ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 50%᠎ ᠶᠢᠨ ᠭᠠᠵᠠᠷ ᠣᠷᠣᠨ ᠤᠯᠤᠰ ᠤᠨ ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠶᠢᠨ ᠲᠤᠷᠰᠢᠯᠲᠠ ᠶᠢᠨ ᠴᠢᠭ᠋ ᠲᠤ ᠣᠷᠣᠪᠠ
ᠨᠡᠶᠢᠲᠡᠯᠡᠭᠰᠡᠨ ᠴᠠᠭ᠄
2015/7/30
     ᠳᠡᠭᠡᠷ᠎ᠡ ᠵᠠᠭᠤᠨ ᠤ ᠶᠡᠷᠡᠭᠡᠳ ᠣᠨ ᠠᠴᠠ ᠨᠠᠰᠢ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠡᠯ᠎ᠡ ᠵᠦᠢᠯ ᠤᠨ ᠪᠠᠲᠤᠯᠠᠭ᠎ᠠ ᠶᠢᠨ ᠳᠦᠷᠢᠮ ᠠᠯᠬᠤᠮ ᠠᠯᠬᠤᠮ ᠢᠶᠠᠷ ᠪᠠᠶᠢᠭᠤᠯᠤᠭᠳᠠᠨ ᠲᠡᠭᠦᠯᠳᠡᠷᠵᠢᠵᠦ᠂ ᠪᠠᠲᠤᠯᠠᠪᠠᠰᠤ ᠵᠣᠬᠢᠬᠤ ᠶᠢ ᠪᠦᠬᠦᠨ ᠢ ᠪᠠᠲᠤᠯᠠᠬᠤ ᠶᠠᠪᠤᠳᠠᠯ ᠶᠠᠭ ᠪᠣᠳᠠᠲᠤ ᠪᠠᠶᠢᠳᠠᠯ ᠪᠣᠯᠵᠤ ᠬᠤᠪᠢᠷᠠᠵᠤ ᠪᠠᠶᠢᠨ᠎ᠠ᠃ 2014 ᠣᠨ ᠤ 7 ᠳ᠋ᠤᠭᠠᠷ ᠰᠠᠷ᠎ᠠ ᠶᠢᠨ 16᠎ ᠤ ᠡᠳᠦᠷ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠶᠢᠨ ᠲᠤᠷᠰᠢᠯᠲᠠ ᠶᠢᠨ ᠴᠢᠭ᠋ ᠤᠨ ᠠᠵᠢᠯ ᠤᠨ ᠬᠠᠷᠠᠭᠠᠨ ᠲᠠᠪᠲᠠᠮᠵᠢᠲᠤ ᠬᠤᠷᠠᠯ ᠬᠤᠷᠠᠯᠳᠤᠭᠤᠯᠵᠤ᠂ ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠶᠢ ᠵᠢᠩᠬᠢᠨᠢ ᠪᠠᠷ ᠡᠬᠢᠯᠡᠭᠦᠯᠦᠭᠡᠳ ᠬᠡᠷᠡᠭᠵᠢᠭᠦᠯᠪᠡ᠃  ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠪᠣᠯ ᠳᠠᠷᠤᠶ ᠨᠡᠶᠢᠭᠡᠮ ᠤᠨ ᠳᠠᠭᠠᠳᠬᠠᠯ ᠤᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦ ᠪᠠᠷᠢᠮᠲᠠ ᠪᠣᠯᠭᠠᠨ᠂ ᠨᠡᠶᠢᠭᠡᠮ ᠤᠨ ᠳᠠᠭᠠᠳᠬᠠᠯ ᠢᠶᠠᠷ ᠪᠦᠬᠦᠨ ᠢ ᠬᠠᠮᠤᠷᠤᠭᠤᠯᠬᠤ ᠪᠠᠷ ᠬᠠᠷᠠᠯᠲᠠ ᠪᠣᠯᠭᠠᠵᠤ᠂ ᠮᠡᠳᠡᠭᠡ ᠵᠠᠩᠭᠢ ᠶᠢᠨ ᠬᠠᠷᠢᠴᠠᠭᠤᠯᠤᠨ ᠬᠢᠬᠦ᠂ ᠭᠡᠷ ᠡᠷᠦᠬᠡ ᠳᠤ ᠣᠷᠣᠵᠤ ᠪᠠᠶᠢᠴᠠᠭᠠᠬᠤ᠂ ᠲᠤᠭ᠎ᠠ ᠪᠠᠷᠢᠮᠲᠠ ᠶᠢ ᠲᠥᠪᠯᠡᠷᠡᠭᠦᠯᠦᠨ ᠬᠠᠮᠢᠶᠠᠷᠬᠤ ᠪᠠ ᠬᠥᠳᠡᠯᠦᠩᠭᠦᠶ ᠪᠠᠷ ᠰᠢᠨᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠯ᠎ᠡ ᠲᠥᠷᠥᠯ ᠤᠨ ᠬᠥᠮᠦᠰ ᠤᠨ ᠨᠡᠶᠢᠭᠡᠮ ᠤᠨ ᠳᠠᠭᠠᠳᠬᠠᠯ ᠳᠤ ᠣᠷᠣᠭᠰᠠᠨ ᠪᠠᠶᠢᠳᠠᠯ ᠢ ᠲᠡᠮᠳᠡᠭᠯᠡᠵᠦ᠂ ᠨᠥᠬᠦᠪᠥᠷᠢᠯᠡᠨ ᠲᠡᠭᠦᠯᠳᠡᠷᠵᠢᠭᠦᠯᠬᠦ ᠪᠠ ᠵᠢᠷᠤᠮᠵᠢᠭᠤᠯᠤᠨ ᠬᠠᠮᠢᠶᠠᠷᠴᠤ᠂ ᠪᠦᠬᠦ ᠠᠷᠠᠳ ᠤᠨ ᠪᠦᠬᠦ ᠲᠠᠯ᠎ᠠ ᠪᠠᠷ᠂ ᠦᠷᠭᠦᠯᠵᠢᠯᠡᠨ ᠳᠠᠭᠠᠳᠬᠠᠯ ᠳᠤ ᠣᠷᠣᠬᠤ ᠶᠢ ᠲᠦᠯᠬᠢᠨ ᠠᠬᠢᠭᠤᠯᠬᠤ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠢᠯᠯᠠᠭ᠎ᠠ ᠶᠢᠨ ᠳᠣᠬᠢᠷᠠᠭᠤᠯᠤᠯᠲᠠ ᠪᠣᠯᠣᠨ᠎ᠠ᠃       ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠶᠢ ᠬᠡᠷᠡᠭᠵᠢᠭᠦᠯᠬᠦ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ  ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠃ 2014 ᠣᠨ ᠳᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠳᠠᠭᠠᠳᠬᠠᠯ ᠤᠨ ᠶᠠᠮᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ ︽︿ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠮᠡᠳᠡᠭᠳᠡᠯ︾᠎ ᠢ ᠪᠠᠭᠤᠯᠭᠠᠵᠤ᠂ 2014 ᠣᠨ ᠠᠴᠠ 2017 ᠣᠨ ᠪᠣᠯᠲᠠᠯᠠᠬᠢ 4 ᠵᠢᠯ ᠤᠨ ᠴᠠᠭ ᠢ ᠠᠰᠢᠭᠯᠠᠨ᠂ ᠪᠦᠬᠦ ᠤᠯᠤᠰ ᠤᠨ ᠬᠡᠪᠴᠢᠶᠡᠨ ᠳᠤ  ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠢ ᠠᠯᠬᠤᠮ ᠠᠯᠬᠤᠮ ᠢᠶᠠᠷ ᠬᠡᠷᠡᠭᠵᠢᠭᠦᠯᠬᠦ ᠪᠠᠷ ᠲᠣᠭᠲᠠᠪᠠ᠂ ᠶᠡᠷᠦᠩᠬᠡᠶ ᠬᠠᠷᠠᠯᠲᠠ ᠨᠢ ᠪᠣᠯ᠄  ᠦᠨᠳᠦᠰᠦᠨ  ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠷ ᠪᠦᠬᠦ ᠠᠵᠢᠯᠲᠠᠨ ᠠᠵᠢᠯᠴᠢᠨ ᠪᠣᠯᠣᠨ ᠳᠣᠬᠢᠷᠠᠬᠤ ᠨᠠᠰᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠤᠯᠵᠤ᠂ ᠦᠨᠳᠦᠰᠦᠨ ᠡᠮᠨᠡᠯᠭᠡ ᠶᠢᠨ ᠳᠠᠭᠠᠳᠬᠠᠯ ᠢᠶᠠᠷ ᠪᠦᠬᠦ ᠠᠷᠠᠳ ᠢ ᠬᠠᠮᠤᠷᠤᠭᠤᠯᠵᠤ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠦᠷᠡᠵᠢᠯ ᠤᠨ ᠳᠠᠭᠠᠳᠬᠠᠯ ᠢᠶᠠᠷ ᠬᠠᠤᠯᠢ ᠪᠠᠷ ᠲᠣᠭᠲᠠᠭᠠᠭᠰᠠᠨ ᠪᠤᠶ ᠪᠦᠬᠦᠢ  ᠨᠡᠶᠢᠲᠡ ᠴᠣᠭᠴᠠ ᠶᠢ ᠬᠠᠮᠤᠷᠤᠭᠤᠯᠵᠤ᠂ ᠡᠯ᠎ᠡ ᠲᠥᠷᠥᠯ ᠤᠨ ᠬᠥᠮᠦᠰ ᠤᠨ ᠨᠡᠶᠢᠭᠡᠮ ᠤᠨ ᠳᠠᠭᠠᠳᠬᠠᠯ ᠳᠤ ᠣᠷᠣᠬᠤ ᠳᠦᠷᠢᠮ ᠤᠨ ᠡᠷᠬᠡ ᠶᠢᠨ ᠲᠥᠪ ᠭᠤᠣᠯᠴᠢ᠂ ᠲᠣᠬᠢᠶᠠᠯ ᠤᠨ ᠲᠥᠪ ᠭᠤᠣᠯᠴᠢ᠂ ᠳᠦᠷᠢᠮ ᠤᠨ ᠲᠥᠪ ᠭᠤᠣᠯᠴᠢ ᠪᠠᠶᠢᠬᠤ ᠶᠢ ᠪᠡᠶᠡᠯᠡᠭᠦᠯᠦᠨ᠎ᠡ᠃ ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠶᠢ 2014 ᠣᠨ ᠳᠤ ᠡᠬᠢᠯᠡᠭᠦᠯᠦᠭᠡᠳ᠂ ᠪᠦᠬᠦ ᠤᠯᠤᠰ ᠤᠨ ᠬᠡᠰᠡᠭ ᠭᠠᠵᠠᠷ ᠣᠷᠣᠨ ᠳᠤ ᠲᠤᠷᠰᠢᠯᠲᠠ ᠶᠢᠨ ᠠᠵᠢᠯ ᠥᠷᠨᠢᠭᠦᠯᠵᠦ  ᠂ ᠮᠠᠨ ᠤ ᠣᠷᠣᠨ ᠤ ᠦᠬᠠᠶ ᠬᠤᠲᠠ ᠲᠤᠷᠰᠢᠯᠲᠠ ᠶᠢᠨ ᠠᠵᠢᠯ ᠢ ᠭᠠᠵᠠᠷ ᠣᠷᠣᠨ ᠢᠶᠠᠷ ᠵᠢᠭᠰᠠᠭᠠᠭᠳᠠᠪᠠ︔ 2015 ᠣᠨ ᠳᠤ ᠤᠯᠤᠰ ᠠᠴᠠ ᠲᠥᠰᠦᠯ ᠪᠣᠯᠣᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ 50% ᠣᠷᠴᠢᠮ ᠤᠨ ᠭᠠᠵᠠᠷ ᠣᠷᠣᠨ ᠳᠤ ᠬᠦᠷᠲᠡᠯ᠎ᠡ ᠥᠷᠬᠡᠳᠬᠡᠬᠦ ᠪᠠᠷ ᠪᠤᠢ︔ 2016 ᠣᠨ ᠠᠴᠠ 2017 ᠣᠨ ᠪᠣᠯᠲᠠᠯ᠎ᠠ ᠪᠦᠬᠦ ᠤᠯᠤᠰ ᠲᠤ ᠪᠦᠬᠦ ᠲᠠᠯ᠎ᠠ ᠪᠠᠷ ᠬᠡᠷᠡᠭᠵᠢᠭᠦᠯᠦᠨ᠎ᠡ᠃ 2015 ᠣᠨ ᠳᠤ᠂ ᠤᠯᠤᠰ ᠠᠴᠠ ᠮᠠᠨ ᠤ ᠣᠷᠣᠨ ᠤ ᠪᠦᠬᠦ ᠠᠷᠠᠳ ᠤᠨ ᠳᠠᠭᠠᠳᠬᠠᠯ ᠳᠤ ᠣᠷᠣᠭᠰᠠᠨ ᠢ ᠲᠡᠮᠳᠡᠭᠯᠡᠬᠦ ᠲᠥᠯᠥᠪᠯᠡᠭᠡ ᠶᠢᠨ ᠠᠵᠢᠯ ᠤᠨ ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ 50%᠎ ᠶᠢᠨ ᠭᠠᠵᠠᠷ ᠣᠷᠣᠨ ᠢᠶᠠᠷ ᠲᠣᠭᠲᠠᠪᠠ᠃ ᠣᠳᠣᠬᠠᠨ ᠳᠤ᠂ ᠮᠠᠨ ᠤ ᠣᠷᠣᠨ ᠶᠠᠭ ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠪᠣᠳᠠᠲᠠᠶ ᠬᠡᠷᠡᠭᠵᠢᠭᠦᠯᠬᠦ ᠲᠥᠰᠦᠯ  ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠤᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号