ᠬᠥᠪᠴᠢ ᠶᠢᠨ ᠡᠯᠡᠰᠦᠨ ᠴᠥᠯ ᠤᠨ ᠡᠯᠡᠰᠦ ᠮᠠᠩᠬ᠎ᠠ ᠶᠢ ᠵᠠᠰᠠᠬᠤ ᠠᠵᠢᠯ ᠢᠯᠡᠳᠲᠡ ᠠᠮᠵᠢᠯᠲᠠ ᠣᠯᠪᠠ
ᠨᠡᠶᠢᠲᠡᠯᠡᠭᠰᠡᠨ ᠴᠠᠭ᠄
2015/7/30
     ᠬᠥᠪᠴᠢ ᠶᠢᠨ ᠡᠯᠡᠰᠦᠨ ᠴᠦᠯ ᠤᠨ ᠡᠯᠡᠰᠦᠨ ᠴᠥᠯ ᠤᠨ ᠭᠦᠨ ᠳᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠲᠠᠷᠢᠭᠰᠠᠨ ᠡᠯᠡᠰᠦᠨ ᠪᠤᠷᠭᠠᠰᠤ ᠶᠢᠨ ᠣᠨᠳᠣᠷᠣᠯᠲᠠ ᠶᠢᠨ ᠨᠣᠷᠮ᠎ᠠ 80%᠎ ᠠᠴᠠ ᠳᠡᠭᠡᠭᠰᠢ ᠳᠤ ᠬᠦᠷᠴᠦ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ ︵7 ᠳ᠋ᠤᠭᠠᠷ ᠰᠠᠷ᠎ᠠ ᠶᠢᠨ 27᠎ ᠤ ᠡᠳᠦᠷ ᠰᠡᠭᠦᠳᠡᠷᠯᠡᠪᠡ︶᠃ ᠥᠪᠥᠷ ᠮᠣᠩᠭᠤᠯ ᠤᠨ ᠬᠠᠲᠤᠨ ᠭᠤᠣᠯ ᠤᠨ ᠲᠣᠮᠣ ︽几 ︾ ᠭᠡᠰᠡᠨ ᠬᠢᠲᠠᠳ ᠦᠰᠦᠭ ᠮᠡᠲᠦ ᠭᠠᠵᠠᠷ ᠤᠨ ᠳᠣᠲᠣᠷ᠎ᠠ ᠲᠠᠯ᠎ᠠ ᠳᠤ ᠪᠠᠶᠢᠭ᠎ᠠ ᠬᠥᠪᠴᠢ ᠶᠢᠨ ᠡᠯᠡᠰᠦᠨ ᠴᠥᠯ ᠤᠨ ᠶᠡᠷᠦᠩᠬᠡᠶ ᠲᠠᠯᠠᠪᠠᠶ 1.86 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳᠤᠮᠳᠠᠳᠤ ᠤᠯᠤᠰ ᠤᠨ ᠳᠣᠯᠣᠳᠤᠭᠠᠷ ᠶᠡᠭᠡ ᠡᠯᠡᠰᠦᠨ ᠴᠦᠯ ᠪᠣᠯᠬᠤ ᠪᠥᠭᠡᠳ ᠮᠥᠨᠴᠦ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠴᠢᠬᠤᠯᠠ ᠡᠬᠢ ᠡᠭᠦᠰᠦᠯ ᠪᠣᠯᠣᠨ᠎ᠠ᠃ ᠣᠯᠠᠨ ᠲᠠᠯ᠎ᠠ ᠶᠢᠨ 30 ᠰᠢᠬᠠᠮ ᠵᠢᠯ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ ᠲᠤᠬᠠᠶ ᠶᠢᠨ ᠭᠠᠵᠠᠷ ᠤᠨ ᠬᠢᠨ ᠨᠢ ᠬᠥᠪᠴᠢ ᠶᠢᠨ ᠡᠯᠡᠰᠦᠨ ᠴᠥᠯ ᠤᠨ 0.6 ᠲᠦᠮᠡᠨ ᠲᠡᠭᠰᠢ ᠳᠥᠷᠪᠡᠯᠵᠢᠨ ᠺᠢᠯᠣᠮᠧᠲᠷ ᠭᠠᠵᠠᠷ ᠢ ᠨᠣᠭᠤᠭᠠᠷᠠᠭᠤᠯᠤᠭᠰᠠᠨ ᠤ ᠬᠠᠮᠲᠤ ᠡᠯᠡᠰᠦᠷᠬᠡᠭᠵᠢᠬᠦ ᠶᠢ ᠬᠢᠵᠠᠭᠠᠷᠯᠠᠭᠰᠠᠨ ᠲᠠᠯᠠᠪᠠᠶ 1.1 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠪᠡ᠃ 20 ᠭᠠᠷᠤᠶ ᠵᠢᠯ ᠤᠨ ᠡᠮᠦᠨᠡᠬᠢ ᠲᠠᠢ ᠬᠠᠷᠢᠴᠠᠭᠤᠯᠪᠠᠯ᠂ ᠬᠥᠪᠴᠢ ᠶᠢᠨ ᠡᠯᠡᠰᠦᠨ ᠴᠦᠯ ᠤᠨ ᠡᠯᠡᠰᠦᠨ ᠰᠢᠭᠤᠷᠭ᠎ᠠ 95%᠎ ᠪᠠᠷ ᠪᠠᠭᠠᠰᠴᠤ᠂ ᠠᠮᠢᠳᠤ ᠪᠣᠳᠠᠰ ᠤᠨ ᠲᠥᠷᠥᠯ ᠵᠦᠢᠯ 10 ᠳᠠᠬᠢᠨ ᠨᠡᠮᠡᠭᠳᠡᠵᠦ᠂ ᠵᠢᠯ ᠤᠨ ᠲᠤᠨᠳᠠᠰᠤ 70 ᠮᠢᠯᠢᠮᠧᠲᠷ ᠬᠦᠷᠬᠦ ᠦᠭᠡᠢ ᠪᠠᠶᠢᠭᠰᠠᠨ ᠠᠴᠠ ᠪᠠᠨ 300 ᠮᠢᠯᠢᠮᠧᠲᠷ ᠲᠤ ᠬᠦᠷᠴᠦ᠂ ᠡᠯᠡᠰᠦᠨ ᠳᠣᠪᠤ ᠶᠢᠨ ᠦᠨᠳᠦᠷ ᠤᠨ ᠬᠡᠮᠵᠢᠶ᠎ᠡ ᠨᠢ ᠪᠦᠬᠦᠯᠢ ᠪᠠᠷ ᠢᠶᠠᠨ ᠬᠠᠭᠠᠰ ᠢᠶᠠᠷ ᠪᠠᠭᠤᠷᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号