ᠣᠷᠴᠢᠮᠬᠠᠨ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢᠨ ᠤᠷᠤᠭᠰᠢᠲᠠᠶ ᠶᠠᠪᠤᠭᠳᠠᠬᠤ ᠶᠢ ᠲᠦᠯᠬᠢᠨᠠᠬᠢᠭᠤᠯᠵᠤ᠂ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠣᠭᠲᠠᠭᠤᠨ ᠢᠶᠠᠷ ᠠᠵᠢᠯᠯᠠᠬᠤ ᠪᠠ | ᠬᠥᠭᠵᠢᠭᠦᠯᠬᠦ ᠶᠢ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ | ᠵᠦᠢᠯ ᠳᠤ ᠦᠨ᠎ᠡ ᠨᠡᠮᠡᠬᠦ ᠶᠢ ᠦᠭᠡᠶᠢᠰᠬᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠰᠠᠯᠠᠮᠵᠢ ᠶᠢᠨ ᠪᠡᠯᠡ | ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ | ᠶᠢᠨ ᠮᠡᠳᠡᠭᠳᠡᠯ ᠢ ᠳᠠᠷᠤᠮᠠᠯᠯᠠᠨ ᠶᠠᠪᠤᠭᠤᠯᠵᠤ᠂ 7 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠨ ᠵᠢᠩᠬᠢᠨᠢ ᠪᠠᠷ | ᠬᠡᠷᠡᠭᠵᠢᠭᠦᠯᠬᠦ ᠪᠠᠷ ᠪᠣᠯᠪᠠ᠃ ᠲᠤᠰ ︽ᠠᠷᠭ᠎ᠠ︾ ᠳᠤ᠂ ᠪᠦᠬᠦ ᠣᠷᠣᠨ ᠤ 102 ᠬᠤᠰᠢᠭᠤ ᠰᠢᠶᠠᠨ ᠲᠣᠭᠤᠷᠢᠭ ᠤᠨ | ᠪᠤᠶ ᠪᠦᠬᠦᠢ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ︽ᠪᠦᠲᠦᠭᠡᠨ ᠪᠠᠶᠢᠭᠤᠯᠬᠤ ᠳᠤ ᠵᠠᠰᠠᠭ ᠤᠨ | ᠣᠷᠳᠣᠨ ᠢ ᠲᠦᠰᠢᠭᠯᠡᠬᠦ᠂ ᠠᠵᠢᠯᠯᠠᠭᠠᠨ ᠳᠤ ᠦᠢᠯᠡᠴᠢᠯᠡᠭᠡ ᠶᠢ ᠲᠦᠰᠢᠭᠯᠡᠬᠦ︾ ᠵᠠᠷᠴᠢᠮ ᠤᠨ ᠶᠣᠰᠣᠭᠠᠷ᠂ | ᠡᠮᠨᠡᠯᠭᠡ ᠶᠢᠨ ᠬᠤᠷᠢᠶᠠᠨ ᠤ ᠡᠮ ᠤᠨ ᠵᠦᠢᠯ ᠳᠤ ᠦᠨ᠎ᠡ ᠨᠡᠮᠡᠬᠦ ᠶᠢ ᠬᠦᠴᠦᠨ ᠦᠭᠡᠶ ᠪᠣᠯᠭᠠᠭᠰᠠᠨ ᠠᠴᠠ ᠪᠣᠯᠵᠤ | ᠪᠠᠭᠠᠰᠤᠭᠰᠠᠨ ᠵᠦᠶ ᠵᠣᠬᠢᠰᠲᠠᠶ ᠣᠷᠣᠯᠭ᠎ᠠ ᠶᠢ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ | ᠂ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠬᠦ ᠪᠠ ᠡᠮᠨᠡᠯᠭᠡ ᠶᠢᠨ ᠬᠤᠷᠢᠶᠠᠨ ᠤ ᠲᠣᠭᠠᠴᠠᠭ᠎ᠠ ᠬᠢᠬᠦ ᠶᠢ | ᠴᠢᠩᠭᠠᠳᠬᠠᠨ ᠥᠪᠡᠷ ᠤᠨ ᠥᠷᠲᠡᠭ ᠢ ᠠᠷᠪᠢᠯᠠᠬᠤ ᠪᠠᠷ ᠳᠠᠮᠵᠢᠭᠤᠯᠤᠨ 6:3:1 ᠶᠢᠨ ᠶᠣᠰᠣᠭᠠᠷ ᠬᠤᠪᠢᠶᠠᠨ | ᠡᠭᠦᠷᠭᠡᠯᠡᠨ᠎ᠡ᠃ ᠭᠠᠵᠠᠷ ᠨᠤᠲᠤᠭ ᠥᠷᠭᠡᠨ ᠠᠭᠤᠳᠠᠮ ᠬᠥᠮᠦᠨ ᠠᠮᠠ ᠴᠥᠭᠡᠨ᠂ ᠬᠠᠲᠠᠭᠤᠵᠢᠯᠲᠠᠶ ᠠᠯᠤᠰ ᠬᠢᠵᠠᠭᠠᠷ | ᠪᠠ ᠦᠢᠯᠡᠴᠢᠯᠡᠭᠡᠨ ᠤ ᠬᠡᠷᠡᠭᠴᠡᠭᠡ ᠭᠦᠢᠴᠡᠳ ᠦᠭᠡᠶ ᠬᠤᠰᠢᠭᠤ ᠰᠢᠶᠠᠨ ᠵᠢᠴᠢ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ ᠳᠤ ᠪᠣᠯ ᠡᠳ᠋ ᠤᠨ ᠵᠠᠰᠠᠭ ᠠᠴᠠ ᠲᠤᠰᠠᠯᠠᠬᠤ ᠬᠠᠷᠢᠴᠠᠯ ᠢ ᠵᠣᠬᠢᠰᠲᠠᠶ ᠪᠠᠷ ᠳᠡᠭᠡᠭᠰᠢᠯᠡᠵᠦ ᠪᠣᠯᠣᠨ᠎ᠠ᠃ | ᠡᠭᠦᠨ ᠳᠤ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠬᠦ ᠬᠡᠰᠡᠭ ᠤᠨ ᠲᠤᠰᠠᠯᠠᠮᠵᠢ ᠶᠢᠨ ᠪᠡᠯᠡ ᠮᠥᠩᠭᠦ ᠶᠢ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ 1:1:1 ᠶᠢᠨ ᠬᠠᠷᠢᠴᠠᠯ ᠶᠣᠰᠣᠭᠠᠷ | ᠬᠠᠮᠲᠤᠪᠡᠷ ᠬᠤᠪᠢᠶᠠᠨ ᠡᠭᠦᠷᠭᠡᠯᠡᠬᠦ ᠶᠢᠨ ᠬᠠᠮᠲᠤ ᠣᠨ ᠤ ᠲᠥᠰᠦᠪ ᠲᠤ ᠣᠷᠣᠭᠤᠯᠵᠤ᠂ ᠬᠤᠰᠢᠭᠤ ᠰᠢᠶᠠᠨ ᠤ | ᠡᠳ᠋ ᠤᠨ ᠵᠠᠰᠠᠭ ᠤᠨ ᠡᠭᠦᠷᠭᠡᠯᠡᠯ ᠢ ᠪᠦᠲᠦᠮᠵᠢᠲᠡᠶ ᠪᠠᠷ ᠬᠥᠩᠭᠡᠷᠡᠭᠦᠯᠦᠨ᠎ᠡ᠃ | ᠲᠤᠰᠠᠯᠠᠮᠵᠢ ᠶᠢᠨ ᠪᠡᠯᠡ ᠮᠥᠩᠭᠦ ᠶᠢ ᠰᠠᠯᠭᠠᠨ ᠥᠭᠴᠦ ᠶᠢᠨ ᠬᠡᠷᠡᠭᠯᠡᠬᠦᠯᠬᠦ ᠲᠠᠯ᠎ᠠ ᠪᠠᠷ᠂ ᠬᠤᠰᠢᠭᠤ | ᠰᠢᠶᠠᠨ ᠤ ᠡᠳ᠋ ᠤᠨ ᠵᠠᠰᠠᠭ ᠨᠢ ᠪᠣᠳᠠᠲᠠᠶ ᠲᠤᠰᠠᠯᠠᠮᠵᠢ ᠥᠭᠬᠦ ᠪᠠᠷᠢᠮᠵᠢᠶ᠎ᠠ ᠪᠠ ᠲᠤᠰᠠᠯᠠᠮᠵᠢ ᠥᠭᠬᠦ ᠠᠷᠭ᠎ᠠ ᠶᠢ | ᠲᠣᠭᠲᠠᠭᠠᠵᠤ᠂ ᠲᠤᠰᠠᠯᠠᠮᠵᠢ ᠶᠢᠨ ᠪᠡᠯᠡ ᠮᠥᠩᠭᠦ ᠶᠢ ᠤᠷᠢᠳᠠᠪᠠᠷ ᠤᠷᠢᠳᠴᠢᠯᠠᠨ ᠰᠠᠯᠭᠠᠨ ᠥᠭᠴᠦ ᠳᠠᠷᠠᠭ᠎ᠠ ᠨᠢ | ᠳ᠋ᠦᠩᠨᠡᠨ ᠪᠣᠳᠣᠬᠤ ᠠᠷᠭ᠎ᠠ ᠮᠠᠶ᠋ᠢᠭ ᠢᠶᠠᠷ ᠳᠣᠷᠣᠭᠰᠢ ᠪᠠᠭᠤᠯᠭᠠᠬᠤ ᠪᠠ ᠰᠠᠯᠭᠠᠨ ᠥᠭᠴᠦ᠂ ᠤᠷᠢᠳᠴᠢᠯᠠᠨ ᠰᠠᠯᠭᠠᠨ | ᠥᠭᠬᠦ ᠪᠡᠯᠡ ᠮᠥᠩᠭᠦ ᠶᠢ 70% ᠠᠴᠠ ᠳᠣᠣᠷ᠎ᠠ ᠪᠠᠶᠢᠯᠭᠠᠬᠤ ᠦᠭᠡᠶ᠃ ᠥᠪᠡᠷᠲᠡᠭᠡᠨ ᠵᠠᠰᠠᠬᠤ ᠣᠷᠣᠨ ᠤ ᠡᠯ᠎ᠡ | ᠱᠠᠲᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠤᠰᠢᠭᠤ | ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠬᠠᠷᠢᠭᠤᠴᠠᠵᠤ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠠᠭᠠᠨ | ᠭᠤᠣᠯᠳᠠᠭᠤ ᠡᠮᠨᠡᠯᠭᠡ ᠶᠢᠨ ᠬᠤᠷᠢᠶᠠᠨ ᠤ ᠡᠮ ᠤᠨ ᠵᠦᠢᠯ ᠳᠤ ᠦᠨ᠎ᠡ ᠨᠡᠮᠡᠬᠦ ᠶᠢ ᠦᠭᠡᠶᠢᠰᠬᠡᠬᠦ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠳᠥᠯᠭᠢᠨ ᠠᠬᠢᠭᠤᠯᠵᠤ | ᠪᠠᠶᠢᠭ᠎ᠠ ᠪᠠᠶᠢᠳᠠᠯ ᠵᠡᠷᠭᠡ ᠶᠢ ᠪᠠᠭᠲᠠᠭᠠᠬᠤ ᠬᠡᠷᠡᠭᠲᠡᠢ᠃ ᠲᠤᠰᠠᠯᠠᠮᠵᠢ ᠶᠢᠨ ᠪᠡᠯᠡ ᠮᠥᠩᠭᠦ ᠶᠢ ᠳᠤᠮᠳᠠ ᠠᠴᠠ ᠲᠠᠰᠤᠳᠠᠨ | ᠦᠯᠡᠳᠡᠭᠡᠭᠰᠡᠨ᠂ ᠰᠢᠬᠠᠨ ᠡᠵᠡᠯᠡᠭᠰᠡᠨ᠂ ᠨᠡᠭᠦᠯᠭᠡᠨ ᠬᠡᠷᠡᠭᠯᠡᠭᠰᠡᠨ ᠪᠠ ᠮᠡᠬᠡᠯᠡᠨ ᠠᠪᠤᠭᠰᠠᠨ ᠵᠢᠴᠢ ᠪᠡᠯᠡ ᠮᠥᠩᠭᠦ ᠶᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠶ ᠪᠤᠶᠤ ᠪᠡᠯᠡ ᠮᠥᠩᠭᠦ ᠶᠢ ᠪᠦᠷᠢᠯᠭᠡᠨ | ᠰᠦᠢᠳᠬᠡᠭᠰᠡᠨ ᠨᠢᠭᠡᠴᠡ ᠪᠠ ᠬᠤᠪᠢ ᠬᠥᠮᠦᠨ ᠢ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠣᠷᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 427 ᠳ᠋ᠤᠭᠠᠷ | ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ︔ ᠪᠡᠯᠡ ᠮᠥᠩᠭᠦ ᠲᠣᠬᠢᠷᠠᠭᠤᠯᠵᠤ | ᠥᠭᠬᠦ ᠶᠣᠰᠣᠲᠠᠢ ᠪᠠᠶᠢᠲᠠᠯ᠎ᠠ ᠴᠠᠭ ᠲᠤᠬᠠᠢ ᠳᠤᠨᠢ ᠪᠣᠲᠠᠲᠠᠶᠢᠵᠢᠭᠤᠯᠤᠭᠰᠠᠨ ᠦᠭᠡᠢ᠂ ᠭᠦᠢᠴᠡᠳᠬᠡᠬᠦ ᠠᠬᠢᠴᠠ ᠨᠢ | ᠤᠳᠠᠭᠠᠨ ᠪᠠᠶᠢᠬᠤ᠂ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠭᠠᠵᠠᠷ ᠣᠷᠣᠨ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ ᠨᠢ ᠪᠠᠶᠢᠳᠠᠯ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠪᠡᠯᠡ | ᠮᠥᠩᠭᠦ ᠰᠠᠯᠭᠠᠨ ᠥᠭᠬᠦ ᠶᠢ ᠵᠣᠭᠰᠣᠭᠠᠵᠤ ᠲᠤᠰᠠᠯᠠᠮᠵᠢ ᠶᠢᠨ ᠪᠡᠯᠡ ᠮᠥᠩᠭᠦ ᠪᠠᠨ ᠪᠤᠴᠠᠭᠠᠨ ᠠᠪᠴᠤ ᠪᠣᠯᠣᠨ᠎ᠠ᠃ | |