ᠥᠪᠥᠷ ᠮᠣᠩᠭᠤᠯ ᠵᠢᠩᠬᠢᠨᠢ ᠠᠩᠭᠢ ᠶᠢᠨ ᠳᠡᠭᠡᠳᠦ ᠵᠡᠷᠭᠡ ᠶᠢᠨ ᠰᠤᠷᠭᠠᠭᠤᠯᠢ ᠪᠣᠯᠣᠨ ᠠᠵᠤ ᠠᠬᠤᠶᠢᠯᠠᠯ ᠬᠤᠷᠰᠢᠯᠴᠠᠨ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠪᠠᠷ ᠪᠤᠢ
ᠨᠡᠶᠢᠲᠡᠯᠡᠭᠰᠡᠨ ᠴᠠᠭ᠄
2015/7/8
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠩᠬᠢᠨᠢ ᠠᠩᠭᠢ ᠶᠢᠨ ᠳᠡᠭᠡᠳᠦ ᠵᠡᠷᠭᠡ ᠶᠢᠨ ᠰᠤᠷᠭᠠᠭᠤᠯᠢ ᠪᠣᠯᠤᠨ ᠠᠵᠤ ᠠᠬᠤᠶᠢᠯᠠᠯ ᠬᠤᠷᠰᠢᠯᠴᠠᠨ ᠡᠷᠬᠢᠯᠡᠭᠰᠡᠨ ᠰᠤᠷᠭᠠᠭᠤᠯᠢ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠣᠷᠴᠢᠮᠬᠠᠨ ︽ᠪᠦᠬᠦ ᠣᠷᠣᠨ ᠤ ᠵᠢᠩᠬᠢᠨᠢ ᠠᠩᠭᠢ ᠶᠢᠨ ᠳᠡᠭᠡᠳᠦ ᠵᠡᠷᠭᠡ ᠶᠢᠨ ᠰᠤᠷᠭᠠᠭᠤᠯᠢ ᠪᠣᠯᠤᠨ ᠠᠵᠤ ᠠᠬᠤᠶᠢᠯᠠᠯ  ᠬᠤᠷᠰᠢᠯᠴᠠᠨ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠵᠢᠷᠤᠮᠵᠢᠭᠤᠯᠬᠤ ᠪᠠ ᠲᠣᠬᠢᠷᠠᠭᠤᠯᠬᠤ ᠲᠣᠬᠠᠢ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢᠳᠬᠡᠯ ᠦᠰᠦᠭ ﹇2015﹈ 599 ᠳ᠋ᠦ᠋ᠭᠡᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠪᠣᠯᠣᠨ ᠠᠵᠤ ᠠᠬᠤᠶᠢᠯᠠᠯ ᠬᠤᠷᠰᠢᠯᠴᠠᠨ ᠡᠷᠬᠢᠯᠡᠭᠰᠡᠨ ᠰᠤᠷᠭᠠᠭᠤᠯᠢ ᠶᠢᠨ  ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠨᠢᠭᠡᠳᠦᠯᠲᠡᠢ ᠳᠣᠷᠣᠭᠰᠢᠯᠠᠭᠤᠯᠪᠠ᠂ ᠭᠤᠣᠯ ᠠᠭᠤᠯᠭ᠎ᠠ ᠨᠢ ᠳᠣᠣᠷᠠᠬᠢ ᠮᠡᠲᠦ᠄ ᠨᠢᠭᠡ᠂ ᠡᠯ᠎ᠡ ᠵᠢᠩᠬᠢᠨᠢ ᠠᠩᠭᠢ ᠶᠢᠨ ᠳᠡᠭᠡᠳᠦ ᠵᠡᠷᠭᠡ ᠶᠢᠨ ᠰᠤᠷᠭᠠᠭᠤᠯᠢ ᠪᠣᠯᠤᠨ ᠠᠵᠤ ᠠᠬᠤᠶᠢᠯᠠᠯ ᠬᠤᠷᠰᠢᠯᠴᠠᠨ ᠡᠷᠭᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠴᠦᠮ ᠰᠤᠷᠤᠭᠴᠢ ᠨᠢᠭᠡᠪᠦᠷᠢ ᠰᠤᠷᠤᠯᠭ᠎ᠠ ᠶᠢᠨ ᠵᠢᠯ ᠪᠦᠷᠢ ᠳᠤ 10000 ᠲᠥᠭᠦᠷᠢᠭ ᠢᠶᠠᠷ ᠬᠤᠷᠢᠶᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ  ᠵᠥᠪᠯᠡᠯ ᠠᠴᠠ ᠬᠡᠰᠡᠭ ᠵᠢᠩᠬᠢᠨᠢ ᠠᠩᠭᠢ ᠶᠢᠨ ᠳᠡᠭᠡᠳᠦ ᠵᠡᠷᠭᠡ ᠶᠢᠨ ᠰᠤᠷᠭᠠᠭᠤᠯᠢ ᠳᠤ ᠵᠥᠪᠰᠢᠶᠡᠷᠡᠭᠰᠡᠨ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠬᠥᠮᠥᠵᠢᠨ ᠪᠣᠯᠪᠠᠰᠤᠷᠠᠭᠤᠯᠤᠯ ᠤᠨ ᠰᠦᠢᠳᠬᠡᠯ ᠢ ᠬᠦᠴᠦᠨ ᠦᠭᠡᠢ ᠪᠣᠯᠭᠠᠨ᠎ᠠ᠃ ᠬᠤᠶᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ  ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ︽ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠵᠡᠷᠭᠡ 13 ᠰᠤᠷᠭᠠᠭᠤᠯᠢ ᠳᠤ ᠰᠤᠷᠤᠯᠭ᠎ᠠ ᠶᠢᠨ ᠬᠤᠪᠢ ᠲᠡᠮᠳᠡᠭᠯᠡᠬᠦ ᠳᠦᠷᠢᠮᠲᠦ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠶ ᠬᠠᠷᠢᠭᠤ ᠵᠠᠬᠢᠳᠠᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢᠳᠬᠡᠯ ᠵᠠᠬᠢᠳᠠᠯ ﹇2015﹈ 132 ᠳ᠋ᠤᠭᠠᠷ ᠲᠣᠭᠠᠳᠤ︶ ᠎ ᠳᠤ  ᠵᠥᠪᠰᠢᠶᠡᠷᠡᠭᠰᠡᠨ ᠰᠤᠷᠤᠯᠭ᠎ᠠ ᠶᠢᠨ ᠬᠤᠪᠢ ᠲᠡᠮᠳᠡᠭᠯᠡᠬᠦ ᠳᠦᠷᠢᠮᠲᠦ ᠰᠦᠢᠳᠬᠡᠯ ᠬᠤᠷᠢᠶᠠᠬᠤ ᠶᠢ ᠵᠥᠪᠰᠢᠶᠡᠷᠡᠭᠰᠡᠨ ᠰᠤᠷᠭᠠᠭᠤᠯᠢ ᠪᠣᠯ᠂ ᠲᠡᠭᠦᠨ ᠤ ᠰᠤᠷᠭᠠᠭᠤᠯᠢ ᠪᠣᠯᠣᠨ ᠠᠵᠤ ᠠᠬᠤᠶᠢᠯᠠᠯ ᠬᠤᠷᠰᠢᠯᠴᠠᠨ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠳᠡᠭᠡᠷ᠎ᠡ ᠳᠤᠷᠠᠳᠤᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠤᠭᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠭᠡᠳ ᠡᠳ᠋ ᠤᠨ ᠵᠠᠰᠠᠭ ᠤᠨ ᠲᠢᠩᠬᠢᠮ ᠠᠴᠠ ᠠᠰ ᠲᠤᠨᠢ ᠴᠣᠬᠤᠯᠠᠪᠤᠷᠢ ᠬᠢᠨ᠎ᠡ᠃ ᠭᠤᠷᠪᠠ᠂ ᠳᠡᠭᠡᠷᠡᠬᠢ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ 2015 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠰᠢᠨ᠎ᠡ ᠬᠠᠭᠤᠴᠢᠨ ᠰᠤᠷᠤᠭᠴᠢ ᠭᠡᠵᠦ ᠢᠯᠭᠠᠯ ᠦᠭᠡᠢ ᠪᠠᠷ ᠨᠢᠭᠡᠳᠦᠯᠲᠡᠶ ᠬᠡᠷᠡᠭᠵᠢᠭᠦᠯᠦᠨ᠎ᠡ᠃ ᠰᠤᠷᠭᠠᠭᠤᠯᠢ ᠪᠣᠯᠣᠨ ᠠᠵᠤ ᠠᠬᠤᠶᠢᠯᠠᠯ ᠤᠨ ᠬᠤᠷᠰᠢᠯᠴᠠᠨ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠤᠭᠰᠠᠨ ᠤ ᠳᠠᠷᠠᠭ᠎ᠠ ᠂ ᠮᠠᠨ ᠤ ᠣᠷᠣᠨ ᠤ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠤᠨ ᠳᠠᠷᠤᠭᠠᠰᠤ ᠶᠢ 1 ᠳ᠋ᠦᠩᠰᠢᠭᠤᠷ ᠲᠥᠭᠦᠷᠢᠭ ᠣᠷᠴᠢᠮ ᠬᠥᠩᠭᠡᠷᠡᠭᠦᠯᠬᠦ ᠪᠣᠯᠤᠨ᠎ᠠ  ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号