ᠤᠯᠤᠰ ᠤᠨ ᠳᠡᠰ ᠤᠨ ᠮᠠᠰᠢᠨ ᠲᠡᠷᠭᠡ ᠮᠣᠲ᠋ᠣᠷ ᠤᠨ ᠭᠤᠷᠪᠠᠨ ᠶᠡᠭᠡ ᠤᠷᠤᠯᠳᠤᠭᠠᠨ 8 ᠳ᠋ᠤᠭᠠᠷ ᠰᠠᠷ᠎ᠠ ᠳᠤ ᠥᠪᠥᠷ ᠮᠣᠩᠭᠤᠯ ᠤᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠳᠤ ᠡᠬᠢᠯᠡᠬᠦ ᠪᠣᠯᠣᠨ᠎ᠠ
ᠨᠡᠶᠢᠲᠡᠯᠡᠭᠰᠡᠨ ᠴᠠᠭ᠄
2015/7/30
      ᠯᠧ ᠮᠠᠩ ︵ᠳᠤᠮᠳᠠᠳᠤ ᠤᠯᠤᠰ︶ ᠠᠷᠠᠳ ᠤᠨ ᠬᠡᠷᠡᠭᠯᠡᠭᠡᠨ ᠤ ᠮᠣᠲ᠋ᠣᠷ ᠲᠡᠷᠭᠡ ᠶᠢᠨ ᠳᠠᠭᠠᠭᠠᠴᠠ ᠶᠢᠨ ᠮᠦᠷᠦᠶᠢᠴᠡᠭᠡᠨ᠂ ᠳᠡᠯᠡᠬᠡᠶ ᠶᠢᠨ ᠲᠡᠮᠳᠡᠭᠯᠡᠯ ᠢ ᠡᠭᠦᠳᠦᠭᠰᠡᠨ ︽36ER︾ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ ᠮᠠᠰᠢᠨ ᠲᠡᠷᠭᠡᠨ ᠤ ᠳᠠᠭᠠᠭᠠᠴᠠ ᠶᠢᠨ ᠢᠯᠡ ᠮᠦᠷᠦᠶᠢᠴᠡᠭᠡᠨ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠯᠠᠨ ᠤᠯᠤᠰ ᠤᠨ︶ ᠎ ᠤᠨ ᠦᠷᠦᠭᠡᠲᠦ  ᠮᠠᠰᠢᠨ ᠲᠡᠷᠭᠡᠨ ᠤ ᠬᠡᠭᠡᠷ᠎ᠡ ᠪᠠᠭᠤᠳᠠᠯᠯᠠᠬᠤ ᠴᠣᠭᠯᠠᠭᠠᠨ 8 ᠳ᠋ᠤᠭᠠᠷ ᠰᠠᠷ᠎ᠠ ᠶᠢᠨ 7᠎ ᠤ ᠡᠳᠦᠷ ᠠᠴᠠ 8 ᠳ᠋ᠤᠭᠠᠷ ᠰᠠᠷ᠎ᠠ ᠶᠢᠨ 18 ᠬᠦᠷᠲᠡᠯᠡᠬᠢ ᠬᠤᠭᠤᠴᠠᠭᠠᠨ ᠳᠤ ᠬᠤᠭᠤᠷᠤᠨᠳᠤ ᠳᠠᠷᠬᠠᠨ ᠮᠤᠤᠮᠢᠩᠭᠠᠨ ᠬᠤᠯᠪᠤᠭᠠᠲᠤ  ᠬᠤᠰᠢᠭᠤᠨ ᠳᠤ ᠶᠠᠪᠤᠭᠳᠠᠬᠤ ᠪᠠᠷ ᠪᠣᠢ᠃ ︽ᠲᠠᠯ᠎ᠠ ᠨᠤᠲᠤᠭ ᠤᠨ ᠵᠢᠭᠤᠯᠴᠢᠯᠠᠯ ᠳᠡᠯᠡᠬᠡᠶ ᠶᠢᠷᠲᠢᠨᠴᠦ ᠶᠢᠨ ᠵᠠᠮ︾᠎ ᠢᠶᠠᠷ ᠭᠤᠣᠯ ᠰᠡᠳᠦᠪ ᠪᠣᠯᠭᠠᠭᠰᠠᠨ 3 ᠶᠡᠭᠡ ᠤᠷᠤᠯᠳᠤᠭᠠᠨ ᠢ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ  ᠲᠣᠪᠴᠢᠶ᠎ᠠ ᠶᠢᠨ ᠮᠠᠰᠢᠨ ᠲᠡᠷᠭᠡ ᠮᠣᠲ᠋ᠣᠷ ᠲᠡᠷᠬᠡ ᠶᠢᠨ ᠬᠦᠳᠡᠯᠭᠡᠭᠡᠨ ᠤ ᠬᠠᠮᠢᠶᠠᠷᠤᠯᠲᠠ ᠶᠢᠨ ᠲᠥᠪ᠂ ᠳᠤᠮᠳᠠᠳᠤ ᠤᠯᠤᠰ ᠤᠨ ᠮᠠᠰᠢᠨ ᠲᠡᠷᠭᠡᠨ ᠤ ᠬᠥᠳᠡᠯᠭᠡᠭᠡᠨ ᠤ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠮᠣᠲ᠋ᠣᠷ ᠲᠡᠷᠭᠡᠨ ᠤ ᠬᠦᠳᠡᠯᠭᠡᠭᠡᠨ ᠤ ᠨᠡᠶᠢᠭᠡᠮᠯᠢᠭ᠂ ᠳᠤᠮᠳᠠᠳᠤ ᠤᠯᠤᠰ ᠤᠨ ᠮᠠᠰᠢᠨ ᠲᠡᠷᠬᠡ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠠᠷᠤ ᠶᠢᠨ ᠵᠠᠬ᠎ᠠ ᠳᠡᠯᠭᠡᠭᠦᠷ ᠤᠨ ᠺᠣᠮᠢᠰ᠂ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠮᠣᠲ᠋ᠣᠷ ᠲᠡᠷᠭᠡ ᠶᠢᠨ ᠺᠣᠮᠢᠰ᠂ ᠳᠤᠮᠳᠠᠳᠤ ᠤᠯᠤᠰ ᠤᠨ ᠦᠷᠥᠭᠡᠲᠦ ᠮᠠᠰᠢᠨ ᠲᠡᠷᠭᠡ ᠶᠢᠨ ᠬᠡᠭᠡᠷ᠎ᠡ ᠪᠠᠭᠤᠳᠠᠯᠯᠠᠬᠤ ᠬᠤᠯᠪᠣᠭ᠎ᠠ ︵CFCC︶᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠪᠡᠭᠡᠵᠢᠩ ᠬᠤᠲᠠ ᠶᠢᠨ ᠴᠠᠩ ᠫᠢᠩ ᠲᠣᠭᠤᠷᠢᠭ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠨ᠎ᠡ᠃ ᠡᠭᠦᠨ ᠳᠤ᠂ ᠯᠧ ᠮᠠᠩ ︵ᠳᠤᠮᠳᠠᠳᠤ ᠤᠯᠤᠰ︶ ᠠᠷᠠᠳ ᠤᠨ ᠬᠡᠷᠡᠭᠯᠡᠭᠡᠨ ᠤ ᠮᠣᠲ᠋ᠣᠷ ᠲᠡᠷᠬᠡ ᠶᠢᠨ ᠳᠠᠭᠠᠭᠠᠴᠠ ᠶᠢᠨ ︽ᠮᠤᠲ᠋ᠤᠷ ᠤᠨ ᠸᠠᠩ︾᠎ ᠤᠨ ᠮᠠᠩᠯᠠᠢ ᠪᠤᠯᠢᠶᠠᠯᠳᠤᠬᠤ ᠴᠠᠭ ᠨᠢ 8 ᠳ᠋ᠤᠭᠠᠷ ᠰᠠᠷ᠎ᠠ ᠶᠢᠨ 7᠎ ᠤ ᠡᠳᠦᠷ ᠠᠴᠠ 9᠎ ᠤ ᠡᠳᠦᠷ ᠪᠣᠯᠲᠠᠯ᠎ᠠ ᠪᠣᠯᠣᠨ᠎ᠠ᠃  ᠮᠣᠲ᠋ᠣᠷ ᠲᠡᠷᠭᠡ ᠦᠢᠯᠡᠳᠪᠦᠷᠢᠯᠡᠬᠦ 40 ᠭᠠᠷᠤᠶ ᠦᠢᠯᠡᠳᠪᠦᠷᠢ ᠶᠢᠨ1000 ᠭᠠᠷᠤᠢ ᠲᠡᠷᠭᠡ ᠤᠷᠤᠯᠳᠤᠭᠠᠨ ᠳᠤ ᠣᠷᠣᠯᠴᠠᠵᠤ᠂ ᠬᠡᠳᠦᠨ ᠮᠢᠩᠭᠠᠨ ᠬᠥᠮᠦᠨ ᠣᠷᠣᠯᠴᠠᠨ᠎ᠠ᠃ ᠤᠷᠤᠯᠳᠤᠭᠠᠨ ᠢ ︽ᠨᠢᠭᠡᠳᠦᠭᠡᠷ ᠤᠷᠤᠯᠳᠤᠭᠠᠨ ᠤ ᠵᠠᠮ︾᠎ ᠤᠨ ᠰᠣᠨᠢᠷᠬᠠᠯᠲᠤ ᠪᠦᠯᠬᠦᠮ ᠨᠡᠶᠢᠲᠡ ᠶᠢᠨ ᠪᠤᠤᠬᠢᠶ᠎ᠠ ᠤᠷᠤᠯᠳᠤᠭᠠᠨ ᠪᠣᠯᠣᠨ ︽ᠨᠢᠭᠡᠳᠦᠭᠡᠷ ᠤᠷᠤᠯᠳᠤᠭᠠᠨ ᠤ ᠵᠠᠮ︾᠎ ᠤᠨ 6 ᠴᠠᠭ ᠤᠨ ᠳᠠᠭᠠᠭᠠᠴᠠ ᠶᠢᠨ ᠮᠦᠷᠦᠶᠢᠴᠡᠭᠡᠨ ᠭᠡᠵᠦ  ᠬᠤᠪᠢᠶᠠᠪᠠ᠃ ᠳᠡᠯᠡᠬᠡᠶ ᠶᠢᠨ ᠲᠡᠮᠳᠡᠭᠯᠡᠯ ᠢ ᠡᠭᠦᠳᠦᠭᠰᠡᠨ ︽36ER︾ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ ᠮᠠᠰᠢᠨ ᠲᠡᠷᠭᠡᠨ ᠤ ᠳᠠᠭᠠᠭᠠᠴᠠ ᠶᠢᠨ ᠢᠯᠡ ᠮᠦᠷᠦᠶᠢᠴᠡᠭᠡᠨ ᠤ ᠴᠠᠭ ᠨᠢ 8 ᠳ᠋ᠤᠭᠠᠷ ᠰᠠᠷ᠎ᠠ ᠶᠢᠨ 13᠎ ᠤ ᠡᠳᠦᠷ ᠠᠴᠠ 17᠎ ᠎ ᠤ ᠡᠳᠦᠷ ᠪᠣᠯᠲᠠᠯ᠎ᠠ ᠶᠠᠪᠣᠭᠳᠠᠭᠤᠯᠵᠤ᠂ ᠤᠷᠤᠯᠳᠤᠭᠠᠨ ᠢ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︽ᠨᠢᠭᠡᠳᠦᠭᠡᠷ ᠤᠷᠤᠯᠳᠤᠭᠠᠨ ᠤ ᠵᠠᠮ︾ ᠳᠡᠭᠡᠷ᠎ᠡ ᠶᠠᠪᠣᠭᠳᠠᠵᠤ᠂ ᠤᠷᠤᠯᠳᠤᠭᠠᠨ ᠤ ᠵᠠᠮ ᠤᠨ ᠪᠦᠬᠦ ᠣᠷᠳᠣ ᠨᠢ 15.68 ᠺᠢᠯᠣᠮᠧᠲᠷ ᠪᠣᠯᠬᠤ ᠪᠦᠭᠡᠳ ᠣᠳᠣᠬᠠᠨ ᠤ ᠠᠽᠢᠶ᠎ᠠ ᠲᠢᠪ ᠤᠨ ᠬᠠᠮᠤᠭ ᠤᠨ ᠤᠷᠲᠤ ᠪᠢᠲᠡᠭᠦᠮᠵᠢᠯᠡᠭᠰᠡᠨ ᠲᠠᠯᠠᠪᠤᠷ ᠤᠨ ᠤᠷᠤᠯᠳᠤᠭᠠᠨ ᠤ ᠵᠠᠮ ᠪᠣᠯᠣᠨ᠎ᠠ᠃ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠯᠠᠨ ᠤᠯᠤᠰ ᠤᠨ︶ ᠎ ᠤᠨ ᠥᠷᠥᠭᠡᠲᠦ ᠮᠠᠰᠢᠨ ᠲᠡᠷᠭᠡ ᠶᠢᠨ ᠬᠡᠭᠡᠷ᠎ᠡ ᠪᠠᠭᠤᠳᠠᠯᠯᠠᠬᠤ ᠴᠤᠭᠯᠠᠭᠠᠨ ᠢ ᠮᠣᠲ᠋ᠣᠷ ᠲᠡᠷᠭᠡ ᠮᠠᠰᠢᠨ ᠲᠡᠷᠭᠡᠨ ᠤ ᠤᠷᠤᠯᠳᠤᠭᠠᠨ ᠲᠠᠢ ᠵᠡᠷᠭᠡ ᠳᠤᠨᠢ ᠶᠠᠪᠤᠭᠳᠠᠭᠤᠯᠵᠤ᠂ ᠲᠤᠰ ᠴᠤᠭᠯᠠᠭᠠᠨ ᠬᠡᠪᠴᠢᠶ᠎ᠡ ᠪᠠᠷ ᠠᠤᠭ᠎ᠠ ᠶᠡᠭᠡ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 50 ᠭᠠᠷᠤᠢ ᠰᠢᠨ᠎ᠡ ᠮᠠᠶ᠋ᠢᠭ ᠤᠨ ᠦᠷᠥᠭᠡᠲᠦ ᠮᠠᠰᠢᠨ ᠲᠡᠷᠭᠡ ᠶᠢ ᠲᠣᠬᠠᠢ ᠶᠢᠨ ᠴᠠᠭ ᠲᠤᠨᠢ ᠨᠡᠶᠢᠲᠡᠯᠡᠵᠦ᠂ 100 ᠦᠷᠥᠭᠡᠲᠦ ᠮᠠᠰᠢᠨ ᠲᠡᠷᠭᠡ ᠬᠡᠭᠡᠷ᠎ᠡ ᠪᠠᠭᠤᠳᠠᠯᠯᠠᠨ᠂ ᠬᠡᠳᠦᠨ ᠠᠷᠪᠠᠨ ᠬᠤᠪᠢ ᠶᠢᠨ ᠮᠠᠰᠢᠨ ᠤ ᠺᠯᠦ᠋ᠪ᠂ ᠭᠡᠷ ᠤᠨ ᠭᠠᠳᠠᠨᠠᠬᠢ ᠬᠦᠳᠡᠯᠭᠡᠭᠡᠨ ᠤ ᠺᠯᠦ᠋ᠪ ᠪᠣᠯᠣᠨ 40 ᠭᠠᠷᠤᠶ ᠭᠠᠳᠠᠭᠠᠳᠤ ᠶᠢᠨ ᠦᠷᠥᠭᠡᠲᠦ ᠮᠠᠰᠢᠨ ᠲᠡᠷᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠨ᠎ᠠ᠃ ᠡᠭᠦᠨ ᠠᠴᠠ ᠭᠠᠳᠠᠨ᠎ᠠ᠂ ᠤᠷᠤᠯᠳᠤᠭᠠᠨ ᠤ ᠬᠤᠭᠤᠴᠠᠭᠠᠨ ᠳᠤ ᠪᠠᠰᠠ ᠪᠡᠭᠬᠢ ︵BUGGY︶ ᠮᠠᠰᠢᠨ ᠲᠡᠷᠭᠡ ᠶᠢᠨ ᠪᠣᠯᠪᠠᠰᠤᠷᠠᠭᠤᠯᠤᠯ ᠬᠢᠵᠦ ᠪᠡᠶᠡᠴᠢᠯᠡᠨ ᠣᠶᠢᠯᠠᠭᠠᠬᠤ᠂ ᠮᠠᠰᠢᠨ ᠲᠡᠷᠭᠡᠨ ᠤ ᠤᠷ᠎ᠠ ᠮᠡᠷᠭᠡᠵᠢᠯ ᠤᠨ ᠤᠷᠤᠯᠳᠤᠭᠠᠨ ᠡᠷᠬᠢᠯᠡᠵᠦ᠂ ᠡᠭᠦᠨ ᠤ ᠬᠠᠮᠲᠤ ᠪᠠᠰᠠ ᠨᠢᠭᠡᠨ ᠴᠣ ᠰᠢᠨ᠎ᠡ ᠤᠷᠤᠯᠳᠤᠭᠠᠨ — ᠫᠠᠢ ᠰᠧ ᠺᠧ ︵RVPR︶ ᠮᠠᠰᠢᠨ ᠲᠡᠷᠭᠡᠨ ᠤ ᠮᠡᠷᠭᠡᠵᠢᠯ ᠮᠦᠷᠦᠶᠢᠴᠡᠬᠦ ᠤᠷᠤᠯᠳᠤᠭᠠᠨ ᠤ ᠦᠵᠡᠭᠦᠯᠦᠯᠭᠡ ᠭᠠᠷᠭᠠᠵᠤ᠂ ᠡᠨᠡᠬᠦ ᠤᠷᠤᠯᠳᠤᠭᠠᠨ ᠨᠢ ᠮᠠᠰᠢ ᠶᠡᠭᠡ ᠦᠵᠡᠭᠦᠯᠦᠯᠭᠡ ᠶᠢᠨ ᠴᠢᠨᠠᠷ᠂ ᠦᠵᠡᠮᠦᠷᠢ ᠶᠢᠨ ᠴᠢᠨᠠᠷ᠂ ᠰᠡᠳᠦᠯᠳᠡᠳᠦ ᠴᠢᠨᠠᠷ ᠪᠣᠯᠣᠨ ᠤᠷ᠎ᠠ ᠳᠡᠮ ᠤᠨ ᠴᠢᠨᠠᠷ ᠲᠠᠢ ᠶᠣᠮ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号