ᠠᠷᠪᠠᠨ ᠬᠤᠶᠠᠳᠤᠭᠠᠷ ᠬᠤᠭᠤᠴᠠᠭᠠᠨ ᠤ ᠲᠤᠮᠳᠡᠳᠦ ᠤᠯᠤᠰ · ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠥᠨᠳᠥᠷᠯᠡᠪᠡ
ᠨᠡᠶᠢᠲᠡᠯᠡᠭᠰᠡᠨ ᠴᠠᠭ᠄
2015/7/6
     ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠱᠠᠩᠨᠠᠯ ᠤᠯᠭᠤᠬᠤ ᠦᠳᠡᠰᠢᠯᠡᠭᠡ ᠶᠢᠨ ᠲᠤᠬᠠᠢ ᠶᠢᠨ ᠲᠠᠯᠠᠪᠠᠢ      7 ᠳ᠋ᠤᠭᠠᠷ ᠰᠠᠷ᠎ᠠ ᠶᠢᠨ 3᠎ ᠤ ᠤᠷᠤᠢ᠂ ᠠᠷᠪᠠᠨ ᠬᠤᠶᠠᠳᠤᠭᠠᠷ ᠬᠤᠭᠤᠴᠠᠭᠠᠨ ᠤ ᠲᠤᠮᠳᠡᠳᠦ ᠤᠯᠤᠰ · ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠲᠡᠬᠦᠰᠬᠦ ᠶᠤᠰᠤᠯᠠᠯ ᠵᠢᠴᠢ ᠱᠠᠩᠨᠠᠯ ᠤᠯᠭᠤᠬᠤ ᠦᠳᠡᠰᠢᠯᠡᠭᠡ ᠦᠪᠤᠷ ᠮᠤᠩᠭᠤᠯ ᠤᠨ ᠤᠯᠠᠭᠠᠨ ᠲᠢᠶᠠᠲᠷ ᠲᠤ ᠶᠠᠪᠤᠬᠳᠠᠪᠠ᠃ ᠰᠤᠶᠤᠯ ᠤᠨ ᠨᠠᠶᠢᠷ ᠤᠨ ᠬᠤᠭᠤᠴᠠᠭᠠᠨ ᠲᠤ᠂ 13 ᠵᠦᠢᠯ ᠤᠨ ᠰᠤᠶᠤᠯ ᠤᠨ ᠠᠵᠢᠯᠯᠠᠭ᠎ᠠ ᠶᠠᠪᠤᠬᠳᠠᠵᠦ᠂ ᠲᠠᠯ᠎ᠠ ᠨᠤᠳᠤᠭ ᠤᠨ ᠰᠤᠶᠤᠯ ᠤᠨ ᠶᠡᠭᠡ ᠴᠡᠴᠡᠭᠯᠡᠯ ᠶᠡᠭᠡ ᠬᠦᠭᠵᠢᠯ ᠢ ᠬᠥᠮᠥᠰ ᠲᠤ ᠳᠠᠬᠢᠨᠲᠠ ᠬᠠᠷᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠸᠠᠩ ᠵᠢᠶᠦ᠋ᠨ᠂ ᠪᠠᠭᠠᠳᠤᠷ᠂ ᠯᠢ ᠵᠢᠶᠠ᠂ ᠵᠠᠩ ᠯᠢ᠂ ᠤᠯᠠᠭᠠᠨ᠂ ᠹᠦ᠋ ᠲᠠᠢ ᠽᠸᠡᠭ᠂ ᠪᠦ᠋ ᠰᠢᠶᠤᠤ ᠯᠢᠨ᠂ ᠬᠠᠨᠭ᠌ ᠬᠦᠢ ᠯᠢᠨ᠂ ᠦ᠋ ᠲᠤᠸᠡᠨ ᠶᠢᠩ᠂ ᠯᠢᠤ ᠰᠢᠨ ᠯᠧ᠂ ᠴᠠᠩ ᠵᠢᠶᠦ᠋ᠨ ᠵᠸᠡᠭ᠂ ᠨᠢᠤ ᠭᠤᠸᠡᠩ ᠮᠢᠩ᠂ ᠭᠤᠤ ᠬᠤᠨᠭ᠌ ᠭᠤᠸᠡᠩ ᠲᠡᠭᠦᠰᠬᠦ ᠶᠤᠰᠤᠯᠠᠯ ᠳᠤ ᠤᠷᠤᠯᠴᠠᠬᠰᠡᠨ ᠪᠦᠭᠡᠳ ᠦᠨᠳᠤᠰᠤᠳᠡᠨ ᠤ ᠦᠵᠡᠭᠳᠡᠯᠳᠦ ᠲᠠᠭᠤᠤ ᠪᠦᠵᠢᠭᠳᠦ ᠵᠦᠴᠦᠭᠡ ︽ᠲᠠᠯ᠎ᠠ ᠨᠤᠳᠤᠭ ᠤᠨ ᠤᠯᠠᠭᠠᠨᠮᠦ᠋ᠴᠢᠷ︾᠎ ᠢ ᠰᠤᠨᠢᠷᠬᠠᠪᠠ᠃      ᠦᠪᠤᠷ ᠮᠤᠩᠭᠤᠯ ᠤᠨ ᠦᠨᠳᠤᠰᠤᠳᠡᠨ ᠤ ᠤᠷᠠᠯᠢᠭ ᠵᠦᠴᠦᠭᠡ ᠶᠢᠨ ᠬᠦᠷᠢᠶᠡᠯᠠᠩ ᠠᠴᠠ ᠲᠤᠬᠯᠠᠬᠰᠡᠨ ᠦᠨᠳᠤᠰᠤᠳᠡᠨ ᠤ ᠦᠵᠡᠭᠳᠡᠯᠳᠦ ᠲᠠᠭᠤᠤ ᠪᠦᠵᠢᠭᠳᠦ ᠵᠦᠴᠦᠭᠡ ︽ᠲᠠᠯ᠎ᠠ ᠨᠤᠳᠤᠭ ᠤᠨ ᠤᠯᠠᠭᠠᠨᠮᠦ᠋ᠴᠢᠷ︾᠎ ᠨᠢ ︽ᠬᠤᠪᠢᠰᠬᠠᠯ ᠤᠨ ᠲᠤᠷᠡᠰᠤᠮᠵᠢ︾᠂ ︽ᠭᠡᠷ ᠤᠷᠤᠨ ᠢᠶᠠᠨ ᠰᠡᠬᠢᠠ ᠬᠠᠮᠠᠭᠠᠯᠠᠨᠠᠮ︾᠂ ︽ᠲᠠᠯ᠎ᠠ ᠨᠤᠳᠤᠭ ᠤᠨ ᠵᠡᠬᠦᠳᠦ ᠪᠠᠨ ᠳᠡᠷᠬᠡᠯᠰᠢᠬᠦᠯᠦᠨᠡᠮ︾ ᠭᠡᠬᠦ ᠭᠤᠷᠪᠡᠨ ᠪᠦᠯᠦᠭ ᠢᠶᠠᠷ ᠪᠦᠷᠢᠯᠳᠦᠵᠦ᠂ ᠡᠬᠡᠯ ᠪᠤᠷᠤᠬᠵᠢᠭᠤᠨ ᠬᠡᠯᠡ ᠬᠡᠯᠡᠯᠭᠡ ᠪᠤᠯᠤᠨ ᠦᠪᠡᠷᠮᠢᠴᠠ ᠤᠨᠴᠠᠭᠠᠢ ᠤᠷᠠᠯᠢᠭ ᠤᠨ ᠢᠯᠡᠷᠡᠬᠦᠯᠤᠯ ᠤᠨ ᠠᠷᠭ᠎ᠠ ᠬᠡᠯᠪᠡᠷᠢ ᠪᠠᠷ ᠤᠯᠠᠭᠠᠨᠮᠦ᠋ᠴᠢᠷ ᠤᠨ ᠪᠤᠢ ᠪᠤᠯᠵᠦ ᠬᠦᠭᠵᠢᠭᠰᠡᠨ ᠤᠯᠠ ᠮᠦᠷ ᠢ ᠬᠦᠤᠷᠨᠢᠵᠦ᠂ ᠤᠯᠠᠭᠠᠨᠮᠦ᠋ᠴᠢᠷ ᠢᠶᠠᠷ ᠲᠦᠯᠦᠭᠡᠯᠡᠬᠦᠯᠦᠭᠰᠡᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠢᠯᠳᠡᠳ ᠤᠨ ᠶᠡᠷᠦᠩᠬᠡᠢ ᠱᠦᠵᠢ ᠰᠢ ᠶᠢᠨ ᠫᠢᠡᠭ ᠤᠨ ᠪᠦᠬᠦ ᠤᠯᠤᠰ ᠤᠨ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠡᠯ ᠲᠡᠭᠡᠷᠡᠬᠢ ᠴᠢᠬᠤᠯᠠ ᠶᠠᠷᠢᠶᠡᠨ ᠤ ᠵᠤᠷᠢᠭ ᠰᠠᠨᠠᠭ᠎ᠠ  ᠪᠠᠷ ᠵᠢᠯᠤᠭᠤᠳᠤᠯᠭ᠎ᠠ ᠪᠤᠯᠭᠠᠨ᠂ ᠠᠷᠡᠳ ᠲᠦᠮᠡᠨ ᠢᠶᠠᠨ ᠪᠢᠴᠢᠭᠯᠡᠬᠦ᠂ ᠠᠷᠠᠳ ᠲᠦᠮᠡᠨ ᠢᠶᠠᠨ ᠤᠶᠠᠩᠭᠠᠯᠠᠬᠤ᠂ ᠠᠷᠡᠳ ᠲᠦᠮᠠᠨ ᠤ ᠪᠠᠨ ᠰᠡᠳᠬᠢᠯᠭᠡ ᠶᠢ ᠢᠯᠡᠳᠬᠡᠬᠦ ᠢᠲᠡᠭᠡᠯ ᠪᠠᠲᠤ ᠵᠣᠷᠢᠯᠲᠠ ᠶᠢ ᠢᠯᠡᠳᠬᠡᠵᠡᠢ᠃      ᠲᠡᠬᠦᠰᠬᠦ ᠶᠤᠰᠤᠯᠠᠯ ᠳᠤ ᠠᠷᠪᠠᠨ ᠨᠢᠭᠡᠳᠤᠭᠡᠷ ᠬᠤᠭᠤᠴᠠᠭᠠᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠬ᠎ᠠ ᠵᠤᠬᠢᠶᠠᠯ ᠤᠨ ᠵᠣᠬᠢᠶᠠᠨ ᠪᠦᠲᠦᠭᠡᠯᠲᠡ ᠶᠢᠨ ︽ᠰᠤᠯᠦᠩᠭ᠎ᠠ︾ ᠱᠠᠩᠨᠠᠯ ᠪᠤᠯᠤᠨ ᠠᠷᠪᠠᠨ ᠬᠤᠶᠠᠳᠤᠭᠠᠷ ᠬᠤᠭᠤᠴᠠᠭᠠᠨ ᠤ ᠲᠤᠮᠳᠡᠳᠦ ᠤᠯᠤᠰ · ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠵᠦᠴᠦᠭᠡ ᠪᠤᠯᠤᠨ ᠱᠤᠭ ᠵᠦᠴᠦᠭᠡ ᠬᠢᠯᠪᠢᠭᠡᠨ ᠵᠦᠴᠦᠭᠡ ᠶᠢᠨ ᠵᠦᠴᠤᠭᠡ ᠨᠠᠶᠢᠷᠠᠭᠤᠯᠤᠬᠴᠢ ᠶᠢᠨ ᠱᠠᠩᠨᠠᠯ᠂ ᠤᠳᠤᠷᠢᠳᠤᠭᠠᠴᠢ ᠶᠢᠨ ᠱᠠᠩᠨᠠᠯ᠂ ᠵᠤᠬᠢᠶᠠᠯ ᠪᠦᠳᠦᠭᠡᠯ ᠤᠨ ᠱᠠᠩᠨᠠᠯ᠂ ᠦᠵᠡᠬᠦᠯᠦᠯᠭᠡ ᠶᠢᠨ ᠱᠠᠩᠨᠠᠯ ᠵᠢᠴᠢ ᠰᠤᠩᠭᠤᠬᠳᠠᠬᠰᠡᠨ ᠵᠦᠴᠦᠬᠡ ︵ᠲᠣᠭᠯᠠᠯᠲᠠ︶ ᠵᠡᠷᠬᠡ ᠵᠦᠴᠦᠬᠡ ᠬᠢᠬᠡᠳ ᠳᠤᠰᠬᠠᠢ ᠳᠦᠷᠦᠯ ᠤᠨ ᠱᠠᠩᠨᠠᠯ ᠤᠯᠭᠤᠪᠠ ᠃ ᠠᠷᠪᠠᠨ ᠨᠢᠭᠡᠳᠤᠭᠡᠷ ᠬᠤᠭᠤᠴᠠᠭᠠᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠬ᠎ᠠ ᠵᠤᠬᠢᠶᠠᠯ ᠤᠨ ᠵᠣᠬᠢᠶᠠᠨ ᠪᠦᠲᠦᠭᠡᠯᠲᠡ ᠶᠢᠨ ︽ᠰᠤᠯᠦᠩᠭ᠎ᠠ︾ ᠱᠠᠩᠨᠠᠯ ᠳᠤ 40 ᠪᠦᠳᠦᠭᠡᠯ ᠱᠠᠩᠨᠠᠯ ᠬᠦᠷᠳᠡᠵᠦ᠂ ᠡᠳᠡᠭᠡᠷ ᠪᠦᠳᠦᠭᠡᠯ ᠨᠢ ᠪᠦᠬᠦ ᠤᠷᠤᠨ ᠠᠴᠠ ᠮᠡᠳᠡᠭᠦᠯᠦᠭᠰᠡᠨ 486 ᠪᠦᠳᠦᠭᠡᠯ ᠤᠨ ᠲᠤᠳᠤᠷ᠎ᠠ ᠠᠴᠠ 4 ᠡᠭᠡᠯᠵᠢ ᠶᠢᠨ ᠲᠤᠰᠬᠠᠢ ᠮᠡᠷᠭᠡᠵᠢᠯᠳᠡᠨ ᠤ ᠬᠢᠨᠡᠨ ᠲᠤᠬᠳᠠᠭᠠᠯᠳᠠ ᠪᠠᠷ ᠰᠢᠯᠭᠠᠷᠠᠭᠤᠯᠤᠬᠰᠡᠨ ᠶᠤᠮ᠃ ᠡᠬᠦᠨ ᠳᠤ ᠷᠤᠮᠠᠨ 5᠂ ᠦᠬᠦᠯᠡᠯᠭᠡ 4᠂ ᠲᠤᠭᠤᠵᠢ 4᠂ ᠨᠠᠶᠢᠷᠠᠭᠤᠯᠤᠯ 7᠂ ᠰᠢᠯᠦᠭ 9᠂ ᠮᠡᠳᠡᠭᠡᠯᠡᠯ ᠤᠨ ᠤᠷᠡᠨ ᠵᠤᠬᠢᠶᠠᠯ 3᠂ ᠤᠷᠡᠨ ᠵᠤᠬᠢᠶᠠᠯ ᠤᠨ ᠰᠢᠬᠦᠮᠵᠢ 3᠂ ᠬᠡᠤᠭᠡᠳ ᠤᠨ ᠤᠷᠡᠨ ᠵᠤᠬᠢᠶᠠᠯ 2᠂ ᠤᠷᠴᠢᠭᠤᠯᠭ᠎ᠠ ᠶᠢᠨ ᠪᠦᠳᠦᠭᠡᠯ 1 ᠪᠠ ᠰᠢᠨ᠎ᠠ ᠬᠦᠮᠦᠨ ᠤ ᠰᠢᠨ᠎ᠠ ᠪᠦᠳᠦᠭᠡᠯ 2 ᠪᠤᠢ᠃ 15 ᠰᠢᠯᠢᠳᠡᠭ ᠵᠦᠴᠦᠭᠡ ᠪᠤᠯᠤᠨ 16 ᠰᠢᠯᠢᠳᠡᠭ ᠱᠤᠭ ᠵᠦᠴᠦᠭᠡ ᠬᠢᠯᠪᠢᠭᠡᠨ ᠵᠦᠴᠦᠭᠡ᠂ 10 ᠵᠦᠴᠤᠭᠡ ᠶᠢᠨ ᠨᠠᠶᠢᠷᠠᠭᠤᠯᠤᠬᠴᠢ᠂ 11 ᠤᠳᠤᠷᠢᠳᠤᠭᠠᠴᠢ᠂ 4 ᠬᠦᠭᠵᠢᠮ ᠤᠨ ᠵᠤᠬᠢᠶᠠᠯᠴᠢ᠂ 41 ᠳᠤᠭᠯᠠᠭᠴᠢ ᠠᠷᠪᠠᠨ ᠬᠤᠶᠠᠳᠤᠭᠠᠷ ᠬᠤᠭᠤᠴᠠᠭᠠᠨ ᠤ ᠲᠤᠮᠳᠡᠳᠦ ᠤᠯᠤᠰ · ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠰᠤᠩᠭᠤᠭᠳᠠᠭᠰᠠᠨ ᠵᠦᠴᠦᠬᠡ ︵ᠲᠣᠭᠯᠠᠯᠲᠠ︶᠎ ᠶᠢᠨ ᠱᠠᠩᠨᠠᠯ ᠬᠢᠬᠡᠳ ᠳᠤᠰᠬᠠᠢ ᠳᠦᠷᠦᠯ ᠤᠨ ᠱᠠᠩᠨᠠᠯ ᠬᠦᠷᠳᠡᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号