︽ᠦᠪᠦᠷ ᠮᠤᠩᠭᠤᠯ· ᠮᠤᠩᠭᠤᠯ ᠤᠯᠤᠰ ᠤᠨ ᠰᠤᠶᠤᠯ ᠤᠨ ᠭᠠᠷᠠᠭ︾᠎ ᠤᠨ ᠠᠵᠢᠯᠯᠠᠭ᠎ᠠ ᠦᠴᠦᠭᠡᠳᠦᠷ ᠡᠬᠢᠯᠡᠪᠡ
ᠨᠡᠶᠢᠲᠡᠯᠡᠭᠰᠡᠨ ᠴᠠᠭ᠄
2015/7/6
     7 ᠳ᠋ᠤᠭᠠᠷ ᠰᠠᠷ᠎ᠠ ᠶᠢᠨ 5᠎ ᠤ ᠡᠳᠦᠷ᠂ ᠮᠤᠩᠭᠤᠯ ᠤᠯᠤᠰ ᠤᠨ ᠰᠤᠷᠭᠠᠨ ᠬᠦᠮᠦᠵᠢᠯ ᠰᠤᠶᠤᠯ ᠰᠢᠨᠵᠢᠯᠡᠬᠦ ᠤᠬᠠᠭᠠᠨ ᠤ ᠶᠠᠮᠤᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡ ᠶᠢᠨ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ ᠤ ᠭᠠᠳᠠᠭᠠᠲᠤ ᠯᠤᠭ᠎ᠠ ᠰᠤᠶᠤᠯ ᠤᠨ ᠰᠤᠯᠢᠯᠴᠠᠭ᠎ᠠ ᠬᠢᠬᠦ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ ︽ᠦᠪᠦᠷ ᠮᠤᠩᠭᠤᠯ· ᠮᠤᠩᠭᠤᠯ ᠤᠯᠤᠰ ᠤᠨ ᠰᠤᠶᠤᠯ ᠤᠨ ᠭᠠᠷᠠᠭ︾᠎ ᠤᠨ ᠠᠵᠢᠯᠯᠠᠭ᠎ᠠ ᠦᠪᠦᠷ ᠮᠤᠩᠭᠤᠯ ᠤᠨ ᠮᠦᠽᠸᠢ ᠳᠤ ᠡᠬᠢᠯᠡᠨ ᠶᠠᠪᠤᠭᠳᠠᠪᠠ᠃      ᠮᠤᠩᠭᠤᠯ ᠤᠯᠤᠰ ᠤᠨ ᠰᠤᠷᠭᠠᠨ ᠬᠦᠮᠦᠵᠢᠯ ᠰᠤᠶᠤᠯ ᠰᠢᠨᠵᠢᠯᠡᠬᠦ ᠤᠬᠠᠭᠠᠨ ᠤ ᠶᠠᠮᠤᠨ ᠤ ᠰᠤᠷᠭᠠᠭᠤᠯᠢ ᠳᠤ ᠤᠷᠤᠬᠤ ᠠᠴᠠ ᠡᠮᠦᠨᠡᠬᠢ ᠪᠠ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠵᠤᠷᠭᠠᠨ ᠤ ᠳᠠᠷᠤᠭ᠎ᠠ ᠭᠠᠨᠭ᠍ᠲᠤᠯᠭ᠎ᠠ᠂ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠤᠨ ᠳᠠᠷᠤᠭ᠎ᠠ ᠲᠦᠡᠭ ᠭᠦᠸᠧ ᠴᠢᠩ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃      5᠎ ᠤ ᠡᠳᠦᠷ ᠠᠴᠠ 9᠎ ᠤ ᠡᠳᠦᠷ ᠪᠤᠯᠲᠠᠯ᠎ᠠ᠂ ᠮᠠᠨ ᠤ ᠬᠤᠲᠠ ᠪᠤᠯᠤᠨ ᠤᠷᠳᠤᠰ ᠬᠤᠲᠠ ᠳᠤ ᠮᠤᠩᠭᠤᠯ ᠤᠯᠤᠰ ᠤᠨ ᠰᠤᠷᠭᠠᠨ ᠬᠦᠮᠦᠵᠢᠯ ᠰᠤᠶᠤᠯ ᠰᠢᠨᠵᠢᠯᠡᠬᠦ ᠤᠬᠠᠭᠠᠨ ᠤ ᠶᠠᠮᠤᠨ ᠢᠶᠠᠷ ᠲᠦᠷᠦᠭᠦᠯᠡᠭᠦᠯᠦᠭᠰᠡᠨ ᠡᠨᠡᠬᠦ ︽ᠰᠤᠶᠤᠯ ᠤᠨ ᠭᠠᠷᠠᠭ︾᠎ ᠤᠨ ᠠᠵᠢᠯᠯᠠᠭ᠎ᠠ ᠮᠤᠩᠭᠤᠯ ᠤᠯᠤᠰ ᠤᠨ ᠳᠤᠷᠤᠨᠠᠭᠤᠪᠢ ᠠᠶᠢᠮᠠᠭ ᠤᠨ ᠰᠠᠷᠠᠨ ᠬᠦᠬᠡ ᠵᠦᠴᠦᠭᠡ ᠶᠢᠨ ᠬᠦᠷᠢᠶᠡᠯᠡᠩ ᠤᠨ ᠨᠠᠶᠢᠷᠠᠭᠤᠯᠤᠨ ᠲᠤᠭᠯᠠᠭᠰᠠᠨ ᠳᠠᠭᠤᠤ ᠪᠦᠵᠢᠭ ᠤᠨ ᠦᠳᠡᠰᠢᠯᠡᠭᠡ ᠭᠠᠷᠭᠠᠨ᠎ᠠ︔ ᠪᠠᠰᠠ ᠳᠤᠷᠤᠨᠠᠭᠤᠪᠢ ᠠᠶᠢᠮᠠᠭ ᠤᠨ ᠲᠡᠤᠬᠡ᠂ ᠪᠠᠶᠢᠭᠠᠯᠢ᠂ ᠠᠷᠠᠳ ᠤᠨ ᠠᠮᠢᠳᠤᠷᠠᠯ ᠢ ᠳᠡᠯᠭᠡᠨ ᠬᠠᠷᠠᠭᠤᠯᠤᠭᠰᠠᠨ ᠬᠡᠷᠡᠯ ᠵᠢᠷᠤᠭ ᠪᠤᠯᠤᠨ ᠭᠠᠷ ᠤᠷᠠᠯᠠᠯ ᠤᠨ ᠪᠦᠲᠦᠭᠡᠯ ᠢ ᠳᠡᠯᠭᠡᠨ ᠦᠵᠡᠭᠦᠯᠦᠨ᠎ᠡ᠃ ᠡᠭᠦᠨ ᠠᠴᠠ ᠭᠠᠳᠠᠨ᠎ᠠ ᠬᠤᠶᠠᠷ ᠲᠠᠯ᠎ᠠ ᠎ ᠪᠠᠷ ᠢᠶᠠᠨ ᠳᠤᠮᠳᠠᠲᠤ ᠮᠤᠩᠭᠤᠯ ᠤᠨ ᠤᠷᠠᠯᠢᠭ ᠤᠨ ᠠᠵᠢᠯᠲᠠᠨ ᠤ ᠰᠠᠭᠤᠳᠠᠯ ᠤᠨ ᠬᠤᠷᠠᠯ ᠬᠢᠵᠤ᠂ ᠲᠤᠭᠯᠠᠯᠲᠠ ᠶᠢᠨ ᠪᠠᠶᠢᠳᠠᠯ᠂ ᠤᠷᠠᠯᠢᠭ ᠤᠨ ᠵᠤᠬᠢᠶᠠᠨ ᠪᠦᠲᠦᠭᠡᠯᠲᠡ᠂ ᠬᠤᠶᠢᠰᠢᠲᠠ ᠶᠢᠨ ᠬᠤᠶᠠᠷ ᠲᠠᠯ᠎ᠠ ᠶᠢᠨ ᠰᠤᠯᠢᠯᠴᠠᠭ᠎ᠠ ᠬᠠᠮᠵᠢᠯᠴᠠᠭ᠎ᠠ ᠶᠢᠨ ᠰᠠᠨᠠᠮᠵᠢ ᠵᠡᠷᠭᠡ ᠠᠭᠤᠯᠭ᠎ᠠ ᠶᠢᠨ ᠲᠤᠭᠤᠷᠢᠨ ᠳᠤ ᠰᠢᠨᠵᠢᠯᠡᠨ ᠰᠤᠳᠤᠯᠬᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号