2015 ᠣᠨ ᠤ ᠪᠦᠬᠦ ᠣᠷᠣᠨ ᠤ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢᠳ ᠤᠨ ᠰᠠᠶᠢᠨ ᠳᠣᠷᠠᠴᠤᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ | ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠬᠦᠷᠭᠡᠬᠦ︾ ᠨᠡᠶᠢᠭᠡᠮ ᠤᠨ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠬᠢᠯᠡᠬᠦ ᠶᠣᠰᠣᠯᠠᠯ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠫᠸᠡᠭ ᠰᠢᠨ ᠠᠵᠢᠯᠯᠠᠭ᠎ᠠ ᠡᠬᠢᠯᠡᠬᠦ | ᠶᠣᠰᠣᠯᠠᠯ ᠳᠤ ᠣᠷᠣᠯᠴᠠᠨ ᠦᠢᠯᠡᠴᠢᠯᠡᠭᠡᠨ ᠤ ᠠᠩᠭᠢ ᠳᠤ ᠲᠤᠭ ᠣᠯᠭᠤᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠳᠡᠭᠡᠳᠦ ᠰᠤᠷᠭᠠᠭᠤᠯᠢ ᠶᠢᠨ ᠠᠵᠢᠯᠯᠠᠬᠤ ᠬᠤᠷᠢᠶ᠎ᠠ ᠶᠢᠨ ᠱᠦᠵᠢ᠂ ᠰᠤᠷᠭᠠᠨ | ᠬᠥᠮᠦᠵᠢᠯ ᠤᠨ ᠲᠢᠩᠬᠢᠮ ᠤᠨ ᠳᠠᠷᠤᠭ᠎ᠠ ᠾᠧᠦ ᠶᠤᠸᠠᠨ᠂ ᠥᠪᠡᠷᠲᠡᠭᠡᠨ ᠵᠠᠰᠠᠬᠤ ᠣᠷᠣᠨ ᠤ ᠤᠬᠠᠭᠤᠯᠬᠤ ᠬᠡᠯᠲᠡᠰ ᠤᠨ | ᠳᠡᠳ᠋ ᠳᠠᠷᠤᠭ᠎ᠠ ᠵᠠᠩ ᠲᠠᠢ ᠫᠢᠩ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠱᠦᠵᠢ ᠴᠠᠩ ᠴᠢᠩ᠂ | ᠡᠪᠯᠡᠯ ᠤᠨ ᠬᠤᠷᠢᠶ᠎ᠠ ᠶᠢᠨ ᠳᠡᠳ᠋ ᠱᠦᠵᠢ ᠴᠧᠨ ᠰᠢᠶᠤᠤ ᠳ᠋ᠦᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠦ᠋ ᠵᠢᠶᠠᠨ ᠭᠠᠩ᠂ ᠰᠤᠷᠭᠠᠭᠤᠯᠢ ᠶᠢᠨ ᠵᠠᠬᠢᠷᠤᠯ ᠸᠠᠩ ᠸᠠᠨ | ᠢ ᠪᠣᠯᠣᠨ ᠨᠠᠮ ᠤᠨ ᠬᠤᠷᠢᠶ᠎ᠠ ᠶᠢᠨ ᠳᠡᠳ᠋ ᠱᠦᠵᠢ ᠾᠧᠦ ᠴᠧᠨ ᠰᠢ ᠠᠵᠢᠯᠯᠠᠭ᠎ᠠ ᠡᠬᠢᠯᠡᠬᠦ ᠶᠣᠰᠣᠯᠠᠯ ᠳᠤ | ᠣᠷᠣᠯᠴᠠᠪᠠ᠃ ᠴᠠᠩ ᠴᠢᠩ ᠡᠬᠢᠯᠡᠬᠦ ᠶᠣᠰᠣᠯᠠᠯ ᠳᠡᠭᠡᠷ᠎ᠡ ᠦᠭᠡ ᠬᠡᠯᠡᠪᠡ᠃ ᠲᠡᠷᠡ ᠥᠷᠭᠡᠨ ᠣᠯᠠᠨ | ᠰᠠᠶᠢᠨ ᠳᠤᠷᠠᠴᠤᠳ ᠦᠨᠳᠦᠰᠦᠨ ᠱᠠᠲᠤᠨ ᠳᠤ ᠭᠦᠨᠵᠡᠭᠡᠶᠢᠷᠡᠨ ᠬᠤᠲᠠ ᠬᠥᠳᠡᠭᠡ ᠶᠢᠨ ᠳᠦᠷᠰᠦ ᠪᠠᠶᠢᠳᠠᠯ ᠤᠨ | ᠯᠤᠲᠤ ᠶᠡᠭᠡ ᠬᠤᠪᠢᠷᠠᠯᠲᠠ ᠶᠢ ᠤᠯᠠᠮ ᠨᠢᠭᠡ ᠠᠯᠬᠤᠮ ᠣᠶᠢᠯᠠᠭᠠᠨ ᠠᠪᠴᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠭᠤᠣᠯᠳᠠᠯᠭ᠎ᠠ ᠲᠠᠢ ᠢᠨᠵᠧᠨᠧᠷᠢᠩ ᠪᠣᠯᠣᠨ ᠭᠤᠣᠯᠳᠠᠯᠭ᠎ᠠ ᠲᠠᠢ ᠲᠥᠷᠥᠯ | ᠵᠦᠢᠯ ᠢ ᠲᠦᠯᠬᠢᠨ ᠠᠬᠢᠭᠤᠯᠤᠭᠠᠳ ᠠᠷᠠᠳ ᠣᠯᠠᠨ ᠤ ᠠᠮᠢᠳᠤᠷᠠᠯ ᠢ ᠯᠤᠲᠤ ᠶᠡᠭᠡ ᠬᠤᠪᠢᠷᠠᠯᠲᠠ ᠲᠠᠢ | ᠪᠣᠯᠭᠠᠭᠰᠠᠨ ᠢ ᠣᠶᠢᠯᠠᠭᠠᠨ ᠠᠪᠴᠣ᠂ ᠨᠡᠶᠢᠭᠡᠮ ᠤᠨ ᠦᠢᠯᠡᠳᠦᠯᠭᠡ ᠶᠢᠨ ᠳᠤᠮᠳᠠ ᠥᠪᠥᠷ ᠮᠣᠩᠭᠤᠯ ᠢᠶᠠᠨ ᠬᠠᠶᠢᠷᠠᠯᠠᠬᠤ | ᠂ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ ᠣᠷᠬᠢᠯᠤᠮ᠎ᠠ ᠬᠠᠯᠠᠭᠤᠨ ᠰᠡᠳᠬᠢᠯᠭᠡ ᠪᠠᠨ ᠬᠦᠭᠵᠢᠭᠡᠨ᠂ ᠡᠬᠡ | ᠣᠷᠣᠨ ᠤ ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠦᠵᠡᠮᠵᠢᠲᠦ ᠣᠷᠣᠨ ᠢ ᠪᠦᠲᠦᠭᠡᠨ ᠪᠠᠶᠢᠭᠤᠯᠬᠤ ᠶᠢᠨ | ᠲᠥᠯᠥᠭᠡ ᠴᠢᠷᠮᠠᠶᠢᠨ ᠲᠡᠮᠡᠴᠡᠬᠦ ᠠᠯᠤᠰ ᠤᠨ ᠬᠦᠰᠡᠯ ᠵᠣᠷᠢᠯᠲᠠ ᠶᠢ ᠪᠣᠢ ᠪᠣᠯᠭᠠᠨ᠂ ᠨᠡᠶᠢᠭᠡᠮ ᠳᠤ ᠦᠢᠯᠡᠴᠢᠯᠡᠬᠦ᠂ | ᠣᠯᠠᠨ ᠲᠦᠮᠡᠨ ᠳᠤ ᠦᠢᠯᠡᠴᠢᠯᠡᠬᠦ ᠶᠠᠪᠤᠴᠠ ᠳᠤ ᠡᠬᠡ ᠣᠷᠣᠨ ᠢᠶᠠᠨ ᠬᠠᠶᠢᠷᠠᠯᠠᠬᠤ ᠰᠡᠳᠬᠢᠯᠭᠡ᠂ ᠡᠬᠡ ᠤᠯᠤᠰ ᠲᠠᠭᠠᠨ | ᠬᠦᠴᠦ ᠪᠠᠨ ᠡᠷᠭᠦᠬᠦ ᠬᠦᠰᠡᠯ ᠵᠣᠷᠢᠯᠲᠠ ᠪᠠᠨ ᠮᠠᠨ ᠤ ᠣᠷᠣᠨ ᠳᠤ ᠦᠢᠯᠡᠴᠢᠯᠡᠬᠦ᠂ ᠭᠡᠷ ᠣᠷᠣᠨ ᠢᠶᠠᠨ ᠪᠦᠲᠦᠭᠡᠨ | ᠪᠠᠶᠢᠭᠤᠯᠬᠤ ᠪᠤᠳᠠᠳᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ | ᠵᠠᠯᠠᠭᠤ ᠰᠤᠷᠤᠭᠴᠢᠳ ᠤᠨ ᠤᠯᠤᠰ ᠤᠨ ᠪᠠᠶᠢᠳᠠᠯ ᠨᠡᠶᠢᠭᠡᠮ ᠤᠨ ᠪᠠᠶᠢᠳᠠᠯ ᠢ ᠣᠶᠢᠯᠠᠭᠠᠬᠤ᠂ ᠦᠨᠳᠦᠰᠦᠨ ᠱᠠᠲᠤᠨ ᠤ | ᠪᠠᠶᠢᠳᠠᠯ ᠢ ᠮᠡᠳᠡᠬᠦ ︽ᠣᠶᠢᠯᠠᠭᠠᠬᠤ ᠠᠶᠠᠯᠠᠯ︾᠂ ᠦᠨᠳᠦᠰᠦᠨ ᠱᠠᠲᠤᠨ ᠤ ᠠᠵᠢᠯ ᠢ ᠰᠤᠷᠤᠯᠴᠠᠬᠤ᠂ ᠦᠨᠳᠦᠰᠦᠨ | ᠱᠠᠲᠤᠨ ᠤ ᠠᠰᠠᠭᠤᠳᠠᠯ ᠢ ᠰᠢᠢᠳᠪᠦᠷᠢᠯᠡᠬᠦ ︽ᠮᠡᠳᠡᠯᠭᠡ ᠣᠯᠬᠤ ᠠᠶᠠᠯᠠᠯ︾᠂ ᠵᠣᠷᠢᠭ ᠢᠶᠠᠨ ᠬᠠᠲᠠᠭᠤᠵᠢᠭᠤᠯᠬᠤ᠂ | ᠲᠤᠷᠰᠢᠯᠭ᠎ᠠ ᠬᠤᠷᠠᠮᠳᠤᠭᠤᠯᠬᠤ᠂ ᠠᠪᠢᠶᠠᠰ ᠴᠢᠳᠠᠪᠤᠷᠢ ᠪᠠᠨ ᠨᠡᠮᠡᠭᠳᠡᠭᠦᠯᠬᠦ ︽ᠣᠯᠤᠯᠲᠠ ᠶᠢᠨ ᠠᠶᠠᠯᠠᠯ︾ | ᠪᠣᠯᠭᠠᠬᠤ ᠶᠢ ᠬᠦᠰᠡᠵᠦ ᠪᠠᠶᠢᠨ᠎ᠠ ᠬᠡᠵᠡᠢ᠃ | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠯᠢᠦᠶ ᠰᠢ ᠵᠧᠨ | ᠬᠠᠪᠰᠤᠷᠤᠨ ᠵᠢᠯᠣᠭᠤᠳᠬᠤ ᠪᠠᠭᠰᠢ ᠶᠢᠨ ᠲᠥᠯᠥᠭᠡᠯᠡᠭᠴᠢ ᠪᠣᠯᠤᠭᠰᠠᠨ ᠤ ᠬᠤᠪᠢ ᠳᠤ ᠥᠪᠡᠷ ᠤᠨ ᠭᠦᠨ | ᠣᠶᠢᠯᠠᠭᠠᠯᠲᠠ ᠪᠠᠨ ᠶᠠᠷᠢᠪᠠ᠂ ᠲᠡᠭᠦᠨ ᠤ ᠦᠵᠡᠬᠦ ᠪᠠᠷ ᠵᠤᠨ ᠤ ᠠᠮᠠᠷᠠᠯᠲᠠ ᠶᠢᠨ ᠬᠤᠭᠤᠴᠠᠭᠠᠨ ᠤ ︽ᠭᠤᠷᠪᠠ ᠶᠢ | ᠬᠥᠳᠡᠭᠡ ᠬᠦᠷᠭᠡᠬᠦ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠪᠣᠯ ᠶᠡᠭᠡ ᠰᠤᠷᠭᠠᠭᠤᠯᠢ ᠳᠤᠮᠳᠠ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ︽ᠦᠨᠳᠦᠰᠦᠨ ᠱᠠᠲᠤᠨ ᠳᠤ ᠦᠢᠯᠡᠴᠢᠯᠡᠬᠦ᠂ | ᠨᠡᠶᠢᠭᠡᠮ ᠳᠤ ᠦᠢᠯᠡᠴᠢᠯᠡᠬᠦ᠂ ᠬᠥᠮᠦᠵᠢᠯ ᠬᠦᠷᠲᠡᠬᠦ᠂ ᠠᠪᠢᠶᠠᠰ ᠴᠢᠳᠠᠪᠤᠷᠢ ᠪᠠᠨ ᠨᠡᠮᠡᠭᠳᠡᠭᠦᠯᠬᠦ᠂ ᠬᠦᠴᠦᠨ | ᠴᠢᠳᠠᠯ ᠢᠶᠠᠨ ᠡᠷᠬᠦᠬᠦ︾ ᠴᠢᠬᠤᠯᠠ ᠠᠷᠭ᠎ᠠ ᠵᠠᠮ ᠪᠠᠶᠢᠵᠤ᠂ ᠠᠩᠬᠠᠨ ᠤ ᠬᠢᠴᠢᠶᠡᠯ ᠬᠥᠮᠦᠵᠢᠯ ᠤᠨ ᠪᠦᠲᠦᠮᠵᠢᠲᠡᠶ | ᠨᠥᠬᠦᠪᠥᠷᠢ ᠬᠢᠭᠡᠳ ᠤᠷᠲᠤᠳᠬᠠᠯ ᠮᠥᠨ᠂ ᠣᠶᠣᠲᠡᠳ ᠤᠨ ᠡᠷᠡᠭᠦᠯ ᠢᠶᠠᠷ ᠥᠰᠦᠨ ᠪᠤᠶᠢᠵᠢᠬᠤ ᠂ ᠡᠶ᠎ᠡ ᠵᠣᠬᠢᠴᠠᠯ ᠲᠠᠢ | ᠬᠥᠭᠵᠢᠬᠦ ᠶᠢᠨ ᠵᠠᠶᠢᠯᠠᠰᠢ ᠦᠭᠡᠶ ᠵᠠᠮᠨᠠᠬᠤ ᠵᠠᠮ ᠪᠣᠯᠣᠨ᠎ᠠ ᠭᠡᠵᠡᠢ᠃ ᠨᠡᠶᠢᠭᠡᠮ ᠤᠨ ᠦᠢᠯᠡᠳᠦᠯᠭᠡ ᠪᠠᠷ ᠳᠠᠮᠵᠢᠭᠤᠯᠤᠨ᠂ | ᠰᠤᠷᠤᠭᠴᠢᠳ ᠲᠤ ᠦᠵᠡᠯ ᠰᠠᠨᠠᠭᠠᠨ ᠤ ᠲᠠᠯ᠎ᠠ ᠪᠠᠷ ᠬᠠᠲᠠᠭᠤᠵᠢᠨ᠂ ᠪᠡᠶ᠎ᠡ ᠰᠡᠳᠬᠢᠯ ᠤᠨ ᠲᠠᠯ᠎ᠠ ᠪᠠᠷ ᠳᠠᠪᠲᠠᠭᠳᠠᠨ | ᠪᠣᠯᠪᠠᠰᠤᠷᠠᠵᠤ᠂ ᠦᠢᠯᠡᠳᠦᠯᠭᠡ ᠶᠢᠨ ᠳᠤᠮᠳᠠ ᠠᠪᠢᠶᠠᠰ ᠴᠢᠳᠠᠪᠤᠷᠢ ᠪᠠᠨ ᠨᠡᠮᠡᠭᠳᠡᠭᠦᠯᠦᠨ᠂ ᠦᠢᠯᠡᠴᠢᠯᠡᠬᠦ ᠳᠤᠮᠳᠠ | ᠣᠶᠣᠨ ᠪᠢᠯᠢᠭ ᠢᠶᠠᠨ ᠡᠷᠬᠦᠨ ᠵᠣᠷᠢᠭᠤᠯᠵᠤ᠂ ᠣᠶᠣᠨ ᠤᠬᠠᠭᠠᠨ ᠬᠦᠴᠦᠨ ᠴᠢᠳᠠᠯ ᠢᠶᠠᠨ ᠭᠠᠷᠭᠠᠬᠤ ᠳᠣᠮᠳᠠ | ᠬᠠᠷᠢᠭᠤᠴᠠᠯᠭ᠎ᠠ ᠶᠢ ᠮᠡᠳᠡᠵᠦ᠂ ᠲᠡᠳᠡᠨᠡᠷ ᠤᠨ ᠦᠰᠦᠨ ᠪᠤᠶᠢᠵᠢᠵᠤ ᠠᠯᠬᠤᠮ ᠳᠠᠪᠰᠢᠬᠤ ᠨᠢ ᠪᠢᠳᠡᠨ ᠤ | ᠦᠢᠯᠡᠳᠦᠯᠭᠡ ᠪᠠᠷ ᠳᠠᠮᠵᠢᠭᠤᠯᠤᠨ ᠬᠥᠮᠦᠵᠢᠭᠦᠯᠬᠦ ᠵᠣᠷᠢᠯᠲᠠ ᠶᠢ ᠨᠡᠩ ᠪᠠᠲᠤ ᠪᠣᠯᠭᠠᠵᠤ᠂ ᠪᠢᠳᠡᠨ ᠤ | ᠬᠤᠶᠢᠰᠢᠲᠠ ᠶᠢᠨ ᠡᠨᠡᠬᠦ ᠠᠵᠢᠯᠯᠠᠭ᠎ᠠ ᠶᠢ ᠭᠦᠨᠵᠡᠭᠡᠶ ᠦᠷᠨᠢᠭᠦᠯᠬᠦ ᠢᠲᠡᠭᠡᠯ ᠪᠠ ᠵᠣᠷᠢᠭ ᠢ ᠡᠷᠡᠰ ᠪᠠᠲᠤ ᠪᠣᠯᠭᠠᠪᠠ ᠭᠡᠵᠡᠢ | ᠃ | ᠥᠪᠥᠷ ᠮᠣᠩᠭᠤᠯ ᠤᠨ ᠮᠠ ᠰᠢᠤᠸᠠᠢ ᠷᠤ᠋ ᠰᠤᠷᠤᠭᠴᠢᠳ ᠤᠨ ᠲᠥᠯᠥᠭᠡᠯᠡᠭᠴᠢ ᠶᠢᠨ ᠬᠤᠪᠢ ᠪᠠᠷ ᠦᠭᠡ | ᠬᠡᠯᠡᠪᠡ᠃ ᠲᠡᠷᠡ ᠬᠡᠯᠡᠭᠰᠡᠨ ᠨᠢ᠂ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠪᠣᠯ ᠣᠶᠣᠲᠡᠳ ᠤᠨ ᠬᠡᠪ ᠴᠢᠨᠠᠷ ᠤᠨ | ᠰᠤᠷᠭᠠᠨ ᠬᠥᠮᠦᠵᠢᠯ ᠤᠨ ᠴᠢᠬᠤᠯᠠ ᠠᠴᠢᠶᠠᠯᠠᠪᠤᠷᠢ ᠪᠣᠯᠬᠤ ᠶᠢᠨ ᠵᠡᠷᠭᠡᠪᠡᠷ ᠳᠡᠭᠡᠳᠦ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠠᠮᠢᠳᠤᠯᠢᠭ ᠬᠢᠴᠢᠶᠡᠯ ᠪᠣᠯᠣᠨ᠎ᠠ᠃ ᠡᠪᠯᠡᠯ ᠤᠨ ᠲᠥᠪ | ᠬᠤᠷᠢᠶ᠎ᠠ ᠶᠢᠨ ︽︿ᠰᠢᠮᠳᠠᠨ ᠰᠤᠷᠤᠯᠴᠠᠬᠤ᠂ ᠶᠤᠰᠤ ᠮᠤᠷᠠᠯ ᠲᠠᠢ ᠪᠣᠯᠬᠤ᠂ ᠢᠯᠭᠠᠨ ᠲᠠᠨᠢᠬᠤ᠂ ᠦᠨᠡᠨᠴᠢ | ᠰᠢᠳᠤᠷᠭᠤ ᠪᠠᠶᠢᠬᠤ﹀ ᠶᠢ ᠦᠢᠯᠡᠳᠦᠯᠭᠡᠵᠢᠭᠦᠯᠬᠦ ᠂ ︿ᠳᠥᠷᠪᠡᠨ ᠪᠦᠬᠦ ᠲᠠᠯ᠎ᠠ﹀ ᠳᠤ ᠣᠷᠣᠯᠴᠠᠬᠤ︾ ᠪᠠ | ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ︽ᠯᠣᠲᠤ ᠶᠡᠭᠡ ᠬᠤᠪᠢᠷᠠᠯᠲᠠ ᠶᠢ ᠣᠶᠢᠯᠠᠭᠠᠨ᠂ | ᠴᠢᠳᠠᠪᠤᠷᠢᠲᠠᠨ ᠪᠣᠯᠬᠤ ᠪᠠᠷ ᠬᠦᠴᠦᠯᠡᠨ ᠴᠢᠷᠮᠠᠶᠢᠬᠤ︾ ᠪᠠᠷ ᠭᠤᠣᠯ ᠰᠡᠳᠦᠪ ᠪᠣᠯᠭᠠᠭᠰᠠᠨ ᠦᠢᠯᠡᠳᠦᠯᠭᠡ ᠶᠢᠨ | ᠠᠵᠢᠯᠯᠠᠭ᠎ᠠ ᠶᠢᠨ ᠵᠢᠯᠣᠭᠤᠳᠣᠯᠭ᠎ᠠ ᠳᠣᠣᠷ᠎ᠠ᠂ ᠪᠢᠳᠡ ᠵᠠᠪᠠᠯ ᠲᠠᠩᠭᠠᠷᠢᠭ ᠢᠶᠠᠨ ᠭᠦᠢᠴᠡᠳᠬᠡᠵᠦ᠂ ︽ᠳᠥᠷᠪᠡᠨ ᠪᠦᠬᠦ | ᠲᠠᠯ᠎ᠠ︾ ᠶᠢᠨ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠶᠢ ᠰᠤᠷᠤᠯᠴᠠᠨ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ | ᠶᠡᠭᠡ ᠡᠩᠨᠡᠭᠡᠨ ᠳᠤ ᠢᠳᠡᠪᠬᠢᠲᠡᠶ ᠪᠠᠷ ᠣᠷᠣᠯᠴᠠᠵᠤ᠂ ᠦᠨᠳᠦᠰᠦᠨ ᠱᠠᠲᠤᠨ ᠳᠤ ᠴᠤᠭ ᠵᠢᠪᠬᠤᠭ᠎ᠠ ᠪᠠᠨ ᠪᠠᠳᠠᠷᠠᠭᠤᠯᠤᠨ | ᠂ ᠣᠶᠤᠨ ᠪᠢᠯᠢᠭ ᠢᠶᠠᠨ ᠵᠣᠷᠢᠭᠤᠯᠵᠤ᠂ ᠬᠦᠴᠦᠨ ᠴᠢᠳᠠᠯ ᠢᠶᠠᠨ ᠡᠷᠭᠦᠵᠦ᠂ ᠰᠠᠬᠢᠯᠭ᠎ᠠ ᠪᠠᠲᠤ ᠶᠢ ᠵᠢᠷᠤᠮᠯᠠᠨ᠂ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠯᠬᠦᠮᠳᠡᠨ ᠬᠠᠮᠵᠢᠯᠴᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠨ᠎ᠠ | ᠭᠡᠵᠡᠢ᠃ | ᠬᠤᠷᠠᠯ ᠳᠤ ᠣᠷᠣᠯᠴᠠᠭᠰᠠᠨ ᠤᠳᠤᠷᠢᠳᠤᠯᠭ᠎ᠠ 8 ᠰᠠᠯᠠᠭ᠎ᠠ ᠭᠤᠣᠯᠳᠠᠯᠭ᠎ᠠ ᠲᠠᠢ ᠦᠢᠯᠡᠴᠢᠯᠡᠭᠡᠨ ᠤ | ᠠᠩᠭᠢ ᠶᠢᠨ ᠳᠠᠷᠤᠭ᠎ᠠ ᠳᠤ ᠲᠤᠭ ᠣᠯᠭᠤᠪᠠ᠃ ᠡᠪᠯᠡᠯ ᠤᠨ ᠲᠤᠭ᠂ ᠦᠢᠯᠡᠴᠢᠯᠡᠭᠡᠨ ᠤ ᠠᠩᠭᠢ ᠶᠢᠨ ᠲᠤᠭ | ᠲᠠᠶᠢᠰᠠᠨ ᠳᠡᠭᠡᠷ᠎ᠡ ᠳᠣᠣᠷ᠎ᠠ ᠨᠠᠮᠢᠷᠠᠨ ᠬᠡᠶᠢᠰᠴᠦ᠂ 800 ᠭᠠᠷᠤᠶ ᠭᠡᠰᠢᠭᠦᠳ ᠡᠪᠯᠡᠯ ᠤᠨ ᠲᠤᠭ᠂ ᠠᠩᠭᠢ ᠶᠢᠨ | ᠲᠤᠭ ᠤᠨ ᠡᠮᠦᠨ᠎ᠡ ᠰᠡᠳᠬᠢᠯ ᠳᠣᠭᠳᠤᠯᠤᠮ᠎ᠠ ᠬᠠᠮᠲᠤ ᠶᠢᠨ ᠲᠠᠩᠭᠠᠷᠢᠭ ᠬᠢᠪᠡ᠃ ᠡᠭᠦᠨ ᠤ ᠳᠠᠷᠠᠭ᠎ᠠ ᠂ | ᠨᠢᠭᠡᠳᠦᠭᠡᠷ ᠰᠠᠯᠠᠭ᠎ᠠ ︽ᠲᠦᠮᠡᠨ ᠬᠥᠮᠦᠨ ᠮᠢᠩᠭᠠᠨ ᠭᠠᠴᠠᠭ᠎ᠠ ᠵᠠᠭᠤᠨ ᠰᠢᠶᠠᠨ ᠳᠤ ᠠᠷᠪᠠ ᠪᠠᠷ ᠪᠦᠬᠦᠨ ᠢ ᠬᠠᠮᠤᠷᠬᠤ︾ | ᠪᠠᠶᠢᠴᠠᠭᠠᠨ ᠰᠤᠳᠤᠯᠤᠯᠲᠠ ᠬᠢᠵᠦ ᠤᠬᠠᠭᠤᠯᠬᠤ ᠪᠦᠯᠬᠦᠮ ᠦᠴᠦᠸᠠᠨ ᠳᠤ ᠬᠦᠷᠴᠦ ︽ ᠠᠷᠪᠠ ᠪᠠᠷ ᠪᠦᠬᠦᠨ ᠢ | ᠬᠠᠮᠤᠷᠬᠤ︾ ᠶᠢᠨ ᠪᠠᠶᠢᠴᠠᠭᠠᠨ ᠰᠤᠳᠤᠯᠤᠯᠲᠠ ᠬᠢᠬᠦ ᠪᠣᠯᠣᠨ᠎ᠠ᠃ | ᠣᠶᠢᠯᠠᠭᠠᠭᠰᠠᠨ ᠢᠶᠠᠷ᠂ ᠵᠠᠯᠭᠠᠭᠠᠳ ᠬᠤᠶᠠᠷ ᠰᠠᠷ᠎ᠠ ᠶᠢᠨ ᠬᠤᠭᠤᠴᠠᠭᠠᠨ ᠳᠤ᠂ ᠤᠯᠤᠰ ᠤᠨ ᠱᠠᠲᠤᠨ ᠤ | ᠭᠤᠤᠯᠳᠠᠯᠭ᠎ᠠ ᠲᠠᠢ ᠦᠢᠯᠡᠴᠢᠯᠡᠭᠡᠨ ᠤ 28 ᠰᠠᠯᠠᠭ᠎ᠠ ᠪᠦᠯᠬᠦᠮ ᠨᠡᠶᠢᠲᠡ᠂ ᠦᠪᠡᠷᠳᠡᠭᠡᠨ ᠵᠠᠰᠠᠬᠤ ᠤᠷᠤᠨ ᠤ | ᠱᠠᠲᠤᠨ ᠤ ᠭᠤᠤᠯᠳᠠᠯᠭ᠎ᠠ ᠲᠠᠢ ᠦᠢᠯᠡᠴᠢᠯᠡᠭᠡᠨ ᠤ 120 ᠰᠠᠯᠠᠭ᠎ᠠ ᠪᠦᠯᠬᠦᠮ ᠨᠡᠶᠢᠲᠡ᠂ ᠰᠤᠷᠭᠠᠭᠤᠯᠢ ᠶᠢᠨ ᠱᠠᠲᠤ᠂ | ᠳᠡᠭᠡᠳᠦ ᠰᠤᠷᠭᠠᠭᠤᠯᠢ ᠶᠢᠨ ᠰᠠᠯᠪᠤᠷᠢ ᠶᠢᠨ ᠱᠠᠲᠤᠨ ᠤ ᠭᠤᠤᠯᠳᠠᠯᠭ᠎ᠠ ᠲᠠᠢ ᠦᠢᠯᠡᠴᠢᠯᠡᠭᠡᠨ ᠤ 372 ᠰᠠᠯᠠᠭ᠎ᠠ | ᠪᠦᠯᠬᠦᠮ ᠨᠡᠶᠢᠲᠡ᠂ ᠵᠢᠴᠢ ᠰᠠᠯᠪᠤᠷᠢ ᠪᠠᠭ᠎ᠠ ᠠᠩᠬᠢ ᠪᠠ ᠬᠤᠪᠢ ᠬᠦᠮᠤᠨ ᠢ ᠵᠡᠷᠭᠡ ᠥᠪᠥᠷ ᠮᠣᠩᠭᠤᠯ ᠤᠨ | ᠰᠤᠷᠭᠠᠭᠤᠯᠢ ᠶᠢᠨ ᠱᠠᠲᠤᠨ ᠠᠴᠠ ᠳᠡᠭᠡᠭᠰᠢ ᠭᠤᠣᠯᠳᠠᠯᠭ᠎ᠠ ᠲᠠᠢ ᠦᠢᠯᠡᠴᠢᠯᠡᠭᠡᠨ ᠤ 520 ᠪᠦᠯᠬᠦᠮ ᠨᠡᠶᠢᠲᠡ | ᠵᠡᠷᠭᠡ ᠶᠢ ᠪᠠᠭᠲᠠᠭᠠᠭᠰᠠᠨ 6500 ᠰᠢᠬᠠᠮ ᠰᠠᠯᠠᠭ᠎ᠠ ᠦᠢᠯᠡᠴᠢᠯᠡᠭᠡᠨ ᠤ ᠪᠦᠯᠬᠦᠮ ᠨᠡᠶᠢᠲᠡ ᠶᠢᠨ ᠶᠡᠭᠡ | ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠪᠠᠷᠤᠭ 30 ᠢᠯᠡᠭᠦᠦ ᠲᠦᠮᠡ | ᠰᠤᠷᠤᠭᠴᠢ ᠵᠠᠯᠭᠠᠪᠡᠷ ᠲᠠᠷᠢᠶᠠᠯᠠᠬᠤ ᠮᠠᠯᠵᠢᠬᠤ ᠣᠷᠣᠨ᠂ ᠵᠡᠭᠡᠯᠢ ᠭᠤᠳᠤᠮᠵᠢ ᠶᠢᠨ ᠨᠡᠶᠢᠭᠡᠮ ᠤᠨ ᠲᠣᠭᠤᠷᠢᠭ᠂ | ᠦᠢᠯᠡᠳᠪᠦᠷᠢ ᠠᠭᠤᠷᠬᠠᠶ ᠠᠵᠤ ᠠᠬᠤᠶᠢᠯᠠᠯ᠂ ᠴᠡᠷᠢᠭ ᠤᠨ ᠬᠤᠸᠠᠷᠠᠨ ᠬᠠᠷᠠᠭᠤᠯ ᠤᠨ ᠭᠠᠵᠠᠷ᠂ ᠬᠤᠪᠢᠰᠬᠠᠯ ᠤᠨ | ᠭᠤᠯᠣᠮᠲᠠ ᠪᠠ ᠦᠨᠳᠦᠰᠦᠨ ᠱᠠᠲᠤᠨ ᠤ ᠣᠯᠠᠨ ᠲᠦᠮᠡᠨ ᠤ ᠳᠤᠮᠳᠠ ᠬᠦᠷᠴᠦ᠂ ︽ᠯᠣᠲᠤ ᠶᠡᠭᠡ ᠬᠤᠪᠢᠷᠠᠯᠲᠠ ᠶᠢ | ᠣᠶᠢᠯᠠᠭᠠᠨ᠂ ᠴᠢᠳᠠᠪᠤᠷᠢᠲᠠᠨ ᠪᠣᠯᠬᠤ ᠪᠠᠷ ᠬᠦᠴᠦᠯᠡᠨ ᠴᠢᠷᠮᠠᠶᠢᠬᠤ︾ ᠪᠠᠷ ᠭᠤᠣᠯ ᠰᠡᠳᠦᠪ ᠪᠣᠯᠭᠠᠨ᠂ ︽ᠲᠦᠮᠡᠨ | ᠬᠥᠮᠦᠨ ᠮᠢᠩᠭᠠᠨ ᠭᠠᠴᠠᠭ᠎ᠠ ᠵᠠᠭᠤᠨ ᠰᠢᠶᠠᠨ ᠳᠤ ᠠᠷᠪᠠ ᠪᠠᠷ ᠪᠦᠬᠦᠨ ᠢ ᠬᠠᠮᠤᠷᠬᠤ︾ ᠶᠢᠨ ᠪᠠᠶᠢᠴᠠᠭᠠᠨ | ᠰᠤᠳᠤᠯᠤᠯᠲᠠ ᠬᠢᠵᠦ ᠤᠬᠠᠭᠤᠯᠬᠤ ᠪᠦᠯᠬᠦᠮ᠂ ︽ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶ᠎ᠠ︾ | ᠶᠢ ᠰᠤᠷᠤᠯᠴᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ᠂ ︽ᠳᠥᠷᠪᠡᠨ ᠪᠦᠬᠦ ᠲᠠᠯ᠎ᠠ︾ ᠶᠢ ᠠᠵᠢᠭᠯᠠᠨ | ᠪᠠᠶᠢᠴᠠᠭᠠᠬᠤ ᠪᠦᠯᠬᠦᠮ ᠵᠡᠷᠭᠡ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ | ᠰᠤᠷᠤᠭᠴᠢᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ᠨᠡᠶᠢᠭᠡᠮ ᠤᠨ ᠦᠢᠯᠡᠳᠦᠯᠭᠡ ᠳᠤ ᠣᠷᠣᠯᠴᠠᠬᠤ ᠰᠠᠶᠢᠨ | ᠳᠤᠷ᠎ᠠ ᠶᠢᠨ10 ᠲᠥᠷᠥᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠦᠷᠨᠢᠭᠦᠯᠬᠦ ᠪᠠᠷ ᠪᠠᠶᠢᠨ᠎ᠠ᠃ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠡᠯ᠎ᠡ ᠳᠡᠭᠡᠳᠦ ᠰᠤᠷᠭᠠᠭᠤᠯᠢ ᠪᠠᠷ ᠪᠦᠷᠢᠯᠳᠦᠭᠰᠡᠨ 70 | ᠭᠠᠷᠤᠶ ᠰᠠᠯᠠᠭ᠎ᠠ ᠦᠢᠯᠡᠴᠢᠯᠡᠭᠡᠨ ᠤ ᠠᠩᠭᠢ ᠲᠣᠮᠢᠯᠠᠨ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠪᠣᠯᠣᠨ᠎ᠠ᠃ | |