ᠰᠤᠷᠪᠤᠯᠵᠢᠯᠠᠨ ᠶᠠᠷᠢᠯᠴᠠᠭᠰᠠᠨ ᠴᠠᠭ᠄ | 2015 ᠤᠨ ᠤ 7 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠵᠢᠨᠡᠮᠦᠨ᠎ᠡ ᠶᠢᠨ 10 ᠴᠠᠭ | ᠰᠤᠷᠪᠤᠯᠵᠢᠯᠠᠨ ᠶᠠᠷᠢᠯᠴᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠥᠪᠯᠡᠯ ᠤᠨ ᠳᠡᠳ᠋ ᠡᠷᠬᠢᠯᠡᠭᠴᠢ᠂ | ᠨᠡᠭᠦᠷᠡᠰᠦᠨ ᠠᠵᠤ ᠦᠢᠯᠡᠳᠪᠦᠷᠢ ᠶᠢᠨ ᠲᠣᠪᠴᠢᠶ᠎ᠠ ᠶᠢᠨ ᠳᠠᠷᠤᠭ᠎ᠠ ᠸᠠᠩ ᠵᠢᠶᠦ᠋ᠨ ᠹᠧᠩ | ᠰᠤᠷᠪᠤᠯᠵᠢᠯᠠᠨ ᠶᠠᠷᠢᠯᠴᠠᠭᠰᠠᠨ ᠲᠣᠪᠴᠢ᠄ | ︽ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ ᠠᠵᠤ | ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ ᠤᠴᠢᠷ ᠤᠨ ᠲᠤᠬᠠᠢ ᠮᠡᠳᠡᠭᠳᠡᠯ︾ | ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠤ | ᠬᠠᠮᠲᠤ ᠥᠪᠥᠷ ᠵᠠᠰᠠᠭ ᠠᠯᠪᠠᠨ ᠲᠠᠷᠬᠠᠭᠠᠭᠰᠠᠨ ﹇2015﹈ 57 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢᠶᠠᠷ | ᠢᠯᠡ ᠨᠡᠶᠢᠲᠡᠯᠡᠪᠡ᠃ ᠨᠡᠶᠢᠭᠡᠮ ᠤᠨ ᠣᠯᠠᠨ ᠨᠡᠶᠢᠲᠡ ᠪᠠ ᠨᠡᠭᠦᠷᠡᠰᠦᠨ ︵ᠤᠯᠠᠷᠢᠭᠤᠯᠬᠤ᠂ ᠦᠢᠯᠡᠳᠪᠦᠷᠢᠯᠡᠬᠦ︶ ᠤ | ᠠᠵᠤ ᠠᠬᠤᠶᠢᠯᠠᠯ ᠤᠳ ᠲᠤ ︽ᠮᠡᠳᠡᠭᠳᠡᠯ︾ ᠤᠨ ᠬᠤᠯᠪᠣᠭᠳᠠᠯ ᠪᠦᠬᠦᠢ ᠠᠭᠤᠯᠭ᠎ᠠ ᠶᠢ ᠤᠯᠠᠮ ᠨᠢᠭᠡ ᠠᠯᠬᠤᠮ | ᠭᠦᠨᠵᠡᠭᠡᠶ ᠣᠶᠢᠯᠠᠭᠠᠭᠤᠯᠬᠤ ᠶᠢᠨ ᠲᠤᠰᠠᠳᠠ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠮᠡᠳᠡᠭᠡ ᠵᠠᠩᠭᠢᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠨᠡᠭᠦᠷᠡᠰᠦᠨ ᠤ ᠠᠵᠤ ᠦᠢᠯᠡᠳᠪᠦᠷᠢ ᠶᠢᠨ ᠲᠣᠪᠴᠢᠶ᠎ᠠ ᠶᠢᠨ | ᠳᠠᠷᠤᠭ᠎ᠠ ᠸᠠᠩ ᠵᠢᠶᠦ᠋ᠨ ᠹᠧᠩ ᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠳᠤ ᠤᠷᠢᠵᠤ᠂ | ᠳᠠᠶᠠᠭᠠᠷ ᠣᠯᠠᠨ ᠲᠠᠢ ᠶᠠᠷᠢᠯᠴᠠᠭᠤᠯᠬᠤ ᠪᠤᠯᠤᠨ᠎ᠠ᠃ ᠥᠷᠭᠡᠨ ᠣᠯᠠᠨ ᠰᠦᠯᠵᠢᠶᠡᠨ ᠠᠨᠳᠠ ᠨᠡᠷ ᠲᠤᠬᠠᠢ ᠶᠢᠨ ᠴᠠᠭ | ᠲᠤᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | ﹇ᠬᠥᠲᠥᠯᠥᠭᠴᠢ﹈᠄ | ᠰᠦᠯᠵᠢᠶᠡᠨ ᠠᠨᠳᠠ ᠨᠡᠷ᠂ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ︽ᠳᠤᠮᠳᠠᠳᠤ ᠤᠯᠤᠰ | · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ | ᠵᠥᠪᠯᠡᠯ ᠤᠨ ᠳᠡᠳ᠋ ᠡᠷᠬᠢᠯᠡᠭᠴᠢ᠂ ᠨᠡᠭᠦᠷᠡᠰᠦᠨ ᠠᠵᠤ ᠦᠢᠯᠡᠳᠪᠦᠷᠢ ᠶᠢᠨ ᠲᠣᠪᠴᠢᠶ᠎ᠠ ᠶᠢᠨ ᠳᠠᠷᠤᠭ᠎ᠠ ᠸᠠᠩ ᠵᠢᠶᠦ᠋ᠨ | ᠹᠧᠩ ᠶᠢ ᠤᠷᠢᠵᠤ᠂ ᠲᠡᠭᠦᠨ ᠢᠶᠠᠷ ︽ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ | ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ | ᠤᠴᠢᠷ ᠤᠨ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 57 ᠳ᠋ᠤᠭᠠᠷ ᠲᠣᠭᠠᠲᠤ︶ | ᠤᠨ ᠲᠤᠬᠠᠢ ᠣᠯᠠᠨ ᠳᠤ ᠰᠦᠯᠵᠢᠶᠡᠨ ᠳᠡᠭᠡᠷ᠎ᠡ ᠲᠠᠶᠢᠯᠪᠤᠷᠢᠯᠠᠯᠲᠠ ᠬᠢᠬᠦ ᠪᠠᠷ ᠪᠠᠶᠢᠨ᠎ᠠ᠃ ᠸᠠᠩ ᠡᠷᠬᠢᠯᠡᠭᠴᠢ ᠡ᠂ | ᠲᠠᠨ ᠢ ᠪᠠᠶᠠᠷᠯᠠᠨ ᠤᠭᠲᠤᠵᠤ ᠪᠠᠶᠢᠨ᠎ᠠ︕ | ﹇ᠸᠠᠩ ᠵᠢᠶᠦ᠋ᠨ ᠹᠧᠩ﹈᠄ | ᠬᠦᠲᠦᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︖ | ﹇ᠬᠥᠲᠥᠯᠥᠭᠴᠢ﹈᠄ | ᠸᠠᠩ ᠡᠷᠬᠢᠯᠡᠭᠴᠢ ᠡ᠂ ᠲᠠ ᠪᠢᠳᠡᠨ ᠳᠤ ︽ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ | ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠬᠤᠯᠪᠣᠭᠳᠠᠯ ᠪᠦᠬᠦᠢ | ᠤᠴᠢᠷ ᠤᠨ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ ᠠᠬᠤᠶ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ﹇ᠸᠠᠩ ᠵᠢᠶᠦ᠋ᠨ ᠹᠧᠩ﹈᠄ | ︽ᠮᠡᠳᠡᠭᠳᠡᠯ︾ ᠢ ᠭᠤᠣᠯᠳᠠᠭᠤ ᠮᠠᠨ ᠤ ᠤᠯᠤᠰ ᠤᠨ ᠨᠡᠭᠦᠷᠡᠰᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠨᠢ | ᠬᠡᠷᠡᠭᠴᠡᠭᠡ ᠠᠴᠠ ᠪᠠᠨ ᠶᠡᠭᠡ᠂ ᠦᠢᠯᠡᠳᠪᠦᠷᠢᠯᠡᠬᠦ ᠴᠢᠳᠠᠪᠤᠷᠢ ᠬᠦᠨᠳᠦ ᠨᠣᠴᠢᠲᠠᠶ ᠦᠯᠡᠬᠦᠳᠡᠵᠦ ᠪᠠᠶᠢᠬᠤ ᠣᠳᠣᠬᠢ | ᠪᠠᠶᠢᠳᠠᠯ ᠳᠤ ᠴᠢᠭᠯᠡᠭᠦᠯᠦᠨ᠂ ᠦᠢᠯᠡᠳᠪᠦᠷᠢᠯᠡᠬᠦ ᠴᠢᠳᠠᠪᠤᠷᠢ ᠦᠯᠡᠬᠦᠳᠡᠵᠦ ᠪᠠᠶᠢᠭ᠎ᠠ ᠶᠢ ᠡᠬᠢ ᠡᠭᠦᠰᠦᠯ ᠠᠴᠠ ᠨᠢ | ᠠᠷᠢᠯᠭᠠᠵᠤ᠂ ᠮᠠᠨ ᠤ ᠣᠷᠣᠨ ᠤ ᠨᠡᠭᠦᠷᠡᠰᠦᠨ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ | ᠠᠬᠢᠭᠤᠯᠬᠤ ᠶᠢᠨ ᠲᠥᠯᠥᠭᠡ ᠲᠣᠭᠲᠠᠭᠠᠵᠤ ᠨᠡᠶᠢᠲᠡᠯᠡᠭᠰᠡᠨ ᠶᠤᠮ᠃ | ᠪᠦᠬᠦ ᠤᠯᠤᠰ ᠤᠨ ᠪᠠᠶᠢᠳᠠᠯ ᠠᠴᠠ ᠠᠪᠴᠤ ᠦᠵᠡᠪᠡᠯ᠂ 2000 ᠣᠨ ᠠᠴᠠ 2012 ᠣᠨ ᠪᠣᠯᠲᠠᠯᠠᠬᠢ | 13 ᠵᠢᠯ ᠤᠨ ᠬᠤᠭᠤᠷᠣᠨᠳᠤ᠂ ᠮᠠᠨ ᠤ ᠤᠯᠤᠰ ᠤᠨ ᠨᠡᠭᠦᠷᠡᠰᠦᠨ ᠤ ᠭᠠᠷᠤᠯᠲᠠ 9.98 ᠳ᠋ᠦᠩᠰᠢᠭᠤᠷ ᠲᠣᠨ | ᠪᠠᠶᠢᠭᠰᠠᠨ ᠠᠴᠠ ᠪᠠᠨ 36.5 ᠳ᠋ᠦᠩᠰᠢᠭᠤᠷ ᠲᠣᠨ ᠳᠤ ᠬᠦᠷᠲᠡᠯ᠎ᠡ ᠨᠡᠮᠡᠭᠳᠡᠪᠡ᠃ ᠣᠶᠢᠷ᠎ᠠ ᠶᠢᠨ ᠬᠡᠳᠦᠨ ᠵᠢᠯ ᠳᠤ᠂ | ︽ᠭᠤᠷᠪᠠᠨ ᠬᠤᠭᠤᠴᠠᠭ᠎ᠠ ᠳᠠᠪᠬᠤᠴᠠᠭᠰᠠᠨ︾᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ᠂ ᠭᠠᠳᠠᠭᠠᠳᠤ ᠠᠴᠠ | ᠣᠷᠣᠭᠤᠯᠤᠭᠰᠠᠨ ᠨᠡᠭᠦᠷᠡᠰᠦᠨ ᠤ ᠳᠠᠭᠠᠷᠢᠯᠲᠠ ᠵᠡᠷᠭᠡ ᠳᠤ ᠨᠥᠯᠥᠭᠡᠯᠡᠭᠳᠡᠵᠦ᠂ ᠪᠦᠬᠦ ᠤᠯᠤᠰ ᠤᠨ ᠨᠡᠭᠦᠷᠡᠰᠦᠨ ᠤ | ᠬᠡᠷᠡᠭᠴᠡᠭᠡ ᠶᠡᠭᠡ ᠬᠡᠮᠵᠢᠶ᠎ᠡ ᠪᠠᠷ ᠪᠠᠭᠠᠰᠪᠠ᠃ 2013 ᠣᠨ ᠤ ᠭᠠᠷᠤᠯᠲᠠ 39.7 ᠳ᠋ᠦᠩᠰᠢᠭᠤᠷ ᠲᠣᠨ᠂ 2014 | ᠣᠨ ᠤ ᠭᠠᠷᠤᠯᠲᠠ 38.7 ᠳ᠋ᠦᠩᠰᠢᠭᠤᠷ ᠲᠣᠨ ᠪᠠᠶᠢᠵᠤ᠂ 2.5% ᠪᠠᠷ ᠪᠠᠭᠤᠷᠠᠪᠠ᠂ ᠡᠨᠡ ᠨᠢ 2000 | ᠣᠨ ᠠᠴᠠ ᠨᠠᠰᠢᠬᠢ ᠠᠩᠬ᠎ᠠ ᠤᠳᠠᠭᠠᠨ ᠤ ᠰᠥᠭᠡᠷᠭᠦ ᠨᠡᠮᠡᠭᠳᠡᠯ ᠪᠣᠯᠣᠨ᠎ᠠ᠃ 2015 ᠣᠨ ᠤ 1 — 4 ᠳ᠋ᠦ᠋ᠭᠡᠷ | ᠰᠠᠷ᠎ᠠ ᠪᠣᠯᠲᠠᠯ᠎ᠠ᠂ ᠪᠦᠬᠦ ᠤᠯᠤᠰ ᠤᠨ ᠲᠦᠭᠦᠬᠡᠢ ᠨᠡᠭᠦᠷᠡᠰᠦᠨ ᠤ ᠭᠠᠷᠤᠯᠲᠠ 11. 5 ᠳ᠋ᠦᠩᠰᠢᠭᠤᠷ ᠲᠣᠨ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 6 .1 % ᠪᠠᠷ ᠪᠠᠭᠤᠷᠠᠪᠠ᠃ | ᠤᠯᠤᠰ ᠤᠨ ᠡᠨᠧᠷᠭᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠳᠤ᠂ | 2020 ᠣᠨ ᠪᠣᠯᠬᠤ ᠳᠤ ᠪᠦᠬᠦ ᠤᠯᠤᠰ ᠤᠨ ᠨᠡᠭᠦᠷᠡᠰᠦᠨ ᠤ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ 42 | ᠳ᠋ᠦᠩᠰᠢᠭᠤᠷ ᠲᠣᠨ ᠣᠷᠴᠢᠮ ᠳᠤ ᠬᠢᠵᠠᠭᠠᠷᠯᠠᠨ᠎ᠠ ᠭᠡᠵᠦ ᠳᠤᠷᠠᠳᠤᠭᠰᠠᠨ ᠪᠠᠶᠢᠨ᠎ᠠ᠃ ᠭᠡᠪᠡᠴᠦ ᠣᠳᠣᠬᠠᠨ ᠤ ᠪᠦᠬᠦ | ᠤᠯᠤᠰ ᠤᠨ ᠣᠳᠣ ᠪᠠᠶᠢᠭ᠎ᠠ ᠨᠡᠭᠦᠷᠡᠰᠦ ᠦᠢᠯᠡᠳᠪᠦᠷᠢᠯᠡᠬᠦ ᠴᠢᠳᠠᠪᠤᠷᠢ 40 ᠳ᠋ᠦᠩᠰᠢᠭᠤᠷ ᠲᠣᠨ ᠢ ᠳᠠᠪᠠᠭᠠᠳ᠂ | 2020 ᠣᠨ ᠤ ᠪᠦᠬᠦ ᠤᠯᠤᠰ ᠤᠨ ᠨᠡᠭᠦᠷᠡᠰᠦᠨ ᠤ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ ᠳᠤ ᠣᠶᠢᠷᠠᠳᠠᠵᠤ ᠪᠣᠢ᠃ | ᠣᠳᠣᠬᠠᠨ ᠳᠤ ᠪᠦᠲᠦᠭᠡᠨ ᠪᠠᠶᠢᠭᠤᠯᠵᠤ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠨᠡᠮᠡᠪᠡᠯ᠂ ᠪᠦᠬᠦ ᠤᠯᠤᠰ ᠤᠨ | ᠨᠡᠭᠦᠷᠡᠰᠦᠨ ᠤ ᠶᠡᠷᠦᠩᠬᠡᠢ ᠦᠢᠯᠡᠳᠪᠦᠷᠢᠯᠡᠬᠦ ᠴᠢᠳᠠᠪᠤᠷᠢ 2020 ᠣᠨ ᠤ ᠬᠡᠷᠡᠭᠯᠡᠭᠡᠨ ᠤ ᠬᠢᠵᠠᠭᠠᠷᠯᠠᠬᠤ | ᠬᠡᠮᠵᠢᠶ᠎ᠡ ᠠᠴᠠ ᠬᠤᠯᠠ ᠳᠠᠪᠠᠭ᠋ᠤ ᠪᠣᠯᠣᠨ᠎ᠠ᠃ | ﹇ᠸᠠᠩ ᠵᠢᠶᠦ᠋ᠨ ᠹᠧᠩ﹈᠄ | ᠮᠠᠨ ᠤ ᠣᠷᠣᠨ ᠤ ᠪᠠᠶᠢᠳᠠᠯ ᠠᠴᠠ ᠠᠪᠴᠤ ᠦᠵᠡᠪᠡᠯ᠂ 2014 ᠣᠨ ᠤ ᠮᠠᠨ ᠤ ᠣᠷᠣᠨ ᠤ ᠨᠡᠭᠦᠷᠡᠰᠦᠨ ᠤ | ᠭᠠᠷᠤᠯᠲᠠ 9.9 ᠳ᠋ᠦᠩᠰᠢᠭᠤᠷ ᠲᠣᠨ ᠪᠠᠶᠢᠵᠤ᠂ ᠭᠠᠳᠠᠭᠰᠢ ᠪᠣᠷᠣᠯᠠᠭᠤᠯᠤᠭᠰᠠᠨ ᠪᠠ ᠳᠣᠲᠣᠭᠠᠳᠤ ᠬᠡᠷᠡᠭᠴᠡᠭᠡ ᠶᠢᠨ | ᠬᠠᠷᠢᠴᠠᠯ ᠨᠢ 6:4 ᠪᠣᠯᠣᠨ᠎ᠠ᠃ ᠣᠳᠣᠬᠠᠨ ᠤ ᠵᠠᠬ᠎ᠠ ᠳᠡᠯᠭᠡᠭᠦᠷ ᠤᠨ ᠪᠠᠶᠢᠳᠠᠯ ᠤᠨ ᠳᠣᠣᠷ᠎ᠠ᠂ ᠭᠠᠳᠠᠭᠰᠢ | ᠪᠣᠷᠣᠯᠠᠭᠤᠯᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠳᠤ ᠲᠦᠢᠯ ᠤᠨ ᠬᠦᠴᠢᠷᠳᠡᠯ ᠲᠠᠢ ᠪᠠᠶᠢᠵᠤ᠂ ᠣᠷᠣᠨ ᠤ | ᠲᠣᠲᠣᠷ᠎ᠠ ᠰᠢᠨ᠎ᠡ ᠪᠠᠷ ᠨᠡᠮᠡᠭᠳᠡᠭᠰᠡᠨ ᠨᠡᠭᠦᠷᠡᠰᠦᠨ ᠤ ᠬᠤᠷᠣᠭᠳᠠᠭᠤᠯᠤᠭ᠎ᠠ ᠨᠢ ᠭᠤᠣᠯᠳᠠᠭᠤ ᠤᠯᠤᠰ ᠠᠴᠠ ᠨᠢᠭᠡᠨᠲᠡ | ᠵᠥᠪᠰᠢᠶᠡᠷᠡᠭᠰᠡᠨ ᠮᠠᠨ ᠣᠷᠣᠨ ᠤ ᠪᠦᠲᠦᠭᠡᠨ ᠪᠠᠶᠢᠭᠤᠯᠵᠤ ᠪᠠᠶᠢᠭ᠎ᠠ ᠣᠨᠴᠠ ᠥᠨᠳᠥᠷ ᠬᠦᠴᠦᠳᠡᠯᠲᠦ ᠴᠠᠬᠢᠯᠭᠠᠨ | ᠬᠦᠴᠦᠨ ᠤ ᠨᠡᠪᠲᠡᠷᠡᠯ ᠵᠠᠮ ᠤᠨ ᠴᠠᠬᠢᠯᠭᠠᠨ ᠡᠭᠦᠰᠭᠡᠭᠴᠢ ᠴᠡᠭ᠂ ᠴᠢᠬᠤᠯᠠ ᠶᠡᠭᠡ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠳᠤ ᠲᠥᠪᠯᠡᠷᠡᠵᠦ ᠪᠤᠢ᠂ ᠵᠢᠱᠢᠯᠲᠡ ᠪᠠᠷ 2016 ᠣᠨ ᠠᠴᠠ ᠡᠬᠢᠯᠡᠨ | ᠵᠠᠯᠭᠠᠯᠳᠤᠭ᠎ᠠ ᠪᠠᠷ ᠠᠰᠢᠭᠯᠠᠯᠲᠠ ᠳᠤ ᠣᠷᠣᠭᠤᠯᠵᠤ᠂ 2018 ᠠᠴᠠ ᠬᠤᠶᠢᠰᠢ ᠪᠦᠬᠦᠨ ᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠤᠭᠤᠯᠤᠭᠠᠳ᠂ ᠳᠦᠭᠦᠷᠡᠩ ᠠᠴᠢᠶ᠎ᠠ ᠪᠠᠷ ᠠᠵᠢᠯᠯᠠᠭᠤᠯᠤᠭᠰᠠᠨ ᠤ ᠳᠠᠷᠠᠭ᠎ᠠ ᠵᠢᠯ ᠳᠤ 4 | ᠳ᠋ᠦᠩᠰᠢᠭᠤᠷ ᠲᠣᠨ ᠨᠡᠭᠦᠷᠡᠰᠦ ᠤᠯᠠᠷᠢᠭᠤᠯᠬᠤ ᠪᠣᠯᠣᠨ᠎ᠠ᠃ ᠡᠭᠦᠨ ᠢ ᠦᠨᠳᠦᠰᠦᠯᠡᠨ ᠲᠥᠰᠦᠭᠡᠯᠡᠨ ᠪᠣᠳᠣᠪᠠᠯ᠂ | ᠮᠠᠨ ᠤ ᠣᠷᠣᠨ ᠤ ᠨᠡᠭᠦᠷᠡᠰᠦᠨ ᠤ ᠬᠡᠷᠡᠭᠴᠡᠭᠡ ᠶᠢᠨ ᠣᠷᠭᠢᠯ ᠨᠢ 2018 ᠣᠨ ᠳᠤ 14 ᠳ᠋ᠦᠩᠰᠢᠭᠤᠷ ᠲᠣᠨ ᠪᠠᠶᠢᠵᠤ | ᠂ ᠡᠭᠦᠨ ᠳᠤ᠂ ᠣᠷᠣᠨ ᠠᠴᠠ ᠭᠠᠷᠬᠤ ᠨᠢ 6 ᠳ᠋ᠦᠩᠰᠢᠭᠤᠷ ᠲᠣᠨ᠂ ᠣᠷᠣᠨ ᠤ ᠳᠣᠲᠣᠷᠠᠬᠢ ᠨᠢ 8 ᠳ᠋ᠦᠩᠰᠢᠭᠤᠷ | ᠲᠣᠨ ᠪᠣᠯᠣᠨ᠎ᠠ᠃ ᠮᠠᠨ ᠤ ᠣᠷᠣᠨ ᠤ ᠪᠠᠶᠢᠭᠤᠯᠵᠤ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠬᠤᠶᠠᠷ ᠵᠢᠯ ᠤᠨ ᠳᠠᠷᠠᠭ᠎ᠠ | ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠵᠦ᠂ ᠶᠡᠷᠦᠩᠬᠡᠢ ᠦᠢᠯᠡᠳᠪᠦᠷᠢᠯᠡᠬᠦ ᠴᠢᠳᠠᠪᠤᠷᠢ ᠨᠢ | ᠭᠠᠷᠤᠯᠲᠠ ᠶᠢᠨ ᠣᠷᠭᠢᠯ ᠬᠡᠮᠵᠢᠭᠳᠡᠯ ᠠᠴᠠ ᠳᠠᠪᠠᠭ᠋ᠤ ᠪᠣᠯᠤᠨ᠎ᠠ᠃ | ᠡᠭᠦᠨ ᠠᠴᠠ ᠭᠠᠳᠠᠨ᠎ᠠ᠂ ᠮᠠᠨ ᠤ ᠣᠷᠣᠨ ᠤ ᠤᠯᠠᠷᠢᠭᠤᠯᠬᠤ ᠳᠤ ᠢᠵᠢ ᠪᠦᠷᠢᠳᠦᠭᠦᠯᠬᠦ ᠲᠥᠷᠥᠯ ᠵᠦᠢᠯ | ᠲᠣᠬᠢᠷᠠᠭᠤᠯᠤᠭᠰᠠᠨ ᠨᠡᠭᠦᠷᠡᠰᠦᠨ ᠤ ᠡᠬᠢ ᠪᠠᠶᠠᠯᠢᠭ ᠲᠤ ᠪᠠᠰᠠ ᠬᠡᠰᠡᠭ ᠦᠢᠯᠡᠳᠪᠦᠷᠢᠯᠡᠬᠦ ᠴᠢᠳᠠᠪᠤᠷᠢ ᠶᠢ | ᠪᠠᠶᠢᠭᠤᠯᠬᠤ ᠪᠠᠷ ᠪᠣᠢ᠃ ᠠᠵᠤ ᠠᠬᠤᠶᠢᠯᠠᠯ ᠲᠦᠭᠰᠢᠭᠦᠷᠢᠲᠦ ᠠᠭᠤᠷᠬᠠᠶ ᠬᠠᠶᠢᠬᠤ ᠡᠷᠬᠡ ᠲᠠᠢ ᠪᠠᠶᠢᠵᠤ ᠪᠠᠶᠢᠭᠠᠳ | ᠪᠠᠰᠠ ᠠᠭᠤᠷᠬᠠᠶ ᠨᠡᠭᠡᠭᠡᠬᠦ ᠶᠢ ᠱᠠᠭᠠᠷᠳᠠᠵᠤ ᠪᠤᠢ᠃ ᠮᠠᠨ ᠤ ᠣᠷᠣᠨ ᠤ ᠤᠯᠤᠰ ᠠᠴᠠ ᠵᠥᠪᠰᠢᠶᠡᠷᠡᠭᠡᠳ ᠰᠢᠨ᠎ᠡ ᠪᠠᠷ | ᠪᠠᠶᠢᠭᠤᠯᠤᠭᠰᠠᠨ ᠴᠠᠬᠢᠯᠭᠠᠨ ᠡᠭᠦᠰᠭᠡᠭᠴᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠨᠢ | ᠪᠠᠰᠠ ᠵᠣᠬᠢᠬᠤ ᠨᠡᠭᠦᠷᠡᠰᠦᠨ ᠤ ᠡᠬᠢ ᠪᠠᠶᠠᠯᠢᠭ ᠢ ᠰᠢᠨ᠎ᠡ ᠪᠠᠷ ᠲᠣᠬᠢᠷᠠᠭᠤᠯᠬᠤ ᠴᠢᠬᠤᠯᠠᠲᠠᠶ ᠪᠠᠶᠢᠭ᠎ᠠ ᠲᠤᠯᠠ᠂ ᠬᠡᠷᠪᠡ | ᠬᠢᠵᠠᠭᠠᠷᠯᠠᠬᠤ ᠦᠭᠡᠶ ᠪᠣᠯ ᠮᠠᠨ ᠤ ᠣᠷᠣᠨ ᠤ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ | ᠵᠥᠷᠢᠴᠡᠯ ᠢ ᠤᠯᠠᠮ ᠬᠤᠷᠴᠠᠳᠬᠠᠬᠤ ᠪᠣᠯᠣᠨ᠎ᠠ᠃ | ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠠᠴᠠ ᠪᠣᠯᠣᠭᠰᠠᠨ ᠰᠢᠭᠤᠳ ᠦᠷ᠎ᠡ | ᠳ᠋ᠦᠩ ᠨᠢ ᠨᠡᠭᠦᠷᠡᠰᠦᠨ ᠤ ᠦᠨ᠎ᠡ ᠬᠢᠮᠳᠠ᠂ ᠦᠷ᠎ᠡ ᠠᠰᠢᠭ ᠪᠠᠷᠤᠭᠲᠠᠶ᠂ ᠠᠵᠤ ᠠᠬᠤᠶᠢᠯᠠᠯ ᠤᠨ ᠡᠵᠡᠩᠨᠡᠯᠲᠡ | ᠬᠦᠴᠢᠷᠲᠡᠶ ᠪᠣᠯᠪᠠ᠃ 2014 ᠣᠨ ᠳᠤ᠂ ᠪᠦᠬᠦ ᠣᠷᠣᠨ ᠤ ᠨᠡᠭᠦᠷᠡᠰᠦᠨ ᠤ ᠠᠵᠤ ᠠᠬᠤᠶᠢᠯᠠᠯ ᠤᠨ ᠠᠯᠳᠠᠭᠳᠠᠯ ᠤᠨ | ᠬᠡᠪᠴᠢᠶ᠎ᠡ 28.1% ᠪᠠᠶᠢᠵᠤ᠂ ᠵᠣᠭᠰᠤᠭᠠᠭᠰᠠᠨ ᠪᠤᠶᠤ ᠵᠣᠭᠰᠤᠩᠭᠤᠶᠢᠷᠠᠭᠰᠠᠨ ᠨᠡᠭᠦᠷᠡᠰᠦᠨ ᠠᠭᠤᠷᠬᠠᠶ 35 % ᠶᠢ | ᠡᠵᠡᠯᠡᠵᠦ᠂ ᠠᠵᠢᠯ ᠲᠥᠷᠥᠯ ᠤᠨ ᠠᠰᠢᠭ ᠬᠤᠨᠵᠢᠪᠣᠷᠢ 27.3% ᠪᠠᠷ ᠳᠣᠷᠣᠭᠰᠢᠯᠠᠪᠠ᠃ 2015 ᠣᠨ ᠤ | 1-4 ᠳ᠋ᠦ᠋ᠭᠡᠷ ᠰᠠᠷ᠎ᠠ ᠪᠣᠯᠲᠠᠯ᠎ᠠ᠂ ᠪᠦᠬᠦ ᠣᠷᠣᠨ ᠤ ᠨᠡᠭᠦᠷᠡᠰᠦᠨ ᠤ ᠠᠵᠢᠯ ᠲᠥᠷᠥᠯ ᠤᠨ ᠠᠰᠢᠭ ᠬᠤᠨᠵᠢᠪᠣᠷᠢ | ᠠᠳᠠᠯᠢ ᠬᠤᠭᠤᠴᠠᠭᠠᠨ ᠤ ᠬᠢ ᠠᠴᠠ 28.4% ᠪᠠᠷ ᠳᠣᠷᠣᠭᠰᠢᠯᠠᠵᠤ᠂ ᠤᠯᠠᠮ ᠨᠢᠭᠡ ᠠᠯᠬᠤᠮ ᠪᠠᠭᠤᠷᠠᠬᠤ ᠬᠠᠨᠳᠤᠰᠢ | ᠲᠠᠢ ᠪᠣᠯᠪᠠ᠃ | ᠳᠡᠭᠡᠷ᠎ᠡ ᠳᠤᠷᠠᠳᠤᠭᠰᠠᠨ ᠪᠠᠶᠢᠳᠠᠯ ᠠᠴᠠ ᠦᠵᠡᠵᠦ ᠭᠠᠷᠬᠤ ᠨᠢ᠄ ᠢᠷᠡᠬᠦ 3 ᠠᠴᠠ 5 ᠵᠢᠯ ᠳᠤ ᠪᠦᠬᠦ | ᠤᠯᠤᠰ ᠤᠨ ᠨᠡᠭᠦᠷᠡᠰᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠬᠡᠷᠡᠭᠴᠡᠭᠡ ᠠᠴᠠ ᠪᠠᠨ ᠶᠡᠭᠡ ᠪᠠᠶᠢᠬᠤ ᠨᠢ ᠰᠢᠨ᠎ᠡ | ᠬᠡᠪ ᠪᠠᠶᠢᠳᠠᠯ ᠪᠣᠯᠵᠤ᠂ ᠬᠠᠮᠤᠭ ᠤᠨ ᠲᠣᠪᠤᠶᠢᠮ᠎ᠠ ᠠᠰᠠᠭᠤᠳᠠᠯ ᠪᠣᠯ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ | ᠪᠣᠯᠣᠨ᠎ᠠ᠃ | ᠳᠡᠭᠡᠷᠡᠬᠢ ᠪᠠᠶᠢᠳᠠᠯ ᠳᠤ ᠰᠠᠭᠤᠷᠢᠯᠠᠨ ᠪᠤᠳᠣᠯᠬᠢᠯᠠᠭᠠᠳ᠂ ᠮᠠᠨ ᠤ ᠣᠷᠣᠨ ᠤ ᠨᠡᠭᠦᠷᠡᠰᠦᠨ ᠠᠵᠤ | ᠦᠢᠯᠡᠳᠪᠦᠷᠢ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠠᠵᠤ ᠠᠬᠤᠶᠢᠯᠠᠯ | ᠰᠠᠶᠢᠨ ᠳᠤᠷ᠎ᠠ ᠠᠴᠠ ᠪᠠᠨ ᠪᠠᠶᠢᠬᠤ᠂ ᠵᠠᠬ᠎ᠠ ᠲᠡᠯᠭᠡᠭᠦᠷᠴᠢᠯᠡᠨ ᠠᠵᠢᠯᠯᠠᠭᠤᠯᠬᠤ᠂ ᠲᠥᠷᠥ ᠶᠢᠨ ᠪᠣᠳᠣᠯᠭ᠎ᠠ ᠪᠠᠷ | ᠬᠥᠲᠥᠯᠥᠨ ᠵᠢᠯᠣᠭᠤᠳᠬᠤ ᠵᠠᠷᠴᠢᠮ ᠢᠶᠠᠷ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ | ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ ᠶᠢ ᠳᠦᠯᠬᠢᠨ ᠠᠬᠢᠭᠤᠯᠵᠤ᠂ ᠤᠯᠠᠷᠢᠭᠤᠯᠬᠤ ᠲᠥᠷᠥᠯ ᠵᠦᠢᠯ | ᠬᠢᠭᠡᠳ ᠨᠡᠭᠦᠷᠡᠰᠦᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠯᠤᠭ᠎ᠠ ᠵᠣᠬᠢᠴᠠᠯᠳᠣᠭᠤᠯᠬᠤ᠂ ᠵᠡᠷᠭᠡ ᠳᠤᠨᠢ ᠬᠢᠬᠦ ᠶᠢ | ᠪᠡᠶᠡᠯᠡᠭᠦᠯᠵᠦ᠂ ᠦᠢᠯᠡᠳᠪᠦᠷᠢᠯᠡᠬᠦ ᠪᠠ ᠬᠡᠷᠡᠭᠴᠡᠭᠡ ᠶᠢ ᠪᠦᠲᠦᠮᠵᠢᠲᠠᠢ ᠨᠡᠶᠢᠯᠡᠭᠦᠯᠦᠨ ᠵᠣᠯᠭᠠᠯᠳᠤᠭᠤᠯᠬᠤ ᠶᠢ | ᠠᠬᠢᠭᠤᠯᠵᠤ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠵᠦ ᠪᠠᠶᠢᠭ᠎ᠠ ᠶᠢ ᠪᠦᠲᠦᠮᠵᠢᠲᠠᠢ | ᠠᠷᠢᠯᠭᠠᠬᠤ ᠴᠢᠬᠤᠯᠠ ᠲᠠᠢ ᠪᠠᠶᠢᠭ᠎ᠠ ᠪᠦᠭᠡᠳ ᠪᠠᠰᠠᠴᠤ ᠨᠥᠬᠦᠴᠡᠯ ᠲᠠᠢ ᠪᠠᠶᠢᠨ᠎ᠠ᠃ ︽ᠠᠵᠤ ᠠᠬᠤᠶᠢᠯᠠᠯ ᠤᠨ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ︵ | 2014︶ 14 ᠳ᠋ᠦ᠋ᠭᠡᠷ ᠲᠤᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠲᠤᠰ ︽ᠮᠡᠳᠡᠭᠳᠡᠯ | ︾ ᠢ ᠨᠡᠶᠢᠲᠡᠯᠡᠪᠡ᠃ | ﹇ᠬᠥᠲᠥᠯᠥᠭᠴᠢ﹈᠄ | ︽ᠮᠡᠳᠡᠭᠳᠡᠯ︾ ᠨᠢ ᠣᠳᠣᠬᠠᠨ ᠤ ᠨᠡᠭᠦᠷᠡᠰᠦᠨ ᠤ ᠠᠵᠤ ᠠᠬᠤᠶ ᠶᠢᠨ ᠪᠠᠶᠢᠳᠠᠯ ᠤᠨ ᠳᠣᠣᠷ᠎ᠠ ᠶᠠᠮᠠᠷ ᠴᠢᠬᠤᠯᠠ | ᠶᠡᠭᠡ ᠠᠴᠢ ᠬᠤᠯᠪᠣᠭᠳᠠᠯ ᠲᠠᠢ ᠪᠤᠶ︖ | ﹇ᠸᠠᠩ ᠵᠢᠶᠦ᠋ᠨ ᠹᠧᠩ﹈᠄ | ᠣᠳᠣᠬᠠᠨ ᠳᠤ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠪᠠᠶᠢᠷᠢᠰᠢᠭᠤᠯᠤᠯ ᠤᠨ ᠲᠠᠯ᠎ᠠ ᠪᠠᠷ ᠬᠢ | ᠤᠯᠤᠰ ᠤᠨ ᠶᠡᠷᠦᠩᠬᠡᠶ ᠱᠠᠭᠠᠷᠳᠠᠯᠭ᠎ᠠ ᠪᠣᠯ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠡᠵᠡᠮᠳᠡᠵᠦ᠂ ᠵᠡᠭᠦᠨ ᠬᠡᠰᠡᠭ ᠲᠤ ᠪᠠᠶᠢᠭᠤᠯᠬᠤ ᠦᠭᠡᠶ᠂ ᠳᠤᠮᠳᠠ ᠬᠡᠰᠡᠭ ᠲᠤ ᠨᠢᠭᠡ ᠶᠢ ᠪᠤᠴᠠᠭᠠᠵᠤ ᠭᠠᠷᠭᠠᠪᠠᠯ | ᠨᠢᠭᠡ ᠶᠢ ᠪᠠᠶᠢᠭᠤᠯᠬᠤ᠂ ᠪᠠᠷᠠᠭᠤᠨ ᠬᠡᠰᠡᠭ ᠲᠤ ᠲᠣᠮᠣ ᠬᠡᠯᠪᠡᠷᠢ ᠶᠢᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ | ᠪᠣᠯᠣᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠨᠡᠭᠦᠷᠡᠰᠦ ᠬᠡᠷᠡᠭᠯᠡᠬᠦ | ᠬᠡᠷᠡᠭᠴᠡᠭᠡ ᠶᠢᠨ ᠱᠠᠭᠠᠷᠳᠠᠯᠭ᠎ᠠ ᠶᠢ ᠦᠨᠳᠦᠰᠦᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠣᠬᠢᠷᠠᠭᠤᠯᠤᠨ᠎ᠠ᠃ | ᠥᠭᠡᠷ᠎ᠡ ᠪᠠᠷ ᠬᠡᠯᠡᠪᠡᠯ᠂ ᠣᠳᠣᠬᠠᠨ ᠳᠤ ᠮᠠᠨ ᠤ ᠣᠷᠣᠨ ᠰᠢᠨ᠎ᠡ ᠪᠠᠷ ᠪᠠᠶᠢᠭᠤᠯᠬᠤ ᠶᠢ ᠤᠯᠤᠰ ᠠᠴᠠ | ᠵᠥᠪᠰᠢᠶᠡᠷᠡᠭᠰᠡᠨ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠤᠯᠠᠷᠢᠭᠤᠯᠬᠤ ᠵᠡᠷᠭᠡ ᠲᠦᠷᠤᠯ ᠵᠦᠢᠯ ᠢ ᠠᠰᠢᠭᠯᠠᠨ | ᠤᠯᠠᠷᠢᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠤᠭᠠᠳᠤᠢ ᠲᠣᠭᠲᠠᠭᠠᠯ ᠠᠴᠠ ᠵᠦᠷᠢᠴᠡᠭᠰᠡᠨ ᠨᠡᠭᠦᠷᠡᠰᠦᠨ | ᠠᠭᠤᠷᠬᠠᠶ ᠯᠤᠭ᠎ᠠ ᠳᠠᠬᠢᠨ ᠵᠣᠬᠢᠶᠠᠨ ᠪᠠᠶᠢᠭᠤᠯᠪᠠᠯ᠂ ᠲᠣᠭᠲᠠᠭᠠᠯ ᠠᠴᠠ ᠵᠥᠷᠢᠴᠡᠭᠰᠡᠨ ᠨᠡᠭᠦᠷᠡᠰᠦᠨ ᠠᠭᠤᠷᠬᠠᠶ ᠶᠢᠨ | ᠬᠢᠨᠠᠨ ᠵᠥᠪᠰᠢᠶᠡᠷᠡᠬᠦ ᠳᠡᠰ ᠳᠠᠷᠠᠭᠠᠯᠠᠯ ᠳᠤ ᠲᠦᠷᠭᠡᠭᠡᠨ ᠣᠷᠣᠬᠤ ᠶᠢ ᠠᠬᠢᠭᠤᠯᠵᠤ᠂ ᠦᠯᠡᠳᠡᠭᠡᠯ ᠪᠡᠯᠡ | ᠣᠷᠣᠭᠤᠯᠤᠯᠲᠠ ᠶᠢ ᠨᠢ ᠠᠮᠢᠳᠤᠯᠢᠭᠵᠢᠭᠤᠯᠵᠤ ᠴᠢᠳᠠᠬᠤ ᠪᠠᠷ ᠪᠠᠷᠠᠬᠤ ᠦᠭᠡᠢ᠂ ᠪᠠᠰᠠ ᠰᠢᠨ᠎ᠡ ᠪᠠᠷ ᠪᠠᠶᠢᠭᠤᠯᠤᠭᠰᠠᠨ | ᠤᠯᠠᠷᠢᠭᠤᠯᠬᠤ ᠲᠥᠷᠥᠯ ᠵᠦᠢᠯ ᠤᠨ ᠲᠦᠭᠦᠬᠡᠶ ᠡᠳ᠋ ᠤᠨ ᠬᠠᠩᠭᠠᠯᠭ᠎ᠠ ᠶᠢ ᠪᠠᠲᠤᠯᠠᠵᠤ᠂ ᠨᠡᠭᠦᠷᠡᠰᠦᠨ ᠤ ᠡᠬᠢ | ᠪᠠᠶᠠᠯᠢᠭ ᠬᠢᠭᠡᠳ ᠦᠢᠯᠡᠳᠪᠦᠷᠢᠯᠡᠬᠦ ᠴᠢᠳᠠᠪᠤᠷᠢ ᠶᠢᠨ ᠰᠢᠨ᠎ᠡ ᠪᠠᠷ ᠣᠷᠣᠭᠤᠯᠬᠤ ᠬᠡᠮᠵᠢᠶ᠎ᠡ ᠶᠢ ᠪᠠᠭᠠᠰᠬᠠᠨ᠂ | ᠨᠠᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ ᠢ ᠡᠬᠢ ᠡᠭᠦᠰᠦᠯ ᠠᠴᠠ ᠨᠢ ᠠᠷᠢᠯᠭᠠᠵᠤ᠂ ᠨᠢᠭᠡ ᠯᠡ | ᠳᠡᠭᠡᠷ᠎ᠡ ᠣᠯᠠᠨ ᠢ ᠪᠦᠲᠦᠭᠡᠵᠦ ᠴᠢᠳᠠᠨ᠎ᠠ᠃ ᠪᠣᠳᠠᠲᠠᠶ ᠪᠠᠷ ᠬᠡᠯᠡᠪᠡᠯ ᠳᠣᠣᠷᠠᠬᠢ ᠬᠡᠳᠦᠨ ᠲᠠᠯ᠎ᠠ ᠪᠤᠢ᠄ | ᠨᠢᠭᠡ ᠳᠤ ᠲᠣᠭᠲᠠᠭᠠᠯ ᠠᠴᠠ ᠵᠥᠷᠢᠴᠡᠭᠰᠡᠨ ᠨᠡᠭᠦᠷᠡᠰᠦᠨ ᠠᠭᠤᠷᠬᠠᠶ ᠶᠢᠨ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ ᠪᠠᠶᠢᠨ᠎ᠠ᠃ ᠣᠳᠣᠬᠠᠨ ᠳᠤ ᠮᠠᠨ ᠤ ᠣᠷᠣᠨ ᠤ ᠵᠥᠪᠰᠢᠶᠡᠷᠡᠭᠦᠯᠦᠭᠡᠳᠦᠢ ᠪᠠᠷ ᠤᠷᠢᠳᠠᠪᠠᠷ ᠪᠠᠶᠢᠭᠤᠯᠤᠭᠰᠠᠨ | ᠨᠢᠭᠡ ᠪᠦᠯᠦᠭ ᠨᠡᠭᠦᠷᠡᠰᠦᠨ ᠠᠭᠤᠷᠬᠠᠶ ᠨᠢ ᠤᠯᠠᠷᠢᠭᠤᠯᠬᠤ ᠲᠦᠷᠤᠯ ᠵᠦᠢᠯ ᠢ ᠨᠠᠶᠢᠳᠠᠪᠤᠷᠢᠵᠢᠭᠤᠯᠤᠭᠠᠳᠤᠢ ᠠᠴᠠ | ᠪᠣᠯᠵᠤ ᠲᠥᠷᠥᠯ ᠵᠦᠢᠯ ᠤᠨ ᠬᠢᠨᠠᠨ ᠵᠥᠪᠰᠢᠶᠡᠷᠡᠭᠦᠯᠬᠦ ᠪᠠ ᠬᠠᠶᠢᠬᠤ ᠤᠯᠠᠷᠢᠭᠤᠯᠬᠤ ᠮᠠᠯᠲᠠᠬᠤ ᠭᠠᠷᠳᠠᠮ ᠢ ᠶᠡᠷᠦ | ᠭᠦᠢᠴᠡᠳᠬᠡᠬᠦ ᠠᠷᠭ᠎ᠠ ᠦᠭᠡᠢ ᠪᠠᠶᠢᠨ᠎ᠠ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠡᠳᠡᠭᠡᠷ ᠨᠡᠭᠦᠷᠡᠰᠦᠨ | ᠠᠭᠤᠷᠬᠠᠶ ᠶᠢᠨ ᠶᠡᠷᠦᠩᠭᠡᠢ ᠦᠢᠯᠡᠳᠪᠦᠷᠢᠯᠡᠬᠦ ᠴᠢᠳᠠᠪᠤᠷᠢ ᠨᠢ 2 ᠳ᠋ᠦᠩᠰᠢᠭᠤᠷ ᠲᠣᠨ ᠰᠢᠬᠠᠮ ᠪᠠᠶᠢᠵᠤ᠂ ᠶᠡᠷᠦᠩᠬᠡᠶ | ᠪᠡᠯᠡ ᠣᠷᠣᠭᠤᠯᠤᠯᠲᠠ ᠶᠢ 900 ᠳ᠋ᠦᠩᠰᠢᠭᠤᠷ ᠲᠥᠭᠦᠷᠢᠭ ᠢᠶᠠᠷ ᠲᠥᠯᠥᠪᠯᠡᠵᠦ᠂ 600 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠶᠡᠯᠡᠭᠦᠯᠦᠭᠡᠳ ᠪᠠᠶᠢᠨ᠎ᠠ᠃ ᠨᠢᠳᠤᠨᠤᠨ ᠤ 9 ᠳ᠋ᠦ᠋ᠭᠡᠷ ᠰᠠᠷ᠎ᠠ ᠳᠤ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠬᠠᠤᠯᠢ ᠪᠤᠰᠤ ᠳᠤ ᠴᠣᠬᠢᠯᠲᠠ ᠥᠭᠴᠦ | ᠬᠠᠤᠯᠢ ᠠᠴᠠ ᠵᠦᠷᠢᠴᠡᠭᠰᠡᠨ ᠢ ᠵᠠᠰᠠᠬᠤ︾ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ | ᠦᠷᠨᠢᠭᠦᠯᠦᠭᠰᠡᠨ ᠠᠴᠠ ᠨᠠᠰᠢ᠂ ᠡᠳᠡᠭᠡᠷ ᠨᠡᠭᠦᠷᠡᠰᠦᠨ ᠠᠭᠤᠷᠬᠠᠶ ᠨᠤᠭᠤᠳ ᠬᠠᠭᠠᠰ ᠵᠢᠯ ᠢᠯᠡᠭᠦᠦ | ᠦᠢᠯᠡᠳᠪᠦᠷᠢᠯᠡᠯ ᠢᠶᠠᠨ ᠵᠣᠭᠰᠤᠭᠠᠵᠤ ᠪᠠᠶᠢᠭᠤᠯᠬᠤ ᠪᠠᠨ ᠵᠣᠭᠰᠤᠭᠠᠪᠠ᠃ ᠠᠰᠢᠭᠯᠠᠯᠲᠠ ᠳᠤ ᠣᠷᠣᠭᠰᠠᠨ ᠪᠠ ᠤᠳᠠᠯ | ᠦᠭᠡᠶ ᠦᠢᠯᠡᠳᠪᠦᠷᠢᠯᠡᠯ ᠳᠤ ᠣᠷᠣᠮᠠᠷ ᠪᠠᠶᠢᠭ᠎ᠠ ᠨᠡᠭᠦᠷᠡᠰᠦᠨ ᠠᠭᠤᠷᠬᠠᠶ ᠨᠤᠭᠤᠳ ᠢ ᠨᠢᠭᠡ ᠯᠡ ᠬᠥᠭ ᠢᠶᠠᠷ ᠬᠠᠰᠢᠵᠤ | ᠬᠤᠷᠢᠭᠯᠠᠪᠠᠯ᠂ ᠠᠵᠤ ᠠᠬᠤᠶᠢᠯᠠᠯ ᠯᠤᠲᠤ ᠶᠡᠭᠡ ᠪᠡᠯᠡ ᠮᠥᠩᠭᠦ ᠶᠢᠨ ᠳᠠᠷᠤᠭᠠᠰᠤ ᠡᠭᠦᠷᠭᠡᠯᠡᠵᠦ᠂ ᠣᠷᠣᠨ ᠨᠤᠲᠤᠭ ᠤᠨ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠠᠷᠤᠯᠲᠠ ᠴᠤ ᠲᠠᠰᠤᠷᠠᠯᠲᠠ ᠦᠭᠡᠶ ᠨᠡᠮᠡᠭᠳᠡᠨ᠂ ᠴᠢᠨᠠᠭᠰᠢᠯᠠᠪᠠᠯ | ᠨᠡᠶᠢᠭᠡᠮ ᠤᠨ ᠲᠣᠭᠲᠠᠭᠤᠨ ᠤ ᠠᠰᠠᠭᠤᠳᠠᠯ ᠭᠠᠷᠴᠣ ᠮᠡᠳᠡᠬᠦ ᠲᠤᠯᠠ᠂ ᠨᠡᠭᠦᠷᠡᠰᠦᠨ ᠤ ᠠᠵᠤ ᠠᠬᠤᠶᠢᠯᠠᠯ ᠤᠳ | ᠵᠠᠰᠠᠭ ᠤᠨ ᠣᠷᠳᠣᠨ ᠢᠶᠠᠷ ᠡᠨᠡ ᠬᠦ ᠬᠦᠴᠢᠷ ᠰᠡᠳᠦᠪ ᠢ ᠰᠢᠢᠳᠪᠦᠷᠢᠯᠡᠭᠦᠯᠬᠦ ᠶᠢ ᠴᠢᠩᠭ᠎ᠠ ᠱᠠᠭᠠᠷᠳᠠᠵᠤ ᠪᠣᠢ᠃ ᠬᠡᠷᠪᠡ | ᠡᠳᠡᠭᠡᠷ ᠲᠥᠷᠥᠯ ᠵᠦᠢᠯ ᠤᠳ ᠢ ᠮᠠᠨ ᠤ ᠣᠷᠣᠨ ᠤ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ ᠨᠡᠭᠦᠷᠡᠰᠦ | ᠴᠠᠬᠢᠯᠭᠠᠨ ᠤ ᠰᠠᠭᠤᠷᠢᠨ ᠭᠠᠵᠠᠷ ᠪᠣᠯᠣᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠯᠦᠭᠡ | ᠳᠠᠬᠢᠨ ᠵᠣᠬᠢᠶᠠᠨ ᠪᠠᠶᠢᠭᠤᠯᠵᠤ ᠴᠢᠳᠠᠪᠠᠯ᠂ ᠡᠨᠡ ᠬᠦ ᠬᠦᠴᠢᠷ ᠰᠡᠳᠦᠪ ᠰᠢᠢᠳᠪᠦᠷᠢᠯᠡᠭᠳᠡᠬᠦ ᠪᠣᠯᠣᠨ᠎ᠠ᠃ | ᠬᠤᠶᠠᠷ ᠲᠤ ᠠᠵᠤ ᠠᠬᠤᠶᠢᠯᠠᠯ ᠳᠤ ᠵᠣᠭᠰᠤᠩᠭᠤᠶᠢᠷᠠᠵᠤ ᠪᠠᠶᠢᠭ᠎ᠠ ᠠᠭᠤᠷᠬᠠᠶ ᠬᠠᠶᠢᠬᠤ ᠡᠷᠬᠡ ᠶᠢᠨ | ᠠᠰᠠᠭᠤᠳᠠᠯ ᠢ ᠰᠢᠢᠳᠪᠦᠷᠢᠯᠡᠬᠦ ᠬᠡᠷᠡᠭᠲᠡᠶ ᠪᠠᠶᠢᠨ᠎ᠠ᠃ ᠣᠳᠣᠬᠠᠨ ᠳᠤ᠂ ᠮᠠᠨ ᠤ ᠣᠷᠣᠨ ᠨᠡᠭᠦᠷᠡᠰᠦᠨ ᠤ ᠠᠭᠤᠷᠬᠠᠶ ᠶᠢᠨ | ᠡᠷᠬᠡ ᠲᠠᠢ ᠪᠣᠯᠣᠭᠰᠠᠨ ᠪᠣᠶᠣ ᠨᠢᠭᠡ ᠪᠦᠯᠦᠭ ᠲᠥᠪ ᠤᠨ ᠠᠵᠤ ᠠᠬᠤᠶᠢᠯᠠᠯ᠂ ᠮᠤᠵᠢ ᠶᠢᠨ ᠭᠠᠳᠠᠨᠠᠬᠢ ᠤᠯᠤᠰ ᠤᠨ | ᠦᠮᠴᠢᠯᠡᠯᠲᠦ ᠠᠵᠤ ᠠᠬᠤᠶᠢᠯᠠᠯ ᠰᠲ᠋ᠣᠺ ᠤᠨ ᠡᠷᠬᠡ ᠬᠤᠳᠠᠯᠳᠤᠨ ᠠᠪᠬᠤ ᠪᠠᠷ ᠳᠠᠮᠵᠢᠭᠤᠯᠤᠨ ᠪᠣᠳᠠᠲᠠᠶ ᠪᠠᠶᠢᠭ᠎ᠠ | ᠨᠡᠭᠦᠷᠡᠰᠦᠨ ᠤ ᠠᠭᠤᠷᠬᠠᠶ ᠶᠢᠨ ᠡᠷᠬᠡ ᠶᠢᠨ ᠡᠬᠢ ᠪᠠᠶᠠᠯᠢᠭ ᠤᠨ ᠬᠡᠮᠵᠢᠶ᠎ᠡ ᠪᠠᠷ ᠨᠡᠯᠢᠶᠡᠳ ᠶᠡᠭᠡ ᠪᠠᠶᠢᠨ᠎ᠠ᠃ ᠳᠠᠬᠢᠨ | ᠵᠣᠬᠢᠶᠠᠨ ᠪᠠᠶᠢᠭᠤᠯᠬᠤ ᠪᠠᠷ ᠳᠠᠮᠵᠢᠭᠤᠯᠤᠭᠠᠳ᠂ ᠤᠯᠠᠷᠢᠭᠤᠯᠬᠤ ᠲᠥᠷᠥᠯ ᠵᠦᠢᠯ ᠢᠶᠠᠷ ᠠᠵᠤ ᠠᠬᠤᠶᠢᠯᠠᠯ ᠳᠤ | ᠵᠣᠭᠰᠤᠩᠭᠤᠶᠢᠷᠠᠵᠤ ᠪᠠᠶᠢᠭ᠎ᠠ ᠨᠡᠭᠦᠷᠡᠰᠦᠨ ᠤ ᠠᠭᠤᠷᠬᠠᠢ ᠶᠢᠨ ᠡᠷᠬᠡ ᠶᠢ ᠠᠮᠢᠳᠤᠯᠢᠭᠵᠢᠭᠤᠯᠪᠠᠯ᠂ ᠵᠠᠰᠠᠭ ᠤᠨ ᠣᠷᠳᠣᠨ | ᠨᠡᠭᠦᠷᠡᠰᠦᠨ ᠤ ᠡᠬᠢ ᠪᠠᠶᠠᠯᠢᠭ ᠢ ᠳᠠᠬᠢᠨ ᠰᠢᠨ᠎ᠡ ᠪᠠᠷ ᠲᠣᠬᠢᠷᠠᠭᠤᠯᠬᠤ ᠴᠢᠬᠤᠯᠠ ᠦᠭᠡᠶ ᠪᠣᠯᠵᠤ᠂ ᠵᠠᠬ᠎ᠠ | ᠳᠡᠯᠭᠡᠭᠦᠷ ᠲᠤ ᠰᠢᠨ᠎ᠡ ᠪᠠᠷ ᠣᠷᠣᠭᠤᠯᠬᠤ ᠨᠡᠭᠦᠷᠡᠰᠦᠨ ᠤ ᠡᠬᠢ ᠪᠠᠶᠠᠯᠢᠭ ᠢ ᠵᠣᠬᠢᠬᠤ ᠬᠡᠮᠵᠢᠶ᠎ᠡ ᠪᠠᠷ ᠪᠠᠭᠠᠰᠬᠠᠬᠤ | ᠪᠣᠯᠣᠨ᠎ᠠ᠃ ᠠᠩᠬ᠎ᠠ ᠠᠯᠬᠤᠮ ᠤᠨ ᠣᠶᠢᠯᠠᠭᠠᠭᠰᠠᠨ ᠢᠶᠠᠷ᠂ ᠬᠡᠰᠡᠭ ᠠᠵᠤ ᠠᠬᠤᠶᠢᠯᠠᠯ ᠴᠤ ᠡᠨᠡ ᠲᠠᠯ᠎ᠠ ᠶᠢᠨ ᠬᠦᠰᠡᠯ | ᠰᠠᠨᠠᠭ᠎ᠠ ᠲᠠᠢ ᠪᠠᠶᠢᠨ᠎ᠠ᠃ | ᠭᠤᠷᠪᠠ ᠳᠤ ᠨᠡᠭᠦᠷᠡᠰᠦ ᠶᠢ ᠤᠯᠠᠷᠢᠭᠤᠯᠬᠤ ᠲᠥᠷᠥᠯ ᠵᠦᠢᠯ ᠬᠢᠭᠡᠳ ᠨᠡᠭᠦᠷᠡᠰᠦᠨ ᠠᠭᠤᠷᠬᠠᠶ ᠶᠢᠨ ᠪᠦᠲᠦᠭᠡᠨ | ᠪᠠᠶᠢᠭᠤᠯᠤᠯᠲᠠ ᠶᠢᠨ ᠵᠣᠬᠢᠴᠠᠬᠤ ᠦᠭᠡᠢ᠂ ᠵᠡᠷᠭᠡ ᠳᠤᠨᠢ ᠬᠢᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ ᠪᠠᠶᠢᠨ᠎ᠠ᠃ ᠮᠠᠨ ᠤ ᠠᠩᠬ᠎ᠠ ᠠᠯᠬᠤᠮ ᠤᠨ ᠲᠥᠰᠥᠭᠡᠯᠡᠭᠰᠡᠨ ᠪᠣᠳᠣᠭᠰᠠᠨ ᠢᠶᠠᠷ᠂ ᠮᠠᠨ ᠤ ᠣᠷᠣᠨ | ᠰᠢᠨ᠎ᠡ ᠪᠠᠷ ᠪᠠᠶᠢᠭᠤᠯᠬᠤ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ | ᠵᠦᠢᠯ ᠤᠨ ᠬᠡᠷᠡᠭᠰᠡᠬᠦ ᠰᠢᠨ᠎ᠡ ᠪᠠᠷ ᠲᠣᠬᠢᠷᠠᠭᠤᠯᠬᠤ ᠨᠡᠭᠦᠷᠡᠰᠦᠨ ᠤ ᠡᠬᠢ ᠪᠠᠶᠠᠯᠢᠭ 400 ᠳ᠋ᠦᠩᠰᠢᠭᠤᠷ ᠲᠣᠨ | ᠪᠠᠶᠢᠵᠤ᠂ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ 4 ᠳ᠋ᠦᠩᠰᠢᠭᠤᠷ ᠲᠤᠨ ᠨᠡᠮᠡᠭᠳᠡᠭᠦᠯᠬᠦ ᠪᠣᠯᠣᠨ᠎ᠠ᠃ | ᠣᠳᠣᠬᠠᠨ ᠤ ᠤᠯᠤᠰ ᠠᠴᠠ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠬᠢᠵᠠᠭᠠᠷᠯᠠᠵᠤ ᠪᠠᠶᠢᠭ᠎ᠠ ᠪᠠᠶᠢᠳᠠᠯ ᠤᠨ ᠳᠣᠣᠷ᠎ᠠ᠂ ᠡᠶᠢᠮᠦᠷᠬᠦ ᠶᠡᠭᠡ ᠬᠡᠪᠴᠢᠶ᠎ᠡ ᠪᠦᠬᠦᠢ ᠰᠢᠨ᠎ᠡ ᠪᠠᠷ ᠪᠠᠶᠢᠭᠤᠯᠬᠤ | ᠨᠡᠭᠦᠷᠡᠰᠦᠨ ᠠᠭᠤᠷᠬᠠᠶ ᠶᠢᠨ ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ ᠳᠤ ᠮᠠᠰᠢ ᠶᠡᠭᠡ ᠬᠦᠴᠢᠷᠲᠠᠢ ᠪᠠᠶᠢᠵᠤ᠂ | ᠬᠢᠨᠠᠨ ᠵᠥᠪᠰᠢᠶᠡᠷᠡᠯ᠎ᠡ ᠴᠤ ᠭᠡᠰᠡᠨ ᠪᠠᠰᠠ ᠨᠡᠯᠢᠶᠡᠳ ᠤᠷᠲᠤ ᠴᠠᠭ ᠬᠡᠷᠡᠭᠰᠡᠬᠦ ᠶᠢᠨ ᠳᠡᠭᠡᠷ᠎ᠡ ᠪᠠᠰᠠ ᠰᠢᠨ᠎ᠡ ᠪᠠᠷ | ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠬᠤ ᠦᠶᠡᠯᠡᠬᠦ ᠬᠤᠭᠤᠴᠠᠭ᠎ᠠ ᠨᠢ ᠣᠷᠳᠣ ᠪᠣᠯᠬᠤᠷ᠂ | ᠤᠯᠠᠷᠢᠭᠤᠯᠬᠤ ᠲᠥᠷᠥᠯ ᠵᠦᠢᠯ ᠯᠦᠭᠡ ᠵᠡᠷᠭᠡ ᠳᠤᠨᠢ ᠪᠦᠲᠦᠭᠡᠨ ᠪᠠᠶᠢᠭᠤᠯᠬᠤ᠂ ᠵᠡᠷᠭᠡ ᠳᠤᠨᠢ ᠠᠰᠢᠭᠯᠠᠯᠲᠠ ᠳᠤ | ᠣᠷᠣᠭᠤᠯᠬᠤ ᠳᠤ ᠲᠤᠩ ᠬᠦᠴᠢᠷᠲᠠᠢ ᠪᠠᠶᠢᠵᠤ᠂ ᠪᠠᠰᠠ ᠨᠡᠭᠦᠷᠡᠰᠦ — ᠴᠠᠬᠢᠯᠭᠠᠨ᠂ ᠨᠡᠭᠦᠷᠡᠰᠦ — ᠬᠢᠮᠢ ᠶᠢ | ᠨᠢᠭᠡ ᠴᠣᠭᠴᠠᠵᠢᠭᠤᠯᠬᠤ ᠳᠠᠪᠠᠭᠤᠯᠢᠭ ᠢ ᠪᠠᠳᠠᠷᠠᠭᠤᠯᠬᠤ ᠶᠢᠨ ᠠᠷᠭ᠎ᠠ ᠦᠭᠡᠢ ᠶᠤᠮ᠃ ᠲᠥᠷᠥ ᠶᠢᠨ ᠪᠣᠳᠣᠯᠭ᠎ᠠ ᠪᠠᠷ | ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠤᠯᠠᠷᠢᠭᠤᠯᠬᠤ ᠲᠥᠷᠥᠯ ᠵᠦᠢᠯ ᠬᠢᠭᠡᠳ ᠨᠢᠭᠡᠨᠲᠡ ᠪᠠᠶᠢᠭ᠎ᠠ | ᠠᠭᠤᠷᠬᠠᠶ ᠶᠢᠨ ᠡᠷᠬᠡ ᠲᠠᠢ ᠪᠣᠯᠪᠠᠴᠤ ᠤᠯᠠᠷᠢᠭᠤᠯᠬᠤ ᠲᠥᠷᠥᠯ ᠵᠦᠢᠯ ᠦᠭᠡᠢ ᠪᠠᠶᠢᠭ᠎ᠠ ᠨᠡᠭᠦᠷᠡᠰᠦᠨ ᠤ ᠠᠵᠤ | ᠠᠬᠤᠶᠢᠯᠠᠯ ︵ᠪᠠᠶᠢᠭᠤᠯᠤᠭᠠᠳᠤᠢ᠂ ᠪᠠᠶᠢᠭᠤᠯᠵᠤ ᠪᠠᠶᠢᠭ᠎ᠠ᠂ ᠨᠢᠭᠡᠨᠲᠡ ᠠᠰᠢᠭᠯᠠᠯᠲᠠ ᠳᠤ ᠤᠷᠤᠭᠰᠠᠨ ᠪᠠᠭᠲᠠᠨ᠎ᠠ︶ | ᠯᠤᠭ᠎ᠠ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠪᠠᠯ᠂ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠵᠦ | ᠪᠠᠶᠢᠭ᠎ᠠ ᠶᠢ ᠪᠦᠲᠦᠮᠵᠢᠲᠡᠶ ᠪᠠᠷ᠂ ᠲᠣᠭᠲᠠᠭᠤᠨ ᠢᠶᠠᠷ ᠠᠷᠢᠯᠭᠠᠵᠤ ᠴᠢᠳᠠᠬᠤ ᠮᠥᠷᠲᠡᠭᠡᠨ ᠪᠠᠰᠠ ᠤᠯᠠᠷᠢᠭᠤᠯᠬᠤ | ᠲᠥᠷᠥᠯ ᠵᠦᠢᠯ ᠤᠨ ᠨᠡᠭᠦᠷᠡᠰᠦᠨ ᠤ ᠡᠬᠢ ᠪᠠᠶᠠᠯᠢᠭ ᠤᠨ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃ | ᠳᠥᠷᠪᠡ ᠳᠤ ᠣᠳᠣ ᠪᠠᠶᠢᠭ᠎ᠠ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠪᠠᠶᠢᠨ᠎ᠠ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠᠷ | ᠳᠠᠮᠵᠢᠭᠤᠯᠤᠨ᠂ ᠨᠡᠭᠦᠷᠡᠰᠦ ᠬᠡᠷᠡᠭᠯᠡᠵᠦ ᠪᠠᠶᠢᠭ᠎ᠠ ᠠᠵᠤ ᠠᠬᠤᠶᠢᠯᠠᠯ ᠳᠤ ᠲᠣᠬᠢᠷᠠᠭᠤᠯᠤᠭᠰᠠᠨ ᠨᠡᠭᠦᠷᠡᠰᠦᠨ ᠤ ᠡᠬᠢ | ᠪᠠᠶᠠᠯᠢᠭ ᠬᠢᠭᠡᠳ ᠬᠠᠤᠯᠢ ᠶᠣᠰᠣᠨ ᠤ ᠨᠡᠭᠦᠷᠡᠰᠦᠨ ᠠᠭᠤᠷᠬᠠᠶ ᠯᠤᠭ᠎ᠠ ᠶᠢᠨ ᠡᠬᠢ ᠪᠠᠶᠠᠯᠢᠭ ᠢᠶᠠᠨ ᠰᠣᠯᠢᠬᠤ ᠪᠤᠶᠤ | ᠡᠬᠢ ᠪᠠᠶᠠᠯᠢᠭ ᠢᠶᠠᠨ ᠨᠡᠶᠢᠯᠡᠭᠦᠯᠬᠦ ᠶᠢ ᠳᠡᠮᠵᠢᠪᠡᠯ᠂ ᠰᠢᠨ᠎ᠡ ᠪᠠᠷ ᠲᠣᠬᠢᠷᠠᠭᠤᠯᠤᠭᠰᠠᠨ ᠨᠡᠭᠦᠷᠡᠰᠦᠨ ᠠᠭᠤᠷᠬᠠᠶ ᠶᠢᠨ | ᠨᠡᠭᠡᠭᠡᠬᠦ ᠠᠬᠢᠴᠠ ᠪᠣᠯᠣᠨ ᠦᠢᠯᠡᠳᠪᠦᠷᠢᠯᠡᠬᠦ ᠴᠢᠳᠠᠪᠤᠷᠢ ᠪᠠᠨ ᠲᠠᠯᠪᠢᠵᠤ ᠭᠠᠷᠭᠠᠬᠤ ᠶᠢ ᠨᠢ ᠤᠳᠠᠭᠠᠰᠢᠷᠠᠭᠤᠯᠵᠤ᠂ | ᠣᠳᠣ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ ᠢ ᠠᠷᠢᠯᠭᠠᠵᠤ ᠪᠣᠯᠣᠨ᠎ᠠ ᠃ | ﹇ᠬᠥᠲᠥᠯᠥᠭᠴᠢ﹈᠄ | ︽ᠮᠡᠳᠡᠭᠳᠡᠯ︾ ᠳᠤ ᠶᠠᠮᠠᠷ ᠶᠠᠮᠠᠷ ᠭᠤᠣᠯ ᠠᠭᠤᠯᠭ᠎ᠠ ᠲᠠᠢ ᠪᠤᠶ︖ | ﹇ᠸᠠᠩ ᠵᠢᠶᠦ᠋ᠨ ᠹᠧᠩ﹈᠄ | ᠭᠤᠣᠯᠳᠠᠭᠤ ᠬᠤᠶᠠᠷ ᠲᠠᠯ᠎ᠠ ᠶᠢᠨ ᠠᠭᠤᠯᠭ᠎ᠠ ᠲᠠᠢ᠃ | ︵ᠨᠢᠭᠡ︶ ︽ᠮᠡᠳᠡᠭᠳᠡᠯ︾ ᠳᠤ ᠲᠣᠭᠲᠠᠭᠠᠭᠰᠠᠨ ᠦᠨᠳᠦᠰᠦᠨ ᠵᠠᠷᠴᠢᠮ᠃ ᠨᠢᠭᠡ ᠳᠤ ᠠᠵᠤ ᠠᠬᠤᠶᠢᠯᠠᠯ ᠤᠨ | ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠭᠡᠨ᠂ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ | ᠪᠠᠶᠢᠵᠤ᠂ ᠵᠠᠬ᠎ᠠ ᠲᠡᠯᠭᠡᠭᠦᠷᠴᠢᠯᠡᠨ ᠠᠵᠢᠯᠯᠠᠭᠤᠯᠵᠤ᠂ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠬᠤᠶᠠᠷ ᠲᠤ ︽ᠮᠡᠳᠡᠭᠳᠡᠯ︾ ᠪᠣᠯ 126 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠤᠨ | ᠵᠣᠷᠢᠭ ᠰᠠᠨᠠᠭᠠᠨ ᠤ ᠦᠷᠭᠦᠯᠵᠢᠯᠡᠯ ᠪᠠᠶᠢᠵᠤ᠂ ᠨᠡᠭᠦᠷᠡᠰᠦᠨ ᠤ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢ | ᠳᠥᠯᠭᠢᠨ ᠠᠬᠢᠭᠤᠯᠬᠤ ᠪᠤᠯ ᠪᠤᠳᠠᠲᠠᠶᠢᠵᠢᠭᠤᠯᠤᠭᠰᠠᠨ ᠪᠦᠭᠡᠳ ᠠᠵᠢᠯᠯᠠᠭᠤᠯᠬᠤ ᠴᠢᠨᠠᠷᠲᠠᠢ ᠲᠤᠭᠲᠠᠭᠠᠯ ᠪᠤᠯᠬᠤ ᠲᠤᠯᠠ | ᠂ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠪᠤᠯᠤᠨ᠎ᠠ᠃ | ︵ᠬᠤᠶᠠᠷ︶ ︽ᠮᠡᠳᠡᠭᠳᠡᠯ︾ ᠳᠤ ᠳᠤᠷᠠᠳᠤᠭᠰᠠᠨ ᠭᠤᠣᠯ ᠠᠷᠭ᠎ᠠ ᠬᠡᠮᠵᠢᠶ᠎ᠡ᠃ 1. ︽ᠮᠡᠳᠡᠭᠳᠡᠯ︾ ᠳᠤ | ᠲᠤᠲᠤᠷᠬᠠᠶᠢᠯᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠠᠭᠤᠷᠬᠠᠶ ᠶᠢᠨ ᠦᠢᠯᠡᠰ ᠤᠨ ᠡᠷᠬᠡ ᠲᠠᠢ | ᠨᠡᠭᠦᠷᠡᠰᠦᠨ ᠤ ᠠᠵᠤ ᠠᠬᠤᠶᠢᠯᠠᠯ ᠬᠢᠭᠡᠳ ᠤᠯᠠᠷᠢᠭᠤᠯᠬᠤ ᠠᠵᠤ ᠠᠬᠤᠶᠢᠯᠠᠯ ᠳᠠᠬᠢᠨ ᠵᠣᠬᠢᠶᠠᠨ ᠪᠠᠶᠢᠭᠤᠯᠬᠤ ᠶᠢᠨ | ᠬᠠᠮᠲᠤ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠤᠯᠠᠷᠢᠭᠤᠯᠬᠤ ᠠᠵᠤ ᠠᠬᠤᠶᠢᠯᠠᠯ ᠤᠨ ᠥᠪᠡᠷ ᠤᠨ | ᠠᠭᠤᠷᠬᠠᠶ ᠶᠢᠨ ᠦᠢᠯᠡᠰ ᠤᠨ ᠡᠷᠬᠡ ᠪᠠᠷ ᠢᠶᠠᠨ ᠡᠬᠢ ᠪᠠᠶᠠᠯᠢᠭ ᠤᠨ ᠲᠣᠬᠢᠷᠠᠭᠤᠯᠤᠯᠲᠠ ᠬᠢᠵᠤ ᠪᠤᠢ ᠭᠡᠵᠦ ᠦᠵᠡᠵᠦ | ᠪᠤᠯᠤᠨ᠎ᠠ᠃ ᠨᠢᠭᠡ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠭᠲᠠᠭᠠᠭᠰᠠᠨ | ᠨᠡᠭᠦᠷᠡᠰᠦ ᠶᠢ ᠤᠯᠠᠷᠢᠭᠤᠯᠬᠤ ᠲᠦᠷᠦᠯ ᠵᠦᠢᠯ ᠤᠨ ᠨᠡᠭᠦᠷᠡᠰᠦ ᠲᠣᠬᠢᠷᠠᠭᠤᠯᠬᠤ ᠦᠨ᠎ᠡ ᠬᠠᠨᠭ᠍ᠰᠢ ᠶᠢᠨ ᠵᠤᠭᠤᠰ ᠤᠨ | ᠪᠠᠷᠢᠮᠵᠢᠶ᠎ᠠ ᠶᠤᠰᠤᠭᠠᠷ ᠳᠠᠬᠢᠨ ᠵᠣᠬᠢᠶᠠᠨ ᠪᠠᠶᠢᠭᠤᠯᠬᠤ ᠠᠵᠢᠯ ᠢ ᠪᠡᠶᠡᠯᠡᠭᠦᠯᠬᠦ ᠬᠡᠷᠡᠭᠲᠡᠶ᠃ ᠬᠤᠶᠠᠷ ᠲᠤ ᠬᠤᠯᠪᠣᠭᠳᠠᠬᠤ | ᠨᠡᠭᠦᠷᠡᠰᠦᠨ ᠤ ᠡᠬᠢ ᠪᠠᠶᠠᠯᠢᠭ ᠢ ᠤᠯᠤᠰ ᠤᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢᠨ ᠬᠤᠪᠢᠶᠠᠷᠢᠯᠠᠵᠤ | ᠦᠭᠭᠦᠭᠰᠡᠨ ᠠᠭᠤᠷᠬᠠᠢ ᠳᠤ ᠤᠷᠤᠭᠤᠯᠤᠭᠰᠠᠨ ᠪᠠᠶᠢᠬᠤ ᠬᠡᠷᠡᠭᠲᠠᠢ᠃ ᠭᠤᠷᠪᠠ ᠳᠤ ᠤᠯᠠᠷᠢᠯᠠᠭᠤᠯᠬᠤ ᠠᠵᠤ | ᠠᠬᠤᠶᠢᠯᠠᠯ ᠤᠨ ᠡᠵᠡᠯᠡᠵᠤ ᠪᠠᠶᠢᠭ᠎ᠠ ᠰᠲ᠋ᠣᠺ ᠤᠨ ᠡᠷᠬᠡ ᠳᠤ ᠵᠤᠬᠢᠴᠠᠯᠳᠤᠬᠤ ᠡᠬᠢ ᠪᠠᠶᠠᠯᠢᠭ ᠤᠨ ᠬᠡᠮᠵᠢᠶ᠎ᠡ ᠨᠢ ᠲᠤᠰ | ᠬᠤᠪᠢᠶᠠᠷᠢᠯᠠᠵᠤ ᠦᠭᠭᠦᠭᠰᠡᠨ ᠠᠭᠤᠷᠬᠠᠢ ᠶᠢᠨ ᠬᠠᠳᠠᠭᠠᠯᠠᠭᠳᠠᠴᠠ ᠶᠢᠨ 49 % ᠠᠴᠠ ᠳᠡᠭᠡᠭᠰᠢ ᠳᠤ ᠬᠦᠷᠦᠭᠰᠡᠨ | ᠪᠠᠶᠢᠬᠤ ᠪᠤᠶᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠰᠡᠨ ᠪᠠᠶᠢᠬᠤ ᠬᠡᠷᠡᠭᠲᠠᠢ | ᠃ | ﹇ᠸᠠᠩ ᠵᠢᠶᠦ᠋ᠨ ᠹᠧᠩ﹈᠄ | 2. ︽ᠮᠡᠳᠡᠭᠳᠡᠯ︾ ᠳᠤ ᠨᠡᠶᠢᠯᠡᠭᠦᠯᠵᠤ ᠳᠠᠬᠢᠨ ᠵᠣᠬᠢᠶᠠᠨ ᠪᠠᠶᠢᠭᠤᠯᠬᠤ ᠳᠤ ᠤᠷᠤᠯᠴᠠᠭᠰᠠᠨ ᠠᠵᠤ ᠠᠬᠤᠶᠢᠯᠠᠯ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠨ᠎ᠡ ᠬᠡᠵᠤ ᠲᠤᠲᠤᠷᠬᠠᠶᠢᠯᠠᠭᠰᠠᠨ ᠪᠠᠶᠢᠨ᠎ᠠ᠃ ᠨᠢᠭᠡ ᠳᠤ | ᠤᠯᠠᠷᠢᠭᠤᠯᠬᠤ ᠠᠵᠤ ᠠᠬᠤᠶᠢᠯᠠᠯ ᠬᠤᠪᠢ ᠤᠷᠤᠭᠤᠯᠤᠯᠲᠠ ᠡᠷᠬᠡᠰᠢᠶᠡᠵᠤ ᠪᠠᠶᠢᠭ᠎ᠠ ᠨᠡᠭᠦᠷᠡᠰᠦ ᠦᠢᠯᠡᠳᠪᠦᠷᠢᠯᠡᠬᠦ ᠠᠵᠤ | ᠠᠬᠤᠶᠢᠯᠠᠯ ᠤᠨ ᠬᠠᠷᠢᠶ᠎ᠠ ᠪᠦᠬᠦᠢ ᠬᠠᠤᠯᠢ ᠶᠣᠰᠣᠨ ᠤ ᠨᠡᠭᠦᠷᠡᠰᠦᠨ ᠠᠭᠤᠷᠬᠠᠶ ᠶᠢᠨ ᠡᠷᠭᠢᠨ ᠲᠣᠭᠤᠷᠢᠨ ᠳᠤ | ᠠᠭᠤᠷᠬᠠᠶ ᠶᠢᠨ ᠦᠢᠯᠡᠰ ᠤᠨ ᠡᠷᠬᠡ ᠶᠢ ᠲᠤᠰᠠᠭᠠᠷ ᠨᠢ ᠲᠤᠬᠢᠷᠠᠭᠤᠯᠬᠤ ᠳᠤ ᠲᠤᠬᠢᠷᠠᠬᠤ ᠦᠭᠡᠶ ᠦᠯᠡᠳᠡᠭᠳᠡᠯ ᠡᠬᠢ | ᠪᠠᠶᠠᠯᠢᠭ ᠪᠠᠶᠢᠪᠠᠯ᠂ ᠨᠡᠭᠦᠷᠡᠰᠦᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠤᠯᠤᠨ ᠨᠡᠭᠡᠭᠡᠨ ᠠᠰᠢᠭᠯᠠᠬᠤ | ᠲᠥᠯᠥᠪᠵᠢᠭᠦᠯᠭᠡ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠲᠤᠰ ᠨᠡᠭᠦᠷᠡᠰᠦᠨ ᠠᠭᠤᠷᠬᠠᠶ ᠳᠤ | ᠡᠮᠬᠢᠯᠡᠨ ᠨᠡᠶᠢᠯᠡᠭᠦᠯᠵᠦ ᠨᠡᠭᠡᠭᠡᠨ ᠠᠰᠢᠭᠯᠠᠬᠤ ᠶᠢ ᠲᠣᠬᠢᠷᠠᠭᠤᠯᠵᠤ ᠪᠤᠯᠤᠨ᠎ᠠ᠂ ᠪᠣᠳᠠᠲᠠᠶ ᠳᠡᠰ ᠳᠠᠷᠠᠭᠠᠯᠠᠯ ᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠤ᠂ ᠰᠢᠨ᠎ᠡ ᠪᠠᠷ ᠨᠡᠮᠡᠭᠳᠡᠭᠦᠯᠦᠭᠰᠡᠨ ᠨᠡᠭᠦᠷᠡᠰᠦᠨ ᠤ ᠡᠬᠢ | ᠪᠠᠶᠠᠯᠢᠭ ᠤᠨ ᠦᠨ᠎ᠡ ᠬᠠᠨᠭ᠍ᠰᠢ ᠶᠢᠨ ᠵᠤᠭᠤᠰ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠲᠣᠭᠲᠠᠭᠠᠭᠰᠠᠨ ᠨᠡᠭᠦᠷᠡᠰᠦ ᠶᠢ ᠤᠯᠠᠷᠢᠭᠤᠯᠬᠤ ᠲᠦᠷᠦᠯ ᠵᠦᠢᠯ ᠤᠨ ᠨᠡᠭᠦᠷᠡᠰᠦ ᠲᠣᠬᠢᠷᠠᠭᠤᠯᠬᠤ ᠦᠨ᠎ᠡ ᠬᠠᠨᠭ᠍ᠰᠢ ᠶᠢᠨ | ᠵᠤᠭᠤᠰ ᠤᠨ ᠪᠠᠷᠢᠮᠵᠢᠶ᠎ᠠ ᠶᠣᠰᠣᠭᠠᠷ ᠲᠤᠰᠢᠶᠠᠨ᠎ᠠ᠃ ᠬᠤᠶᠠᠷ ᠲᠤ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ | ᠰᠲ᠋ᠣᠺ ᠤᠨ ᠡᠷᠬᠡ᠂ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠳᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠬᠢᠨᠠᠨ ᠵᠦᠪᠰᠢᠶᠡᠷᠡᠭᠦᠯᠬᠦ ᠳᠡᠰ ᠳᠠᠷᠠᠭᠠᠯᠠᠯ ᠢ | ᠭᠦᠢᠴᠡᠳᠬᠡᠬᠦ ᠦᠭᠡᠶ ᠪᠠᠷ ᠰᠢᠭᠤᠳ ᠬᠤᠯᠪᠣᠭᠳᠠᠯ ᠪᠦᠬᠦᠢ ᠭᠠᠷᠳᠠᠮ ᠢ ᠭᠦᠢᠴᠡᠳᠭᠡᠵᠤ ᠪᠤᠯᠤᠨ᠎ᠠ᠃ ᠭᠤᠷᠪᠠ ᠳᠤ | ᠪᠣᠳᠠᠲᠠᠶ ᠶᠠᠪᠤᠴᠠ ᠳᠤ ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠬᠦ ᠲᠤᠬᠠᠢ | ᠤᠯᠤᠰ ᠤᠨ ᠭᠠᠶᠢᠯᠢ ᠲᠠᠲᠠᠪᠤᠷᠢ ᠵᠡᠷᠭᠡ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠤ | ᠪᠤᠯᠤᠨ᠎ᠠ᠃ ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠨᠢ | ᠲᠤᠰ ᠬᠤᠪᠢᠶᠠᠷᠢᠯᠠᠵᠤ ᠦᠭᠭᠦᠭᠰᠡᠨ ᠨᠡᠭᠦᠷᠡᠰᠦᠨ ᠠᠭᠤᠷᠬᠠᠶ ᠶᠢᠨ ᠬᠢᠨᠠᠨ ᠵᠦᠪᠰᠢᠶᠡᠷᠡᠭᠦᠯᠬᠦ ᠶᠢᠨ ᠮᠡᠳᠡᠭᠦᠯᠦᠨ | ᠵᠥᠪᠰᠢᠶᠡᠷᠡᠭᠦᠯᠬᠦ ᠶᠢ ᠡᠩ ᠲᠡᠷᠢᠭᠦᠨ ᠳᠤ ᠲᠤᠬᠢᠷᠠᠭᠤᠯᠬᠤ ᠬᠡᠷᠡᠭᠲᠡᠶ᠃ | 3. ︽ᠮᠡᠳᠡᠭᠳᠡᠯ︾ ᠳᠤ ᠨᠡᠭᠦᠷᠡᠰᠦ ᠲᠤᠬᠢᠷᠠᠭᠤᠯᠵᠤ ᠦᠭᠭᠦᠭᠰᠡᠨ ᠤᠯᠠᠷᠢᠭᠤᠯᠬᠤ ᠠᠵᠤ ᠠᠬᠤᠶᠢᠯᠠᠯ ᠬᠢᠭᠡᠳ | ᠬᠠᠤᠯᠢ ᠶᠣᠰᠣᠨ ᠤ ᠨᠡᠭᠦᠷᠡᠰᠦᠨ ᠠᠭᠤᠷᠬᠠᠶ ᠶᠢᠨ ᠡᠬᠢ ᠪᠠᠶᠠᠯᠢᠭ ᠢᠶᠠᠨ ᠰᠣᠯᠢᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠨ᠎ᠡ ᠬᠡᠵᠠᠢ᠃ | 4. ︽ᠮᠡᠳᠡᠭᠳᠡᠯ︾ ᠳᠤ ᠬᠤᠯᠪᠣᠭᠳᠠᠯ ᠪᠦᠬᠦᠢ ᠬᠢᠵᠠᠭᠠᠷᠯᠠᠬᠤ ᠨᠥᠬᠦᠴᠡᠯ ᠲᠤᠭᠲᠠᠭᠠᠵᠤ᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠬᠢᠭᠡᠳ ᠤᠯᠠᠷᠢᠭᠤᠯᠬᠤ ᠠᠵᠤ | ᠠᠬᠤᠶᠢᠯᠠᠯ᠂ ᠨᠡᠭᠦᠷᠡᠰᠦᠨ ᠤ ᠡᠬᠢ ᠪᠠᠶᠠᠯᠢᠭ ᠤᠨ ᠠᠭᠤᠷᠬᠠᠶ ᠶᠢᠨ ᠦᠢᠯᠡᠰ ᠤᠨ ᠡᠷᠬᠡ ᠲᠠᠢ ᠠᠵᠤ ᠠᠬᠤᠶᠢᠯᠠᠯ | ᠭᠤᠷᠪᠠᠨ ᠲᠠᠯ᠎ᠠ ᠪᠠᠷ ᠢᠶᠠᠨ ᠵᠦᠪᠯᠡᠯᠴᠡᠭᠡᠷ ᠲᠤᠭᠲᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭ᠎ᠠ ᠪᠤᠯᠤᠨ | ᠡᠭᠦᠷᠭᠡ ᠶᠢ ᠲᠤᠲᠤᠷᠬᠠᠶᠢᠯᠠᠨ᠎ᠠ᠃ | ﹇ᠬᠥᠲᠥᠯᠥᠭᠴᠢ﹈᠄ | ᠵᠠ᠂ ᠸᠠᠩ ᠡᠷᠬᠢᠯᠡᠭᠴᠢ ᠶᠢᠨ ᠲᠠᠶᠢᠯᠪᠤᠷᠢᠯᠠᠯᠲᠠ ᠬᠢᠭᠰᠡᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ | ᠨᠠᠷ ᠤᠨ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠪᠡ᠂ ᠳᠠᠷᠠᠭᠠᠴᠢ ᠶᠢᠨ ᠫᠷᠦᠭᠷᠠᠮ ᠳᠤ ᠳᠠᠬᠢᠨ ᠵᠤᠯᠭᠠᠶ᠎ᠠ︕ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ | ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ | ᠣᠷᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠮᠡᠳᠡᠭᠡ ᠵᠠᠩᠭᠢᠵᠢᠯ ᠤᠨ ᠵᠥᠪᠯᠡᠯ ᠤᠨ ᠳᠡᠳ᠋ ᠡᠷᠬᠢᠯᠡᠭᠴᠢ᠂ | ᠨᠡᠭᠦᠷᠡᠰᠦᠨ ᠠᠵᠤ ᠦᠢᠯᠡᠳᠪᠦᠷᠢ ᠶᠢᠨ ᠲᠣᠪᠴᠢᠶ᠎ᠠ ᠶᠢᠨ ᠳᠠᠷᠤᠭ᠎ᠠ ᠸᠠᠩ ᠵᠢᠶᠦ᠋ᠨ ᠹᠧᠩ ︽ᠳᠤᠮᠳᠠᠳᠤ ᠤᠯᠤᠰ | ᠥᠪᠥᠷ ᠮᠣᠩᠭᠤᠯ︾ ᠰᠦᠯᠵᠢᠶ᠎ᠡ ᠳᠤ ᠰᠠᠭᠠᠳᠠᠵᠤ ᠪᠠᠶᠢᠭ᠎ᠠ ᠨᠢ | |