ᠥᠪᠥᠷ ᠮᠣᠩᠭᠤᠯ ᠤᠨ 2015 ᠣᠨ ᠤ ︽ᠰᠡᠳᠬᠢᠯ ᠢ ᠳᠤᠯᠠᠭᠠᠯᠠᠬᠤ ᠨᠡᠭᠦᠷᠡᠰᠦ︾᠎ ᠶᠢᠨ ᠢᠨᠵᠧᠨᠧᠷᠢᠩ ᠡᠬᠢᠯᠡᠪᠡ
ᠨᠡᠶᠢᠲᠡᠯᠡᠭᠰᠡᠨ ᠴᠠᠭ᠄
2015/8/11
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢ ᠶᠢᠨ ᠵᠥᠪᠯᠡᠯ 2015 ᠣᠨ ᠤ 7 ᠳ᠋ᠤᠭᠠᠷ ᠰᠠᠷ᠎ᠠ ᠶᠢᠨ ᠡᠬᠢᠨ ᠳᠤ ︽ᠳᠣᠣᠷ᠎ᠠ ᠣᠷᠣᠯᠭ᠎ᠠ ᠲᠠᠢ ᠲᠠᠷᠢᠶᠠᠯᠠᠬᠤ ᠮᠠᠯᠵᠢᠬᠤ ᠡᠷᠦᠬᠡ ᠳᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠬᠠᠩᠭᠠᠬᠤ ᠠᠵᠢᠯ ᠢ ᠰᠠᠶᠢᠳᠤᠷ ᠬᠢᠬᠦ ᠤᠨ ᠲᠤᠬᠠᠶ ᠮᠡᠳᠡᠭᠳᠡᠯ︾᠎ ᠢ ᠪᠠᠭᠤᠯᠭᠠᠪᠠ᠃ ᠲᠡᠭᠦᠨᠴᠢᠯᠡᠨ ᠡᠯ᠎ᠡ ᠭᠠᠵᠠᠷ ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠣᠰᠣᠭᠠᠷ᠂ ᠳᠣᠣᠷ᠎ᠠ ᠣᠷᠣᠯᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠶᠢ ᠬᠢᠨᠠᠨ ᠬᠠᠷᠭᠤᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠥᠭᠬᠦ ᠶᠣᠰᠣᠲᠠᠢ ᠳᠤᠨᠢ ᠪᠦᠷᠢᠨ ᠥᠭᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠲᠣᠭᠲᠠᠭᠠᠭᠰᠠᠨ ᠶᠣᠰᠣᠭᠠᠷ ᠵᠢᠯ ᠳᠤ ᠡᠷᠦᠬᠡ ᠪᠦᠷᠢ ᠳᠤ 600 ᠲᠥᠭᠦᠷᠢᠭ ᠥᠭᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠪᠠᠷᠢᠮᠵᠢᠶ᠎ᠠ ᠶᠢ ᠳᠤᠷ᠎ᠠ ᠪᠠᠷ ᠢᠶᠠᠨ ᠪᠠᠭᠤᠷᠠᠭᠤᠯᠵᠤ ᠪᠣᠯᠬᠤ ᠦᠭᠡᠶ᠂ ᠨᠠᠷᠢᠨ ᠬᠢᠨᠠᠮᠠᠭᠠᠶ ᠬᠢᠨᠠᠨ ᠬᠠᠷᠭᠤᠭᠤᠯᠬᠤ ᠦᠭᠡᠢ ᠪᠠᠷ ᠳᠤᠮᠳᠠᠴᠢ ᠪᠠᠷ ᠬᠤᠪᠢᠶᠠᠷᠢᠯᠠᠬᠤ ᠶᠢ ᠬᠡᠷᠡᠭᠵᠢᠭᠦᠯᠬᠦ ᠵᠡᠷᠭᠡ ᠳᠦᠬᠦᠮ ᠲᠠᠷᠬᠠᠭᠠᠬᠤ ᠠᠷᠭ᠎ᠠ ᠶᠢ ᠵᠣᠭᠰᠤᠭᠠᠬᠤ ᠬᠡᠷᠡᠭᠲᠡᠢ᠃ ᠡᠭᠦᠨ ᠤ ᠬᠠᠮᠲᠤ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ︽ᠬᠡᠪᠰᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ︾ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠵᠤ᠂ ᠲᠠᠷᠬᠠᠭᠠᠬᠤ ᠡᠭᠦᠷᠭᠡ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠢ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠪᠡᠯᠡ ᠮᠥᠩᠭᠦ ᠶᠢ ᠪᠦᠭᠦᠳᠡ ᠶᠢ ᠨᠢ ᠠᠶᠢᠮᠠᠭ ᠬᠤᠲᠠ᠂ ᠬᠤᠰᠢᠭᠤ ᠰᠢᠶᠠᠨ ᠳᠤ ᠰᠢᠯᠵᠢᠭᠦᠯᠦᠨ ᠥᠭᠴᠦ᠂ ᠣᠳᠣ ᠶᠠᠭ ᠲᠠᠷᠬᠠᠭᠠᠬᠤ ᠡᠷᠦᠬᠡ ᠶᠢᠨ ᠲᠤᠭ᠎ᠠ ᠶᠢ ᠬᠢᠨᠠᠨ ᠬᠠᠷᠭᠤᠭᠤᠯᠵᠤ᠂ ᠢᠵᠢ ᠪᠦᠷᠢᠳᠦᠭᠦᠯᠬᠦ ᠪᠡᠯᠡ ᠮᠥᠩᠭᠦ ᠴᠤᠭᠯᠠᠭᠤᠯᠵᠤ ᠪᠤᠢ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢ ᠶᠢᠨ ᠵᠥᠪᠯᠡᠯ 8 ᠳ᠋ᠤᠭᠠᠷ ᠰᠠᠷ᠎ᠠ ᠠᠴᠠ ᠡᠬᠢᠯᠡᠨ ᠠᠷᠪᠠᠨ ᠬᠤᠨᠤᠭ ᠤᠨ ᠲᠣᠬᠢᠷᠠᠭᠤᠯᠬᠤ ᠳᠦᠷᠢᠮ ᠢ ᠪᠠᠶᠢᠭᠤᠯᠵᠤ᠂ ᠡᠯ᠎ᠡ ᠭᠠᠵᠠᠷ ᠣᠷᠣᠨ ᠤ ᠠᠵᠢᠯ ᠤᠨ ᠠᠬᠢᠴᠠ ᠶᠢᠨ ᠪᠠᠶᠢᠳᠠᠯ ᠢ ᠴᠠᠭ ᠢᠮᠠᠭᠲᠠ ᠡᠵᠡᠮᠰᠢᠵᠦ᠂ ᠠᠵᠢᠯ ᠤᠨ ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠳᠤ ᠰᠢᠪᠠᠳᠠᠨ ᠪᠠᠶᠢᠴᠠᠭᠠᠯᠲᠠ ᠶᠠᠪᠤᠭᠤᠯᠬᠤ ᠪᠤᠯᠤᠨ᠎ᠠ᠃ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ 2013 ᠣᠨ ᠠᠴᠠ 2017 ᠣᠨ ᠪᠣᠯᠲᠠᠯ᠎ᠠ᠂ ᠪᠦᠬᠦ ᠣᠷᠣᠨ ᠤ ᠳᠣᠣᠷ᠎ᠠ ᠣᠷᠣᠯᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠳᠤ ᠡᠷᠦᠬᠡ ᠪᠦᠷᠢ ᠳᠤ 1 ᠲᠣᠨ ᠡᠪᠦᠯ ᠤᠨ ᠤᠯᠠᠷᠢᠯ ᠤᠨ ᠳᠤᠯᠠᠭᠠᠯᠠᠭ᠎ᠠ ᠤᠨ ᠨᠡᠭᠦᠷᠡᠰᠦ ᠬᠠᠩᠭᠠᠬᠤ ᠪᠠᠷ ᠲᠣᠭᠲᠠᠭᠰᠠᠨ ᠪᠠᠶᠢᠨ᠎ᠠ᠂ ᠡᠨᠡᠬᠦ ᠶᠠᠪᠤᠳᠠᠯ ᠢ ᠮᠠᠯᠴᠢᠨ ᠲᠠᠷᠢᠶᠠᠴᠢᠳ ᠳᠦᠷᠰᠦᠯᠢᠭ ᠢᠶᠠᠷ ︽ᠰᠡᠳᠬᠢᠯ ᠢ ᠳᠤᠯᠠᠭᠠᠯᠠᠬᠤ ᠨᠡᠭᠦᠷᠡᠰᠦ︾ ᠭᠡᠵᠦ ᠨᠡᠷᠡᠯᠡᠭᠰᠡᠨ ᠪᠠᠶᠢᠨ᠎ᠠ᠃ 2013 ᠣᠨ ᠲᠤ ᠪᠦᠬᠦ ᠣᠷᠣᠨ ᠤ 311.2 ᠲᠦᠮᠡᠨ ᠮᠠᠯᠵᠢᠬᠤ ᠲᠠᠷᠢᠶᠠᠯᠠᠬᠤ ᠡᠷᠦᠬᠡ ᠡᠨᠡ ᠬᠦ ᠲᠥᠷᠥ ᠶᠢᠨ ᠪᠣᠳᠣᠯᠭ᠎ᠠ ᠶᠢᠨ ᠬᠠᠯᠠᠮᠵᠢ ᠶᠢ ᠬᠦᠷᠲᠡᠵᠦ᠂ 2014 ᠣᠨ ᠳᠤ 336.7 ᠲᠦᠮᠡᠨ ᠡᠷᠦᠬᠡ ᠪᠣᠯᠲᠠᠯ᠎ᠠ ᠨᠡᠮᠡᠭᠳᠡᠵᠦ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠣᠯᠤᠨ ᠬᠤᠰᠢᠭᠤ ᠰᠢᠶᠠᠨ ᠭᠤᠷᠪᠠᠨ ᠱᠠᠲᠤᠨ ᠤ ᠡᠳ᠋ ᠤᠨ ᠵᠠᠰᠠᠭ ᠬᠠᠷᠢᠴᠠᠯ ᠢᠶᠠᠷ ᠡᠭᠦᠷᠭᠡᠯᠡᠪᠡ᠃ ᠮᠠᠨ ᠤ ᠣᠷᠣᠨ ᠤ ᠨᠡᠭᠦᠷᠡᠰᠦ ᠪᠣᠷᠣᠯᠠᠭᠤᠯᠬᠤ ᠲᠣᠣᠷ ᠰᠦᠯᠵᠢᠶ᠎ᠡ ᠨᠡᠯᠢᠶᠡᠳ ᠪᠦᠷᠢᠨ ᠲᠡᠭᠦᠯᠳᠡᠷ ᠪᠠᠶᠢᠬᠤ ᠶᠢ ᠦᠨᠳᠦᠰᠦᠯᠡᠵᠦ᠂ ᠮᠠᠯᠴᠢᠨ ᠲᠠᠷᠢᠶᠠᠴᠢᠳ ᠨᠡᠭᠦᠷᠡᠰᠦ ᠶᠢ ᠡᠵᠡᠨ ᠮᠡᠳᠡᠨ ᠰᠣᠩᠭᠤᠬᠤ ᠳᠤᠨᠢ ᠳᠥᠭᠦᠮ ᠪᠣᠯᠭᠠᠬᠤ ᠶᠢᠨ ᠲᠤᠰᠠᠳᠠ᠂ 2014 ᠣᠨ ᠳᠤ ᠵᠢᠯ ᠳᠤ ᠡᠷᠦᠬᠡ ᠪᠦᠷᠢ ᠳᠤ 600 ᠲᠥᠭᠦᠷᠢᠭ ᠤᠨ ᠪᠡᠯᠡᠨ ᠮᠥᠩᠭᠦ ᠥᠭᠬᠦ ᠪᠠᠷ ᠥᠭᠡᠷᠡᠴᠢᠯᠡᠨ᠂ ᠮᠠᠯᠴᠢᠨ ᠲᠠᠷᠢᠶᠠᠴᠢᠳ ᠤᠨ ︽ᠨᠡᠶᠢᠳᠡᠮ ᠬᠡᠷᠡᠭᠯᠡᠬᠦ ᠺᠠᠷᠲ ︾᠎ ᠤᠨ ᠳᠠᠩᠰᠠᠨ ᠳᠤ ᠰᠢᠭᠤᠳ ᠣᠷᠣᠭᠤᠯᠬᠤ ᠪᠣᠯᠪᠠ᠃ ᠲᠤᠰ ᠠᠵᠢᠯ ᠢ ᠨᠢᠭᠡᠨᠲᠡ ᠬᠤᠶᠠᠷ ᠵᠢᠯ ᠥᠷᠨᠢᠭᠦᠯᠵᠦ᠂ ᠡᠯ᠎ᠡ ᠭᠠᠵᠠᠷ ᠣᠷᠣᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ ᠨᠡᠯᠢᠶᠡᠳ ᠪᠦᠷᠢᠨ ᠲᠡᠭᠦᠯᠳᠡᠷ ᠠᠵᠢᠯ ᠤᠨ ᠲᠣᠭᠲᠠᠴᠠ ᠢ ᠪᠣᠢ ᠪᠣᠯᠭᠠᠵᠤ᠂ 2015 ᠣᠨ ᠠᠴᠠ ᠡᠬᠢᠯᠡᠨ ᠬᠡᠪ ᠤᠨ ᠪᠠᠶᠢᠳᠠᠯ ᠳᠤ ᠰᠢᠯᠵᠢᠨ ᠣᠷᠣᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号