᠭᠡ 10 ᠭᠠᠷᠤᠶ ᠬᠦᠷᠢᠶ᠎ᠡ ᠬᠡᠪᠴᠢᠶ᠎ᠡ ᠳᠤ ᠬᠦᠷᠲᠡᠯ᠎ᠡ ᠦᠷᠭᠡᠳᠭᠡᠨ᠎ᠡ︔ | ᠲᠥᠪ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠤᠳᠠᠲᠤ ᠪᠠᠶᠢᠳᠠᠯ ᠲᠠᠢ | ᠤᠶᠠᠯᠳᠤᠭᠤᠯᠤᠨ᠂ ᠮᠠᠨ ᠤ ᠣᠷᠣᠨ ᠤ ᠡᠳ᠋ ᠤᠨ ᠵᠠᠰᠠᠭ ᠤᠨ ᠦᠯᠡᠳᠡᠭᠡᠯ ᠪᠡᠯᠡ ᠮᠦᠡᠭᠭᠦ ᠶᠢ ᠠᠮᠢᠳᠤᠯᠢᠭᠵᠢᠭᠤᠯᠬᠤ | ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠨ᠎ᠠ︔ ᠡᠳ᠋ ᠤᠨ ᠵᠠᠰᠠᠭ ᠤᠨ ᠲᠠᠯ᠎ᠠ ᠪᠠᠷ ᠥᠪᠡᠷᠲᠡᠭᠡᠨ ᠵᠠᠰᠠᠬᠤ | ᠣᠷᠣᠨ ᠠᠴᠠ ᠰᠢᠭᠤᠳ ᠬᠠᠮᠢᠶᠠᠷᠬᠤ ᠰᠢᠶᠠᠨ ᠤ ᠠᠵᠢᠯ ᠢ ᠳᠥᠯᠭᠢᠨ ᠠᠬᠢᠭᠤᠯᠵᠤ᠂ ᠮᠠᠨ ᠤ ᠣᠷᠣᠨ ᠤ ᠪᠣᠳᠠᠲᠤ | ᠪᠠᠶᠢᠳᠠᠯ ᠲᠠᠢ ᠲᠤᠬᠢᠷᠠᠬᠤ ᠥᠭᠡᠷᠡᠴᠢᠯᠡᠯᠲᠡ ᠶᠢᠨ ᠲᠥᠰᠦᠯ ᠢ ᠬᠠᠶᠢᠨ ᠰᠦᠪᠡᠭᠴᠢᠯᠡᠵᠤ ᠰᠤᠳᠤᠯᠤᠨ᠎ᠠ᠃ | ᠣᠶᠢᠯᠠᠭᠠᠭᠰᠠᠨ ᠢᠶᠠᠷ᠂ ᠣᠳᠣᠬᠠᠨ ᠳᠤ ᠵᠠᠷᠢᠮ ᠡᠭᠦᠷᠭᠡ ᠶᠢ ᠨᠢᠭᠡᠨᠲᠡ ᠪᠡᠶᠡᠯᠡᠭᠦᠯᠦᠭᠡᠳ᠂ ᠶᠡᠬᠡᠨᠭᠭᠡᠢ ᠡᠭᠦᠷᠭᠡ ᠶᠢ | ᠶᠠᠭ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ ᠪᠤᠢ᠃ | ᠡᠭᠦᠨ ᠠᠴᠠ ᠭᠠᠳᠠᠨ᠎ᠠ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠨ ᠬᠤᠪᠢᠷᠠᠭᠤᠯᠬᠤ | ᠲᠤᠷᠰᠢᠯᠲᠠ ᠶᠢᠨ ᠴᠢᠭ᠋ ᠢ ᠦᠷᠭᠡᠳᠭᠡᠬᠦ ᠂ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠵᠡᠷᠭᠡ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠪᠤᠰᠤᠳ ᠡᠭᠦᠷᠭᠡ ᠶᠢ ᠬᠡᠳ ᠵᠤᠬᠢᠴᠠᠩᠭᠤᠢ ᠪᠠᠷ ᠲᠦᠯᠬᠢᠨ | ᠠᠬᠢᠭᠤᠯᠵᠤ ᠪᠤᠢ᠃ |