| | ᠥᠪᠥᠷ ᠵᠠᠰᠠᠭ ᠠᠯᠪᠠᠨ ᠲᠠᠷᠬᠠᠭᠠᠭᠰᠠᠨ ﹇2015﹈ 22 ᠳ᠋ᠤᠭᠠᠷ ᠲᠤᠭᠠᠳᠤ | 3 ᠳ᠋ᠤᠭᠠᠷ ᠰᠠᠷ᠎ᠠ ᠶᠢᠨ 5 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠬᠠᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠡ ᠳᠤ᠄ | ︽ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠲᠠᠷᠬᠠᠭᠠᠭᠰᠠᠨ ﹇2014﹈ 70 ᠳ᠋ᠤᠭᠠᠷ ᠲᠣᠭᠠᠲᠤ᠂ ᠳᠣᠷᠤᠭᠰᠢ ︽ᠮᠡᠳᠡᠭᠳᠡᠯ︾ ᠭᠡᠵᠦ | ᠲᠣᠪᠴᠢᠯᠠᠨᠡ︶ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠲᠤ᠂ ᠮᠠᠨ ᠤ ᠣᠷᠣᠨ ᠤ ᠪᠤᠳᠠᠳᠠᠢ ᠲᠠᠢ ᠤᠶᠠᠯᠳᠤᠭᠤᠯᠤᠨ | ᠳᠣᠣᠷᠠᠬᠢ ᠮᠡᠲᠦ ᠰᠠᠨᠠᠯ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠬᠡᠷᠡᠭᠵᠢᠭᠦᠯᠲᠦᠭᠡᠢ᠃ | ᠨᠢᠭᠡ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠲᠦᠰᠦᠪ ᠤᠨ ᠬᠠᠮᠢᠶᠠᠷᠤᠯᠲᠠ ᠶᠢᠨ ᠳᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠬᠦ ᠶᠡᠷᠦᠩᠬᠡᠢ ᠪᠠᠶᠢᠳᠠᠯ ᠠᠴᠠ ᠡᠭᠦᠰᠴᠦ᠂ ᠡᠳ᠋ ᠤᠨ ᠵᠠᠰᠠᠭ ᠤᠨ ᠦᠯᠡᠳᠡᠭᠡᠯ ᠪᠡᠯᠡ | ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠡᠳᠦᠷ ᠲᠤᠳᠤᠮ ᠤᠨ ᠴᠢᠬᠤᠯᠠ ᠠᠵᠢᠯ ᠳᠠᠭᠠᠨ ᠵᠢᠭᠰᠠᠭᠠᠨ | ᠣᠷᠣᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠨ ᠵᠠᠰᠠᠭ ᠵᠠᠬᠢᠷᠭ᠎ᠠ ᠶᠢᠨ ᠭᠤᠣᠯ | ᠤᠳᠤᠷᠢᠳᠤᠯᠭ᠎ᠠ ᠨᠢ ᠨᠢᠭᠡᠳᠦᠭᠡᠷ ᠬᠠᠷᠢᠭᠤᠴᠠᠯᠭᠠᠲᠠᠨ ᠤ ᠬᠤᠪᠢ ᠳᠤ᠂ ᠡᠳ᠋ ᠤᠨ ᠵᠠᠰᠠᠭ ᠤᠨ ᠦᠯᠡᠳᠡᠭᠡᠯ ᠪᠡᠯᠡ | ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠪᠡᠶ᠎ᠡ ᠪᠠᠷ ᠢᠶᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠦᠴᠢᠷ ᠤᠳ ᠲᠤᠳᠤᠷᠬᠠᠢ ᠠᠵᠢᠯ ᠤᠨ ᠬᠤᠪᠢᠶᠠᠷᠢᠯᠠᠯ ᠲᠠᠢ᠂ ᠨᠢᠭᠲᠠ ᠴᠢᠩᠭ᠎ᠠ ᠵᠤᠯᠭᠠᠯᠲᠠ ᠲᠠᠢ᠂ ᠦᠨᠳᠦᠷ | ᠪᠦᠲᠦᠮᠵᠢᠲᠦ ᠠᠵᠢᠯᠯᠠᠭᠠᠨ ᠲᠠᠢ᠂ ᠬᠦᠴᠦᠨ ᠲᠡᠭᠦᠯᠳᠡᠷ ᠪᠠᠲᠤᠯᠠᠭ᠎ᠠ ᠲᠠᠢ ᠠᠵᠢᠯ ᠤᠨ ᠲᠤᠭᠲᠠᠴᠠ ᠶᠢ ᠪᠠᠶᠢᠭᠤᠯᠵᠤ᠂ | ︽ᠮᠡᠳᠡᠭᠳᠡᠯ︾ ᠤᠨ ᠱᠠᠭᠠᠷᠳᠠᠯᠭ᠎ᠠ ᠶᠤᠰᠤᠭᠠᠷ᠂ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ ᠢᠶᠠᠨ ᠡᠯ᠎ᠡ | ᠲᠦᠷᠦᠯ ᠤᠨ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠵᠢᠴᠢ ᠡᠳ᠋ ᠤᠨ ᠵᠠᠰᠠᠭ ᠡᠳ᠋ ᠤᠨ ᠶᠠᠪᠤᠳᠠᠯ ᠤᠨ | ᠬᠠᠮᠢᠶᠠᠷᠤᠯᠲᠠ ᠳᠠᠬᠢ ᠬᠠᠮᠢᠶ᠎ᠠ ᠪᠦᠬᠦᠢ ᠪᠠᠶᠢᠳᠠᠯ ᠢ ᠪᠦᠬᠦ ᠲᠠᠯ᠎ᠠ ᠪᠠᠷ ᠲᠤᠳᠤᠷᠬᠠᠢ ᠣᠶᠢᠯᠠᠭᠠᠵᠤ ᠲᠤᠳᠤᠯᠠᠭᠰᠠᠨ ᠪᠠᠶᠢᠬᠤ | ᠬᠡᠷᠡᠭᠲᠡᠢ᠃ | ᠬᠤᠶᠠᠷ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠪᠦᠬᠦ | ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠭᠡᠵᠦ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ | ᠮᠦᠴᠢᠷ ᠤᠳ ᠠᠵᠢᠯ ᠤᠨ ᠲᠦᠰᠦᠯ ᠢ ᠰᠤᠳᠤᠯᠤᠨ ᠲᠣᠭᠲᠠᠭᠠᠵᠤ᠂ ᠬᠠᠷᠠᠯᠲᠠ ᠶᠢᠨ ᠡᠭᠦᠷᠭᠡ ᠪᠠᠨ ᠢᠯᠭᠠᠨ | ᠬᠤᠪᠢᠶᠠᠷᠢᠯᠠᠵᠤ᠂ ᠠᠵᠢᠯ ᠤᠨ ᠠᠷᠭ᠎ᠠ ᠬᠡᠮᠵᠢᠶ᠎ᠠ ᠪᠠᠨ ᠨᠠᠷᠢᠯᠢᠬᠵᠢᠭᠤᠯᠤᠨ᠂ ᠡᠳ᠋ ᠤᠨ ᠵᠠᠰᠠᠭ ᠤᠨ ᠦᠯᠡᠳᠡᠭᠡᠯ ᠪᠡᠯᠡ | ᠮᠦᠩᠭᠦ ᠶᠢ ᠪᠠᠭᠠᠰᠬᠠᠬᠤ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢ | ᠵᠢᠷᠤᠮᠵᠢᠭᠤᠯᠬᠤ ᠪᠠᠷ ᠭᠤᠣᠯ ᠪᠣᠯᠭᠠᠭᠰᠠᠨ ᠲᠦᠰᠦᠪ ᠤᠨ ᠬᠡᠷᠡᠭᠵᠢᠭᠦᠯᠦᠯᠲᠡ ᠶᠢ ᠰᠢᠯᠭᠠᠨ ᠦᠨᠡᠯᠡᠬᠦ ᠰᠢᠰᠲ᠋ᠧᠮᠵᠢ ᠵᠢᠴᠢ | ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠳᠤ ᠬᠠᠨᠳᠤᠭᠤᠯᠤᠭᠰᠠᠨ ᠲᠤᠭᠲᠠᠮᠠᠯ ᠬᠤᠭᠤᠴᠠᠭ᠎ᠠ ᠲᠠᠢ ᠪᠠᠷ | ᠢᠯᠭᠠᠷᠠᠭᠤᠯᠬᠤ ᠲᠣᠭᠲᠠᠴᠠ ᠪᠠ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ᠃ ᠡᠯ᠎ᠡ ᠰᠠᠯᠠᠭ᠎ᠠ ᠮᠦᠴᠢᠷ ᠤᠳ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠬᠢᠨ ᠤ ᠱᠠᠭᠠᠷᠳᠠᠯᠭ᠎ᠠ | ᠶᠣᠰᠤᠭᠠᠷ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠢᠳᠡᠪᠬᠢᠲᠡᠢ | ᠦᠷᠨᠢᠭᠦᠯᠵᠦ᠂ ᠲᠤᠰ ᠰᠠᠯᠠᠭ᠎ᠠ ᠮᠦᠴᠢᠷ ᠵᠢᠴᠢ ᠬᠠᠷᠢᠶ᠎ᠠ ᠨᠢᠭᠡᠴᠡ ᠶᠢᠨ ᠢᠶᠠᠨ ᠦᠯᠡᠳᠡᠪᠦᠷᠢ ᠳ᠋ᠦᠩᠨᠡᠨ | ᠰᠢᠯᠵᠢᠭᠦᠯᠦᠭᠰᠡᠨ ᠪᠡᠯᠡ ᠮᠦᠩᠭᠦ ᠶᠢᠨ ᠵᠦᠢᠯ ᠲᠦᠷᠦᠯ᠂ ᠰᠢᠨᠵᠢ ᠴᠢᠨᠠᠷ᠂ ᠳ᠋ᠦᠩᠨᠡᠨ ᠦᠯᠡᠳᠡᠭᠡᠭᠰᠡᠨ ᠴᠠᠭ | ᠬᠤᠭᠤᠴᠠᠭ᠎ᠠ᠂ ᠰᠠᠯᠭᠠᠨ ᠥᠭᠴᠦ ᠬᠡᠷᠡᠭᠯᠡᠭᠦᠯᠦᠭᠰᠡᠨ ᠵᠡᠷᠭᠡ ᠪᠠᠶᠢᠳᠠᠯ ᠬᠢᠭᠡᠳ ᠪᠤᠰᠤᠳ ᠡᠳ᠋ ᠤᠨ ᠵᠠᠰᠠᠭ ᠤᠨ | ᠬᠠᠮᠢᠶᠠᠷᠤᠯᠲᠠ ᠶᠢᠨ ᠲᠠᠯ᠎ᠠ ᠳᠤ ᠬᠤᠯᠪᠤᠭᠳᠠᠭᠰᠠᠨ ᠠᠰᠠᠭᠤᠳᠠᠯ ᠢ ᠪᠦᠬᠦ ᠲᠠᠯ᠎ᠠ ᠪᠠᠷ ᠲᠤᠳᠤᠷᠬᠠᠢ ᠣᠶᠢᠯᠠᠭᠠᠬᠤ ᠶᠢᠨ | ᠬᠠᠮᠲᠤ᠂ ᠣᠷᠤᠰᠢᠵᠤ ᠪᠠᠶᠢᠭ᠎ᠠ ᠠᠰᠠᠭᠤᠳᠠᠯ ᠳᠤ ᠬᠠᠨᠳᠤᠭᠤᠯᠤᠨ ᠪᠤᠲᠠᠲᠠᠢ ᠠᠷᠭ᠎ᠠ ᠬᠡᠮᠵᠢᠶ᠎ᠠ ᠲᠣᠭᠲᠠᠭᠠᠨ᠂ | ᠬᠢᠨᠠᠮᠠᠭᠠᠢ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠶᠢᠨ | ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠭᠤᠣᠯᠳᠠᠯᠭ᠎ᠠ ᠲᠠᠢ ᠭᠠᠵᠠᠷ ᠣᠷᠣᠨ | ᠪᠣᠯᠣᠨ ᠰᠠᠯᠠᠭ᠎ᠠ ᠮᠦᠴᠢᠷ ᠤᠳ ᠤᠨ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ | ᠭᠦᠢᠯᠭᠡᠭᠡᠬᠦ ᠶᠢ ᠲᠤᠰᠬᠠᠶᠢᠯᠠᠨ ᠪᠠᠶᠢᠴᠠᠭᠠᠬᠤ ᠶᠢᠨ ᠬᠠᠮᠲᠤ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ | ᠴᠢᠯᠦᠭᠡᠲᠡᠢ ᠭᠦᠢᠯᠭᠡᠭᠡᠬᠦ ᠶᠢ ᠪᠡᠯᠡ ᠮᠦᠩᠭᠦ ᠶᠢᠨ ᠬᠤᠪᠢᠶᠠᠷᠢᠯᠠᠯᠲᠠ ᠪᠠ ᠲᠦᠰᠦᠪ ᠤᠨ ᠲᠣᠬᠢᠷᠠᠭᠤᠯᠤᠯᠲᠠ ᠬᠢᠬᠦ ᠯᠤᠭ᠎ᠠ | ᠬᠤᠯᠪᠣᠭᠳᠠᠭᠤᠯᠬᠤ ᠲᠣᠭᠲᠠᠴᠠ ᠶᠢ ᠰᠤᠳᠤᠯᠤᠨ ᠪᠠᠶᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠦᠯᠡᠳᠡᠭᠡᠯ ᠪᠡᠯᠡ | ᠮᠦᠩᠭᠦ ᠶᠢᠨ ᠴᠢᠯᠦᠭᠡᠲᠡᠢ ᠭᠦᠢᠯᠭᠡᠭᠡᠬᠦ ᠶᠢ ᠢᠳᠡᠪᠬᠢᠲᠡᠢ ᠪᠦᠭᠡᠳ ᠬᠢᠨᠠᠮᠠᠭᠠᠢ ᠦᠷᠨᠢᠭᠦᠯᠦᠭᠰᠡᠨ ᠭᠠᠵᠠᠷ ᠣᠷᠣᠨ ᠪᠣᠶᠣ | ᠰᠠᠯᠠᠭ᠎ᠠ ᠮᠦᠴᠢᠷ ᠤᠳ ᠲᠤ ᠬᠠᠮᠢᠶ᠎ᠠ ᠪᠦᠬᠦᠢ ᠰᠢᠯᠵᠢᠭᠦᠯᠦᠨ ᠣᠯᠭᠤᠬᠤ ᠶᠢ ᠬᠤᠪᠢᠶᠠᠷᠢᠯᠠᠬᠤ ᠪᠠ ᠰᠠᠯᠠᠭ᠎ᠠ | ᠮᠦᠴᠢᠷ ᠤᠨ ᠲᠦᠰᠦᠪ ᠢ ᠲᠣᠬᠢᠷᠠᠭᠤᠯᠬᠤ ᠳᠠᠭᠠᠨ ᠬᠦᠬᠢᠭᠦᠯᠦᠨ ᠱᠠᠩᠨᠠᠬᠤ ᠬᠦᠴᠦᠨ ᠵᠦᠢᠯ ᠢ ᠨᠡᠮᠡᠭᠳᠡᠭᠦᠯᠬᠦ ᠬᠡᠷᠡᠭᠲᠡᠢ︔ | ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠪᠠᠷ ᠬᠦᠴᠦᠲᠡᠢ ᠠᠵᠢᠯᠯᠠᠭᠰᠠᠨ | ᠦᠭᠡᠢ ᠭᠠᠵᠠᠷ ᠣᠷᠣᠨ ᠪᠣᠶᠣ ᠰᠠᠯᠠᠭ᠎ᠠ ᠮᠦᠴᠢᠷ ᠤᠳ ᠢ ᠴᠠᠭ ᠲᠣᠬᠠᠢ ᠳᠤᠨᠢ ᠮᠡᠳᠡᠭᠡᠯᠡᠬᠦ ᠪᠣᠶᠣ ᠪᠣᠯᠵᠣᠨ | ᠶᠠᠷᠢᠯᠴᠠᠬᠤ ᠶᠢᠨ ᠬᠠᠮᠲᠤ᠂ ᠬᠠᠮᠢᠶ᠎ᠠ ᠪᠦᠬᠦᠢ ᠰᠢᠯᠵᠢᠭᠦᠯᠦᠨ ᠣᠯᠭᠤᠬᠤ ᠮᠦᠩᠭᠦ ᠶᠢ ᠬᠤᠪᠢᠶᠠᠷᠢᠯᠠᠬᠤ ᠪᠠ ᠰᠠᠯᠠᠭ᠎ᠠ | ᠮᠦᠴᠢᠷ ᠤᠨ ᠲᠦᠰᠦᠪ ᠢ ᠲᠣᠬᠢᠷᠠᠭᠤᠯᠬᠤ ᠳᠤ ᠬᠠᠰᠤᠵᠤ ᠠᠪᠬᠤ ᠶᠢᠨ ᠴᠢᠬᠤᠯᠠ ᠬᠦᠴᠦᠨ ᠵᠦᠢᠯ ᠪᠣᠯᠭᠠᠬᠤ ᠬᠡᠷᠡᠭᠲᠡᠢ | ᠃ ᠲᠦᠰᠦᠪ ᠲᠣᠭᠲᠠᠭᠠᠬᠤ ᠰᠠᠯᠠᠭ᠎ᠠ ᠮᠦᠴᠢᠷ ᠤᠳ ᠨᠢ ᠡᠳ᠋ ᠤᠨ ᠵᠠᠰᠠᠭ ᠠᠴᠠ ᠨᠢᠭᠡᠲᠦᠯᠲᠡᠢ ᠲᠦᠯᠦᠪᠯᠡᠬᠦ | ᠦᠯᠡᠳᠡᠪᠦᠷᠢ ᠪᠡᠯᠡ ᠮᠦᠩᠭᠦ ᠪᠠᠨ ᠲᠤᠰᠢᠶᠠᠬᠤ ᠶᠢ ᠲᠡᠪᠴᠢᠪᠡᠯ᠂ ᠲᠤᠰ ᠰᠠᠯᠠᠭ᠎ᠠ ᠮᠦᠴᠢᠷ ᠤᠨ ᠲᠣᠬᠠᠢ ᠶᠢᠨ ᠵᠢᠯ ᠤᠨ | ᠬᠢᠨᠢ ᠲᠦᠰᠦᠪ ᠢᠶᠠᠷ ᠲᠣᠬᠢᠷᠠᠭᠤᠯᠬᠤ ᠪᠡᠯᠡ ᠮᠦᠩᠭᠦ ᠶᠢ ᠨᠢ ᠰᠠᠭᠤᠯᠭᠠᠨ ᠠᠪᠬᠤ ᠬᠡᠷᠡᠭᠲᠡᠢ᠃ ᠬᠢᠨᠠᠨ ᠪᠤᠳᠤᠬᠤ | ᠰᠠᠯᠠᠭ᠎ᠠ ᠮᠦᠴᠢᠷ ᠤᠳ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠵᠡᠷᠭᠡ | ᠠᠵᠢᠯ ᠳᠠᠬᠢ ᠬᠢᠨᠠᠯᠲᠠ ᠲᠠᠯᠪᠢᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠡᠳ᠋ ᠤᠨ ᠵᠠᠰᠠᠭ ᠤᠨ ᠦᠯᠡᠳᠡᠭᠡᠯ ᠪᠡᠯᠡ | ᠮᠦᠩᠭᠦ ᠶᠢᠨ ᠴᠢᠯᠦᠭᠡᠲᠡᠢ ᠭᠦᠢᠯᠭᠡᠭᠡᠬᠦ ᠶᠢ ᠠᠬᠢᠭᠤᠯᠤᠨ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠵᠢᠷᠤᠮᠵᠢᠭᠤᠯᠤᠨ | ᠠᠵᠢᠯᠯᠠᠭᠤᠯᠬᠤ ᠪᠠᠨ ᠠᠬᠢᠭᠤᠯᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ | ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠪᠠᠨ ᠴᠢᠯᠦᠭᠡᠲᠡᠢ ᠭᠦᠢᠯᠭᠡᠭᠡᠭᠰᠡᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠪᠡᠷᠲᠡᠭᠡᠨ ᠵᠠᠰᠬᠠᠤ ᠣᠷᠣᠨ ᠤ ᠡᠳ᠋ ᠤᠨ | ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠵᠦ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠤᠨ ᠳᠤ ᠮᠡᠳᠡᠭᠦᠯᠬᠦ ᠬᠡᠷᠡᠭᠲᠡᠢ᠃ | | | ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ | ᠲᠥᠷᠥ ᠠᠯᠪᠠᠨ ᠲᠠᠷᠬᠠᠭᠠᠭᠰᠠᠨ ﹇2014﹈ 70 ᠳ᠋ᠤᠭᠠᠷ ᠲᠣᠭᠠᠲᠤ | 12 ᠳ᠋ᠤᠭᠠᠷ ᠰᠠᠷ᠎ᠠ ᠶᠢᠨ 30 ᠤ ᠡᠳᠦᠷ | | | ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠤᠨ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ | ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠶᠢᠨ ᠲᠤᠰᠠᠳᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠡᠳ᠋ ᠤᠨ ᠵᠠᠰᠠᠭ ᠤᠨ ᠦᠯᠡᠳᠡᠭᠡᠯ ᠪᠡᠯᠡ | ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠣᠬᠠᠢ ᠳᠣᠣᠷᠠᠬᠢ ᠮᠡᠲᠦ | ᠮᠡᠳᠡᠭᠳᠡᠶ᠎ᠡ᠄ | ᠨᠢᠭᠡ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠶᠢᠨ ᠴᠢᠬᠤᠯᠠ ᠴᠢᠨᠠᠷ | ᠪᠠ ᠵᠠᠶᠢᠯᠠᠰᠢ ᠦᠬᠡᠢ ᠴᠢᠨᠠᠷ ᠢ ᠭᠦᠢᠴᠡᠳ ᠲᠠᠨᠢᠬᠤ ᠬᠡᠷᠡᠭᠲᠡᠢ | ᠡᠳ᠋ ᠤᠨ ᠵᠠᠰᠠᠭ ᠤᠨ ᠦᠯᠡᠳᠡᠬᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠨᠡ ᠪᠣᠯ ᠬᠤᠷᠸ᠎ᠠ ᠲᠠᠯ᠎ᠠ ᠶᠢᠨ | ᠲᠣᠬᠢᠷᠠᠭᠤᠯᠭ᠎ᠠ ᠡᠵᠡᠮᠳᠡᠯ ᠳᠤ ᠰᠢᠨ᠎ᠡ ᠶᠢ ᠡᠭᠦᠳᠬᠦ ᠴᠢᠬᠤᠯᠠ ᠠᠭᠤᠯᠭ᠎ᠠ ᠪᠣᠯᠬᠤ ᠪᠦᠭᠡᠳ ᠨᠡᠮᠡᠭᠳᠡᠯ ᠢ ᠲᠣᠭᠲᠠᠭᠤᠨ | ᠪᠠᠶᠢᠯᠭᠠᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠳᠤ ᠴᠢᠬᠤᠯᠠ ᠠᠴᠢ ᠬᠤᠯᠪᠣᠭᠳᠠᠯ ᠲᠠᠢ ᠬᠡᠮᠡᠨ | ᠴᠢᠩᠭᠠᠳᠬᠠᠵᠤ᠂ ᠪᠡᠯᠡ ᠮᠦᠩᠭᠦ ᠶᠢᠨ ᠬᠡᠷᠡᠭᠯᠡᠯᠲᠡ ᠶᠢᠨ ᠠᠰᠢᠭᠯᠠᠮᠵᠢ ᠶᠢ ᠦᠨᠡᠨᠬᠦ ᠳᠡᠭᠡᠭᠰᠢᠯᠡᠭᠦᠯᠦᠨ᠂ ᠢᠳᠡᠪᠬᠢᠲᠡᠢ | ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠪᠦᠲᠦᠮᠵᠢᠲᠡᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ | ᠬᠡᠮᠡᠨ ᠱᠠᠭᠠᠷᠳᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠤᠰᠤᠭᠠᠷ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠲᠠᠯ᠎ᠠ ᠪᠠᠷ | ᠶᠡᠭᠡ ᠬᠡᠮᠵᠢᠶᠡᠨ ᠤ ᠠᠵᠢᠯ ᠬᠢᠵᠦ᠂ ᠪᠤᠳᠠᠲᠠᠢ ᠱᠠᠭᠠᠷᠳᠠᠯᠭ᠎ᠠ ᠳᠤᠷᠠᠳᠤᠨ᠂ ᠡᠳ᠋ ᠤᠨ ᠵᠠᠰᠠᠭ ᠤᠨ ᠦᠯᠡᠳᠡᠭᠡᠯ ᠪᠡᠯᠡ | ᠮᠦᠩᠭᠦ ᠶᠢᠨ ᠥᠳᠲᠦᠷ ᠲᠦᠷᠭᠡᠨ ᠨᠡᠮᠡᠭᠳᠡᠵᠦ ᠪᠠᠶᠢᠭ᠎ᠠ ᠬᠠᠨᠳᠤᠰᠢ ᠶᠢ ᠠᠩᠬ᠎ᠠ ᠠᠯᠬᠤᠮ ᠡᠷᠬᠡᠰᠢᠶᠡᠪᠡ᠃ ᠭᠡᠪᠡᠴᠦ | ᠣᠶᠢᠷ᠎ᠠ ᠶᠢᠨ ᠬᠤᠭᠤᠴᠠᠭᠠᠨ ᠳᠤ ᠬᠢᠨᠠᠨ ᠪᠤᠳᠤᠬᠤ ᠵᠠᠬᠢᠷᠭ᠎ᠠ ᠠᠴᠠ ᠲᠥᠪ ᠬᠤᠷᠢᠶ᠎ᠠ ᠶᠢᠨ ᠲᠤᠰ ᠱᠠᠲᠤ ᠶᠢᠨ ᠪᠠ | ᠬᠡᠰᠡᠭ ᠮᠤᠵᠢ ᠶᠢᠨ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠳᠤ ᠬᠢᠨᠠᠨ ᠪᠣᠳᠣᠯᠲᠠ ᠬᠢᠭᠰᠡᠨ ᠪᠠᠶᠢᠳᠠᠯ ᠠᠴᠠ | ᠦᠵᠡᠪᠡᠯ᠂ ᠡᠯ᠎ᠡ ᠱᠠᠲᠤᠨ ᠤ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠲᠤᠭ᠎ᠠ ᠬᠡᠮᠵᠢᠶ᠎ᠠ ᠮᠦᠨ ᠯᠡ | ᠨᠡᠯᠢᠶᠡᠳ ᠶᠡᠭᠡ ᠪᠠᠶᠢᠵᠤ᠂ ᠦᠯᠡᠳᠡᠭᠡᠯ ᠢ ᠴᠢᠯᠦᠭᠡᠲᠡᠢ ᠭᠦᠢᠯᠭᠡᠭᠡᠬᠦ᠂ ᠨᠡᠮᠡᠭᠳᠡᠯ ᠢ ᠰᠠᠶᠢᠲᠤᠷ ᠬᠡᠷᠡᠭᠯᠡᠬᠦ᠂ ᠪᠤᠳᠠᠳᠤ | ᠴᠤᠭᠴᠠ ᠶᠢᠨ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠳᠡᠮᠵᠢᠬᠦ ᠪᠠ ᠠᠵᠤ | ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠱᠠᠭᠠᠷᠳᠠᠯᠭ᠎ᠠ ᠲᠠᠢ ᠬᠠᠷᠢᠴᠠᠭᠤᠯᠪᠠᠯ᠂ | ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠵᠤ᠂ ᠤᠯᠠᠮ ᠨᠢᠭᠡ ᠠᠯᠬᠤᠮ ᠠᠷᠭ᠎ᠠ ᠬᠡᠮᠵᠢᠶ᠎ᠠ ᠠᠪᠴᠤ ᠪᠠᠶᠢᠭᠠᠳ | ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ | ᠬᠤᠶᠠᠷ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠶᠡᠷᠦᠩᠬᠡᠢ ᠬᠠᠷᠠᠯᠲᠠ | ᠪᠠ ᠭᠤᠣᠯ ᠵᠠᠷᠴᠢᠮ | ︵ᠨᠢᠭᠡ︶ ᠶᠡᠷᠦᠩᠬᠡᠢ ᠬᠠᠷᠠᠯᠲᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠰᠦᠪ ᠤᠨ ᠬᠠᠤᠯᠢ ᠪᠠ ︽ | ᠲᠦᠰᠦᠪ ᠤᠨ ᠬᠠᠮᠢᠶᠠᠷᠤᠯᠲᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠣᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2014﹈ 45 ᠳ᠋ᠤᠭᠠᠷ ᠲᠣᠭᠠᠲᠤ︶ ᠤᠨ | ᠬᠤᠯᠪᠣᠭᠳᠠᠯ ᠪᠦᠬᠦᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ | ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠪᠠᠨ | ᠠᠬᠢᠭᠤᠯᠬᠤ ᠶᠢᠨ ᠭᠤᠣᠯ ᠬᠠᠷᠠᠯᠲᠠ ᠪᠣᠯᠭᠠᠵᠤ᠂ ᠡᠳ᠋ ᠤᠨ ᠵᠠᠰᠠᠭ ᠤᠨ ᠨᠡᠮᠡᠭᠳᠡᠯ ᠪᠡᠯᠡ ᠮᠦᠩᠭᠦ ᠶᠢ ᠰᠠᠶᠢᠲᠤᠷ | ᠬᠡᠷᠡᠭᠯᠡᠬᠦ ᠶᠢᠨ ᠬᠠᠮᠲᠤ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢ ᠬᠦᠴᠦᠯᠡᠨ ᠴᠢᠯᠦᠭᠡᠲᠡᠢ ᠭᠦᠢᠯᠭᠡᠭᠡᠵᠦ᠂ | ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ | ︵ᠬᠤᠶᠠᠷ︶ ᠭᠤᠣᠯ ᠵᠠᠷᠴᠢᠮ᠃ | ᠦᠯᠡᠳᠡᠭᠡᠯ ᠢᠶᠠᠨ ᠣᠶᠢᠯᠠᠭᠠᠨ ᠲᠤᠳᠤᠷᠬᠠᠶᠢᠯᠠᠵᠤ᠂ ᠲᠦᠷᠦᠯ ᠬᠤᠪᠢᠶᠠᠨ ᠰᠢᠢᠳᠪᠦᠷᠢᠯᠡᠬᠦ ᠬᠡᠷᠡᠭᠲᠡᠢ᠃ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠨ ᠦᠯᠡᠳᠡᠭᠡᠯ ᠪᠡᠯᠡ ᠮᠦᠩᠭᠦ ᠶᠢᠨ ᠪᠠᠶᠢᠳᠠᠯ ᠢ ᠪᠦᠬᠦ ᠲᠠᠯ᠎ᠠ ᠪᠠᠷ | ᠣᠶᠢᠯᠠᠭᠠᠨ ᠲᠤᠳᠤᠷᠬᠠᠶᠢᠯᠠᠵᠤ᠂ ᠰᠢᠢᠳᠪᠦᠷᠢᠯᠡᠬᠦ ᠲᠦᠰᠦᠯ ᠢ ᠵᠦᠢᠯ ᠲᠦᠷᠦᠯ ᠬᠤᠪᠢᠶᠠᠨ ᠢᠯᠭᠠᠵᠤ ᠳᠤᠷᠠᠳᠬᠤ | ᠬᠡᠷᠡᠭᠲᠡᠢ᠃ | ᠲᠡᠬᠡᠳᠤ ᠲᠤᠤᠷᠠᠳᠤ ᠱᠠᠲᠤᠨ ᠤ ᠬᠢᠨ ᠬᠤᠯᠪᠤᠭᠠᠯᠠᠨ ᠬᠦᠳᠡᠯᠦᠯᠴᠡᠵᠦ᠂ ᠪᠦᠬᠦ ᠲᠠᠯ᠎ᠠ ᠪᠠᠷ ᠲᠦᠯᠬᠢᠨ | ᠠᠬᠢᠭᠤᠯᠬᠤ ᠬᠡᠷᠡᠭᠲᠡᠢ᠃ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠶᠢ ᠲᠥᠪ ᠬᠤᠷᠢᠶ᠎ᠠ ᠶᠢᠨ | ᠳᠠᠪᠬᠤᠷᠭ᠎ᠠ ᠳᠤ ᠦᠷᠨᠢᠭᠦᠯᠬᠦ ᠮᠦᠷᠲᠡᠭᠡᠨ ᠣᠷᠣᠨ ᠨᠣᠲᠤᠭ ᠤᠨ ᠳᠡᠰ ᠲᠤ ᠴᠦ ᠦᠷᠨᠢᠭᠦᠯᠬᠦ ᠬᠡᠷᠡᠭᠲᠡᠢ᠂ ᠡᠳ᠋ ᠤᠨ | ᠵᠠᠰᠠᠭ ᠤᠨ ᠰᠠᠯᠠᠭ᠎ᠠ ᠮᠦᠴᠢᠷ ᠤᠳ ᠲᠤ ᠦᠷᠨᠢᠭᠦᠯᠬᠦ ᠪᠦᠭᠡᠳ ᠪᠤᠰᠤᠳ ᠰᠠᠯᠠᠭ᠎ᠠ ᠮᠦᠴᠢᠷ ᠲᠤ ᠴᠦ ᠦᠷᠨᠢᠭᠦᠯᠵᠦ | ᠪᠠᠶᠢᠭᠠᠳ ᠦᠯᠡᠳᠡᠭᠡᠯ ᠪᠡᠯᠡ ᠮᠦᠩᠭᠦ ᠶᠢᠨ ᠣᠷᠣᠨ ᠵᠠᠢ ᠶᠢ ᠪᠦᠬᠦ ᠲᠠᠯ᠎ᠠ ᠪᠠᠷ ᠰᠢᠬᠠᠵᠤ ᠪᠠᠭᠠᠰᠬᠠᠬᠤ ᠬᠡᠷᠡᠭᠲᠡᠢ᠃ | ᠤᠳᠤᠬᠠᠨ ᠤ ᠪᠠᠶᠢᠳᠠᠯ ᠳᠤ ᠰᠠᠭᠤᠷᠢᠯᠠᠵᠤ᠂ ᠠᠯᠤᠰ ᠬᠤᠯᠠ ᠶᠢ ᠪᠤᠳᠤᠯᠬᠢᠯᠠᠬᠤ ᠬᠡᠷᠡᠭᠲᠡᠢ᠃ ᠤᠳᠤᠬᠠᠨ ᠳᠠᠬᠢ | ᠨᠢᠭᠡᠨᠲᠡ ᠪᠠᠶᠢᠭ᠎ᠠ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠮᠦᠷᠲᠡᠭᠡᠨ ᠳᠦᠷᠢᠮ ᠤᠨ ᠵᠢᠷᠤᠮᠵᠢᠯ ᠢ | ᠴᠢᠩᠭᠠᠳᠬᠠᠨ᠂ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠬᠤᠵᠢᠮ ᠬᠤᠶᠢᠰᠢᠲᠠ ᠳᠤ | ᠨᠡᠩ ᠣᠯᠠᠨ ᠦᠯᠡᠳᠡᠭᠡᠯ ᠪᠡᠯᠡ ᠮᠦᠩᠭᠦ ᠪᠣᠢ ᠪᠣᠯᠬᠤ ᠠᠴᠠ ᠵᠠᠶᠢᠯᠠᠰᠬᠢᠬᠦ ᠬᠡᠷᠡᠭᠲᠡᠢ᠃ | ᠣᠯᠠᠨ ᠲᠠᠯ᠎ᠠ ᠠᠴᠠ ᠵᠡᠷᠭᠡ ᠪᠠᠷ ᠠᠳᠬᠤᠵᠤ᠂ ᠵᠠᠯᠬᠠᠭᠠᠨ ᠰᠡᠷᠭᠡᠶᠢᠯᠡᠬᠦ ᠶᠢ ᠵᠡᠷᠭᠡ ᠳᠤᠨᠢ ᠬᠢᠬᠦ ᠬᠡᠷᠡᠭᠲᠡᠢ᠃ | ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ᠂ ᠬᠡᠷᠡᠭ ᠭᠠᠷᠤᠭᠰᠠᠨ ᠦᠶ᠎ᠡ ᠳᠤ ᠬᠢᠨᠠᠨ ᠡᠵᠡᠮᠰᠢᠬᠦ ᠶᠢ ᠴᠢᠬᠤᠯᠠᠴᠢᠯᠠᠬᠤ | ᠮᠦᠷᠲᠡᠭᠡᠨ ᠬᠡᠷᠡᠭ ᠭᠠᠷᠤᠭᠰᠠᠨ ᠤ ᠳᠠᠷᠠᠭᠠᠬᠢ ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠬᠡᠯᠡᠯᠴᠡᠬᠦ ᠶᠢ ᠴᠦ | ᠴᠢᠬᠤᠯᠠᠴᠢᠯᠠᠵᠤ᠂ ᠵᠡᠷᠭᠡ ᠳᠤᠨᠢ ᠠᠳᠬᠤᠵᠤ ᠬᠠᠮᠲᠤ ᠪᠠᠷ ᠬᠠᠮᠢᠶᠠᠷᠤᠭᠰᠠᠨ ᠰᠠᠶᠢᠨ ᠰᠠᠶᠢᠬᠠᠨ ᠪᠠᠶᠢᠳᠠᠯ ᠢ ᠪᠣᠢ | ᠪᠣᠯᠭᠠᠬᠤ ᠬᠡᠷᠡᠭᠲᠡᠢ᠃ | ᠭᠤᠷᠪᠠ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢ ᠴᠢᠯᠦᠭᠡᠲᠡᠢ ᠭᠦᠢᠯᠭᠡᠭᠡᠬᠦ ᠭᠤᠣᠯ ᠠᠷᠭ᠎ᠠ | ᠬᠡᠮᠵᠢᠶ᠎ᠡ | ︵ᠨᠢᠭᠡ︶ ᠡᠩ ᠤᠨ ᠣᠯᠠᠨ ᠨᠡᠶᠢᠲᠡ ᠶᠢᠨ ᠲᠦᠰᠦᠪ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ | ᠮᠦᠩᠭᠦ ᠶᠢ ᠢᠯᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠩ ᠤᠨ ᠣᠯᠠᠨ ᠨᠡᠶᠢᠲᠡ ᠶᠢᠨ ᠲᠦᠰᠦᠪ ᠤᠨ 2012 | ᠣᠨ ᠵᠢᠴᠢ ᠲᠡᠭᠦᠨ ᠠᠴᠠ ᠡᠮᠦᠨᠡᠬᠢ ᠣᠨ ᠤ ᠳ᠋ᠦᠩᠨᠡᠨ ᠰᠢᠯᠵᠢᠭᠦᠯᠦᠭᠰᠡᠨ ︵ᠠᠪᠣᠴᠠᠭᠠ ᠥᠭᠴᠢᠭᠡ ᠶᠢᠨ ᠳᠦᠷᠢᠮ ᠢ | ᠪᠠᠭᠲᠠᠭᠠᠬᠤ ᠦᠭᠡᠢ︶ ᠪᠡᠯᠡ ᠮᠦᠩᠭᠦ ᠶᠢ ᠦᠯᠡᠳᠡᠪᠦᠷᠢ ᠪᠡᠯᠡ ᠮᠦᠩᠭᠦ ᠪᠠᠷ ᠬᠠᠮᠢᠶᠠᠷᠴᠤ᠂ ᠲᠦᠰᠦᠪ ᠤᠨ ᠲᠣᠭᠲᠠᠭᠤᠨ | ᠲᠣᠬᠢᠷᠠᠭᠤᠯᠤᠯᠲᠠ ᠶᠢᠨ ᠰᠠᠭᠤᠷᠢ ᠮᠦᠩᠭᠦ ᠶᠢ ᠨᠦᠬᠦᠪᠦᠷᠢᠯᠡᠨ᠂ 2015 ᠣᠨ ᠵᠢᠴᠢ ᠬᠤᠶᠢᠰᠢᠬᠢ ᠣᠨ ᠳᠤ | ᠲᠦᠰᠦᠪ ᠤᠨ ᠣᠷᠣᠨ ᠲᠤᠭ᠎ᠠ ᠳᠤ ᠨᠢᠭᠡᠲᠦᠯᠲᠡᠢ ᠲᠦᠯᠦᠪᠯᠡᠨ ᠬᠡᠷᠡᠭᠯᠡᠨ᠎ᠡ᠃ 2013 ᠣᠨ ᠤ ᠳ᠋ᠦᠩᠨᠡᠨ | ᠰᠢᠯᠵᠢᠭᠦᠯᠦᠭᠰᠡᠨ ᠪᠡᠯᠡ ᠮᠦᠩᠭᠦ ᠶᠢ ᠲᠦᠷᠭᠡᠳᠭᠡᠨ ᠬᠡᠷᠡᠭᠵᠢᠭᠦᠯᠵᠦ᠂ ᠤᠤᠯ ᠤᠨ ᠬᠡᠷᠡᠭᠴᠡᠭᠡ ᠪᠠᠷ ᠬᠡᠷᠡᠭᠯᠡᠬᠦ ᠴᠢᠬᠤᠯᠠ | ᠦᠭᠡᠢ ᠪᠣᠯ᠂ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠪᠡᠯᠡ ᠮᠦᠩᠭᠦ ᠶᠢᠨ ᠳᠡᠮᠵᠢᠯᠭᠡ ᠲᠤᠯᠭᠠᠮ᠎ᠠ | ᠱᠠᠭᠠᠷᠳᠠᠭᠳᠠᠵᠤ ᠪᠠᠶᠢᠭ᠎ᠠ ᠬᠦᠷᠢᠶᠡᠨ ᠳᠤ ᠲᠣᠭᠲᠠᠭᠠᠯ ᠶᠤᠰᠤᠭᠠᠷ ᠨᠢᠭᠡᠲᠦᠯᠲᠡᠢ ᠲᠦᠯᠦᠪᠯᠡᠨ ᠬᠡᠷᠡᠭᠯᠡᠬᠦ ᠬᠡᠷᠡᠭᠲᠡᠢ᠃ | ︵ᠬᠤᠶᠠᠷ︶ ᠵᠠᠰᠠᠭ ᠤᠨ ᠣᠷᠳᠤᠨ ᠤ ᠴᠢᠨᠠᠷᠲᠠᠢ ᠰᠠᠭᠤᠷᠢ ᠮᠦᠩᠭᠦ ᠶᠢᠨ ᠲᠦᠰᠦᠪ ᠤᠨ ᠳ᠋ᠦᠩᠨᠡᠨ | ᠰᠢᠯᠵᠢᠭᠦᠯᠦᠭᠰᠡᠨ ᠪᠡᠯᠡ ᠮᠦᠩᠭᠦ ᠶᠢ ᠢᠯᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠤᠨ ᠤ ᠴᠢᠨᠠᠷᠲᠠᠢ | ᠰᠠᠭᠤᠷᠢ ᠮᠦᠩᠭᠦ ᠶᠢᠨ ᠲᠦᠰᠦᠪ ᠤᠨ ᠳ᠋ᠦᠩᠨᠡᠨ ᠰᠢᠯᠵᠢᠭᠦᠯᠦᠭᠰᠡᠨ ᠪᠡᠯᠡ ᠮᠦᠩᠭᠦ ᠶᠢ ᠪᠣᠯ ᠵᠠᠷᠴᠢᠮ ᠳᠡᠭᠡᠷ᠎ᠡ ᠪᠠᠨ | ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠲᠤᠰᠬᠠᠢ ᠵᠣᠭᠤᠰ ᠢ ᠲᠤᠰᠬᠠᠢ ᠬᠡᠷᠡᠭᠯᠡᠬᠦ ᠬᠡᠷᠡᠭᠲᠡᠢ᠃ ᠳ᠋ᠦᠩᠨᠡᠨ | ᠰᠢᠯᠵᠢᠭᠦᠯᠦᠭᠰᠡᠨ ᠪᠡᠯᠡ ᠮᠦᠩᠭᠦ ᠶᠢᠨ ᠬᠡᠪᠴᠢᠶ᠎ᠡ ᠨᠢ ᠨᠡᠯᠢᠶᠡᠳ ᠶᠡᠭᠡ ᠪᠣᠯ᠂ ᠡᠩ ᠤᠨ ᠣᠯᠠᠨ ᠨᠡᠶᠢᠲᠡ ᠶᠢᠨ | ᠲᠦᠰᠦᠪ ᠲᠤ ᠰᠢᠯᠵᠢᠭᠦᠯᠦᠨ ᠣᠷᠣᠭᠤᠯᠵᠤ ᠨᠢᠭᠡᠲᠦᠯᠲᠡᠢ ᠲᠦᠯᠦᠪᠯᠡᠨ ᠬᠡᠷᠡᠭᠯᠡᠬᠦ ᠬᠡᠷᠡᠭᠲᠡᠢ᠃ ᠵᠠᠰᠠᠭ ᠤᠨ ᠣᠷᠳᠤᠨ ᠤ | ᠴᠢᠨᠠᠷᠲᠠᠢ ᠰᠠᠭᠤᠷᠢ ᠮᠦᠩᠭᠦ ᠶᠢᠨ ᠳ᠋ᠦᠩᠨᠡᠨ ᠰᠢᠯᠵᠢᠭᠦᠯᠦᠭᠰᠡᠨ ᠪᠡᠯᠡ ᠮᠦᠩᠭᠦ ᠪᠦᠷᠢ ᠶᠢᠨ ᠬᠡᠪᠴᠢᠶ᠎ᠡ ᠶᠢ ᠶᠡᠷᠦ ᠳᠡᠭᠡᠨ | ᠲᠤᠰ ᠵᠦᠢᠯ ᠤᠨ ᠰᠠᠭᠤᠷᠢ ᠮᠦᠩᠭᠦ ᠶᠢᠨ ᠲᠣᠬᠠᠢ ᠶᠢᠨ ᠵᠢᠯ ᠤᠨ ᠣᠷᠣᠯᠭ᠎ᠠ ᠶᠢᠨ 30% ᠠᠴᠠ ᠬᠡᠲᠦᠷᠡᠭᠦᠯᠵᠦ ᠪᠣᠯᠬᠤ | ᠦᠭᠡᠢ᠃ | ︵ᠭᠤᠷᠪᠠ︶ ᠰᠢᠯᠵᠢᠭᠦᠯᠦᠨ ᠣᠯᠭᠤᠬᠤ ᠪᠠᠷ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠦᠩᠭᠦ ᠶᠢᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠡᠬᠡᠳᠤ ᠱᠠᠲᠤᠨ ᠤ ᠵᠠᠰᠠᠭ ᠤᠨ ᠣᠷᠳᠤᠨ ᠤ 2012 ᠣᠨ ᠵᠢᠴᠢ | ᠲᠡᠭᠦᠨ ᠠᠴᠠ ᠡᠮᠦᠨᠡᠬᠢ ᠣᠨ ᠤ ᠲᠤᠰᠬᠠᠢ ᠵᠦᠢᠯ ᠤᠨ ᠰᠢᠯᠵᠢᠭᠦᠯᠦᠨ ᠣᠯᠭᠤᠬᠤ ᠪᠠᠷ ᠳ᠋ᠦᠩᠨᠡᠨ ᠰᠢᠯᠵᠢᠭᠦᠯᠦᠭᠰᠡᠨ | ᠪᠡᠯᠡ ᠮᠦᠩᠭᠦ ᠶᠢ ᠲᠦᠰᠦᠪ ᠢᠶᠠᠷ ᠰᠠᠯᠠᠭ᠎ᠠ ᠮᠦᠴᠢᠷ ᠤᠳ ᠲᠤ ᠬᠠᠷᠠᠬᠠᠨ ᠬᠤᠪᠢᠶᠠᠷᠢᠯᠠᠭᠠ ᠦᠭᠡᠢ ᠪᠣᠯ᠂ ᠲᠤᠤᠷᠠᠳᠤ | ᠱᠠᠲᠤᠨ ᠤ ᠵᠠᠰᠠᠭ ᠤᠨ ᠣᠷᠳᠤᠨ ᠠᠴᠠ ᠲᠡᠬᠡᠳᠤ ᠱᠠᠲᠤᠨ ᠤ ᠵᠠᠰᠠᠭ ᠤᠨ ᠣᠷᠳᠤᠨ ᠳᠤ ᠪᠤᠴᠠᠭᠠᠬᠤ ᠬᠡᠷᠡᠭᠲᠡᠢ︔ | ᠰᠠᠯᠠᠭ᠎ᠠ ᠮᠦᠴᠢᠷ ᠤᠳ ᠲᠤ ᠨᠢᠭᠡᠨᠲᠡ ᠬᠤᠪᠢᠶᠠᠷᠢᠯᠠᠭᠰᠠᠨ ᠪᠣᠯ᠂ ᠲᠤᠰ ᠰᠠᠯᠠᠭ᠎ᠠ ᠮᠦᠴᠢᠷ ᠤᠨ ᠠᠳᠠᠯᠢ ᠱᠠᠲᠤᠨ ᠤ | ᠵᠠᠰᠠᠭ ᠤᠨ ᠣᠷᠳᠤᠨ ᠠᠴᠠ ᠬᠤᠷᠢᠶᠠᠨ ᠠᠪᠴᠤ ᠨᠢᠭᠡᠲᠦᠯᠲᠡᠢ ᠲᠦᠯᠦᠪᠯᠡᠨ ᠬᠡᠷᠡᠭᠯᠡᠨ᠎ᠡ᠃ ᠲᠡᠬᠡᠳᠤ ᠱᠠᠲᠤᠨ ᠤ | ᠵᠠᠰᠠᠭ ᠤᠨ ᠣᠷᠳᠤᠨ ᠤ 2013 ᠣᠨ ᠤ ᠲᠤᠰᠬᠠᠢ ᠵᠦᠢᠯ ᠤᠨ ᠰᠢᠯᠵᠢᠭᠦᠯᠦᠨ ᠣᠯᠭᠤᠬᠤ ᠪᠠᠷ ᠳ᠋ᠦᠩᠨᠡᠨ | ᠰᠢᠯᠵᠢᠭᠦᠯᠦᠭᠰᠡᠨ ᠪᠡᠯᠡ ᠮᠦᠩᠭᠦ ᠶᠢ ᠲᠤᠤᠷᠠᠳᠤ ᠱᠠᠲᠤᠨ ᠤ ᠵᠠᠰᠠᠭ ᠤᠨ ᠣᠷᠳᠤᠨ ᠤ ᠬᠢᠨ ᠪᠡᠯᠡ ᠮᠦᠩᠭᠦ ᠶᠢᠨ | ᠲᠦᠷᠦᠯ ᠲᠡᠰ ᠢᠶᠠᠷ ᠠᠩᠬᠢᠯᠠᠭᠰᠠᠨ ᠬᠡᠷᠡᠭᠴᠡᠭᠡ ᠶᠢ ᠨᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠦᠨᠳᠦᠰᠦᠨ | ᠱᠠᠲᠤᠨ ᠳᠤ ᠣᠶᠢᠷᠠᠲᠤᠭᠤᠯᠬᠤ ᠳᠠᠪᠠᠭᠤᠯᠢᠭ ᠢᠶᠠᠨ ᠪᠠᠳᠠᠷᠠᠭᠤᠯᠵᠤ᠂ ᠡᠮᠬᠢᠯᠡᠨ ᠨᠡᠶᠢᠯᠡᠭᠦᠯᠬᠦ ᠡᠷᠴᠢᠮ ᠢᠶᠠᠨ | ᠴᠢᠩᠭᠠᠷᠠᠭᠤᠯᠤᠨ᠂ ᠠᠳᠠᠯᠢᠬᠠᠨ ᠲᠦᠷᠦᠯ ᠲᠡᠰ ᠤᠨ ᠠᠩᠬᠢᠯᠠᠯ ᠳᠤᠤᠷᠠᠬᠢ ᠪᠤᠰᠤᠳ ᠲᠦᠷᠦᠯ ᠵᠦᠢᠯ ᠢᠶᠠᠷ | ᠲᠣᠬᠢᠷᠠᠭᠤᠯᠤᠨ ᠬᠡᠷᠡᠭᠯᠡᠬᠦ ᠶᠢᠨ ᠬᠠᠮᠲᠤ ᠲᠡᠬᠡᠳᠤ ᠱᠠᠲᠤᠨ ᠤ ᠵᠠᠰᠠᠭ ᠤᠨ ᠣᠷᠳᠤᠨ ᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ︵ᠳᠥᠷᠪᠡ︶ ᠰᠠᠯᠠᠭ᠎ᠠ ᠮᠦᠴᠢᠷ ᠤᠳ ᠤᠨ ᠲᠦᠰᠦᠪ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ | ᠮᠦᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠨᠦᠭᠦᠳ | ᠳ᠋ᠦᠩᠨᠡᠨ ᠰᠢᠯᠵᠢᠭᠦᠯᠦᠭᠰᠡᠨ ᠪᠡᠯᠡ ᠮᠦᠩᠭᠦ ᠶᠢᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠤᠯ ᠤᠨ | ᠬᠡᠷᠡᠭᠴᠡᠭᠡ ᠪᠠᠷ ᠬᠡᠷᠡᠭᠯᠡᠬᠦ ᠴᠢᠬᠤᠯᠠ ᠦᠭᠡᠢ ᠪᠣᠯ᠂ ᠲᠤᠰ ᠰᠠᠯᠠᠭ᠎ᠠ ᠮᠦᠴᠢᠷ᠂ ᠲᠤᠰ ᠨᠢᠭᠡᠴᠡ ᠶᠢᠨ ᠪᠤᠰᠤᠳ | ᠲᠦᠷᠦᠯ ᠵᠦᠢᠯ ᠳᠤ ᠲᠣᠭᠲᠠᠭᠠᠯ ᠶᠤᠰᠤᠭᠠᠷ ᠲᠣᠬᠢᠷᠠᠭᠤᠯᠤᠨ ᠬᠡᠷᠡᠭᠯᠡᠬᠦ ᠬᠡᠷᠡᠭᠲᠡᠢ᠃ 2012 ᠣᠨ ᠵᠢᠴᠢ | ᠲᠡᠭᠦᠨ ᠠᠴᠠ ᠡᠮᠦᠨᠡᠬᠢ ᠣᠨ ᠤ ᠲᠦᠷᠦᠯ ᠵᠦᠢᠯ ᠤᠨ ᠳ᠋ᠦᠩᠨᠡᠨ ᠰᠢᠯᠵᠢᠭᠦᠯᠦᠭᠰᠡᠨ ᠪᠡᠯᠡ ᠮᠦᠩᠭᠦ ᠶᠢ ᠦᠯᠡᠳᠡᠪᠦᠷᠢ | ᠪᠡᠯᠡ ᠮᠦᠩᠭᠦ ᠪᠣᠯᠭᠠᠵᠤ ᠬᠠᠮᠢᠶᠠᠷᠤᠨ᠂ ᠠᠳᠠᠯᠢ ᠱᠠᠲᠤᠨ ᠤ ᠵᠠᠰᠠᠭ ᠤᠨ ᠣᠷᠳᠤᠨ ᠠᠴᠠ ᠬᠤᠷᠢᠶᠠᠨ ᠠᠪᠴᠤ | ᠨᠢᠭᠡᠲᠦᠯᠲᠡᠢ ᠲᠦᠯᠦᠪᠯᠡᠨ ᠬᠡᠷᠡᠭᠯᠡᠬᠦ ᠬᠡᠷᠡᠭᠲᠡᠢ᠃ ᠪᠡᠯᠡ ᠮᠦᠩᠭᠦ ᠶᠢ ᠨᠢ ᠪᠤᠴᠠᠭᠠᠨ ᠬᠤᠷᠢᠶᠠᠭᠰᠠᠨ ᠲᠦᠷᠦᠯ | ᠵᠦᠢᠯ ᠢᠶᠠᠨ 2015 ᠣᠨ ᠵᠢᠴᠢ ᠬᠤᠶᠢᠰᠢᠬᠢ ᠣᠨ ᠳᠤ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠢ ᠪᠣᠯ᠂ ᠰᠢᠨ᠎ᠡ | ᠲᠦᠰᠦᠪ ᠤᠨ ᠲᠥᠷᠦᠯ ᠵᠦᠢᠯ ᠢᠶᠠᠷ ᠲᠦᠰᠦᠪ ᠤᠨ ᠬᠠᠮᠢᠶᠠᠷᠤᠯᠲᠠ ᠶᠢᠨ ᠳᠡᠰ ᠳᠠᠷᠠᠭᠠᠯᠠᠯ ᠶᠤᠰᠤᠭᠠᠷ ᠳᠠᠬᠢᠵᠤ | ᠰᠢᠨ᠎ᠡ ᠪᠠᠷ ᠭᠤᠶᠤᠴᠢᠯᠠᠨ ᠲᠣᠬᠢᠷᠠᠭᠤᠯᠬᠤ ᠬᠡᠷᠡᠭᠲᠡᠢ᠃ | ︵ᠲᠠᠪᠤ︶ ᠠᠪᠣᠴᠠᠭᠠ ᠥᠭᠴᠢᠭᠡ ᠶᠢᠨ ᠳᠦᠷᠢᠮ ᠢᠶᠠᠷ ᠲᠣᠭᠠᠴᠠᠭ᠎ᠠ ᠬᠢᠬᠦ ᠶᠢ ᠵᠢᠷᠤᠮᠵᠢᠭᠤᠯᠬᠤ ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠤᠨ ᠨᠢ ᠠᠪᠣᠴᠠᠭᠠ ᠥᠭᠴᠢᠭᠡ ᠶᠢᠨ ᠳᠦᠷᠢᠮ ᠢᠶᠠᠷ ᠲᠣᠭᠠᠴᠠᠭ᠎ᠠ ᠬᠢᠬᠦ ᠬᠦᠷᠢᠶ᠎ᠡ | ᠬᠡᠪᠴᠢᠶ᠎ᠡ ᠶᠢ ᠴᠢᠩᠭᠠᠳᠬᠠᠵᠤ᠂ ᠲᠣᠭᠠᠴᠠᠭ᠎ᠠ ᠬᠢᠬᠦ ᠬᠡᠪᠴᠢᠶ᠎ᠡ ᠶᠢ ᠬᠢᠵᠠᠭᠠᠷᠯᠠᠬᠤ ᠬᠡᠷᠡᠭᠲᠡᠢ᠃ 2014 ᠣᠨ ᠠᠴᠠ | ᠡᠬᠢᠯᠡᠨ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠤᠨ ᠨᠢ ᠤᠯᠤᠰ ᠤᠨ ᠬᠦᠮᠦᠷᠭᠡ ᠠᠴᠠ ᠵᠢᠯ ᠤᠨ | ᠡᠴᠦᠰ ᠤᠨ ᠦᠯᠡᠳᠡᠪᠦᠷᠢ ᠶᠢ ᠲᠦᠪᠯᠡᠷᠡᠭᠦᠯᠦᠨ ᠣᠯᠭᠤᠬᠤ ᠠᠴᠠ ᠭᠠᠳᠠᠨ᠎ᠠ᠂ ᠪᠤᠰᠤᠳ ᠢ ᠨᠢ ᠴᠦᠮ ᠠᠪᠣᠴᠠᠭᠠ | ᠥᠭᠴᠢᠭᠡ ᠶᠢᠨ ᠳᠦᠷᠢᠮ ᠤᠨ ᠶᠤᠰᠤᠭᠠᠷ ᠵᠠᠷᠤᠯᠭ᠎ᠠ ᠪᠠᠷ ᠵᠢᠭᠰᠠᠭᠠᠵᠤ ᠪᠣᠯᠬᠤ ᠦᠭᠡᠢ᠂ ᠠᠪᠣᠴᠠᠭᠠ ᠥᠭᠴᠢᠭᠡ ᠶᠢᠨ | ᠳᠦᠷᠢᠮ ᠤᠨ ᠠᠷᠭ᠎ᠠ ᠮᠠᠶ᠋ᠢᠭ ᠢ ᠲᠣᠭᠲᠠᠭᠠᠯ ᠠᠴᠠ ᠵᠦᠷᠢᠴᠡᠨ ᠬᠡᠷᠡᠭᠯᠡᠵᠦ ᠬᠤᠭᠤᠰᠤᠨ ᠵᠠᠷᠤᠯᠭ᠎ᠠ ᠵᠢᠭᠰᠠᠭᠠᠬᠤ ᠶᠢ | ᠡᠷᠡᠰ ᠴᠠᠭᠠᠵᠠᠯᠠᠨ᠎ᠠ᠃ ᠤᠯᠤᠰ ᠤᠨ ᠬᠦᠮᠦᠷᠭᠡ ᠠᠴᠠ ᠵᠢᠯ ᠤᠨ ᠡᠴᠦᠰ ᠤᠨ ᠦᠯᠡᠳᠡᠪᠦᠷᠢ ᠪᠡᠯᠡ ᠮᠦᠩᠭᠦ ᠶᠢ | ᠲᠦᠪᠯᠡᠷᠡᠭᠦᠯᠦᠨ ᠣᠯᠭᠤᠬᠤ ᠠᠴᠠ ᠭᠠᠳᠠᠨ᠎ᠠ᠂ ᠶᠡᠷᠦᠩᠬᠡᠢ ᠲᠦᠰᠦᠪ ᠤᠨ ᠨᠢᠭᠲᠠᠯᠠᠨ ᠪᠤᠳᠤᠬᠤ ᠠᠵᠢᠯ ᠳᠠᠭᠠᠨ | ᠵᠢᠭᠡᠯᠡᠵᠦ ᠭᠠᠷᠭᠠᠬᠤ ᠪᠠᠨ ︽ᠡᠩ ᠤᠨ ᠲᠦᠰᠦᠪ ᠤᠨ ᠵᠠᠷᠤᠯᠭ᠎ᠠ︾᠂ ᠵᠢᠭᠡᠯᠡᠯᠭᠡ ᠤᠯᠭᠤᠬᠤ ᠪᠠᠨ ︽ᠲᠦᠷ | ᠬᠠᠳᠠᠭᠠᠯᠠᠬᠤ ᠵᠤᠭᠤᠰ︾ ᠤᠨ ᠵᠦᠢᠯ ᠢᠯᠭᠠᠯ ᠤᠨ ᠠᠷᠭ᠎ᠠ ᠮᠠᠶ᠋ᠢᠭ ᠢᠶᠠᠷ ᠲᠣᠭᠠᠴᠠᠭ᠎ᠠ ᠬᠢᠭᠰᠡᠨ ᠪᠣᠯ᠂ ᠴᠦᠮ | ᠬᠤᠭᠤᠰᠤᠨ ᠵᠠᠷᠤᠯᠭ᠎ᠠ ᠵᠢᠭᠰᠠᠭᠠᠭᠰᠠᠨ ᠢᠶᠠᠷ ᠰᠢᠢᠳᠪᠦᠷᠢᠯᠡᠨ᠎ᠡ᠃ ᠠᠪᠣᠴᠠᠭᠠ ᠥᠭᠴᠢᠭᠡ ᠶᠢᠨ ᠳᠦᠷᠢᠮ ᠢᠶᠠᠷ | ᠲᠣᠭᠠᠴᠠᠭ᠎ᠠ ᠬᠢᠬᠦ ᠣᠨᠴᠤᠭᠤᠢ ᠲᠣᠭᠲᠠᠭᠠᠭᠰᠠᠨ ᠵᠦᠢᠯᠡᠰ ᠢ ᠲᠤᠰ ᠱᠠᠲᠤᠨ ᠤ ᠪᠠᠨ ᠠᠷᠠᠳ ᠤᠨ | ᠲᠦᠯᠦᠭᠡᠯᠡᠭᠴᠢᠳ ᠤᠨ ᠪᠠᠶᠢᠩᠭᠤ ᠬᠤᠷᠢᠶ᠎ᠠ ᠳᠤ ᠮᠡᠳᠡᠭᠦᠯᠬᠦ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠤᠨ ᠨᠤᠭᠤᠳ 2013 ᠣᠨ ᠵᠢᠴᠢ ᠲᠡᠭᠦᠨ ᠠᠴᠠ ᠡᠮᠦᠨᠡᠬᠢ ᠠᠪᠣᠴᠠᠭᠠ | ᠥᠭᠴᠢᠭᠡ ᠶᠢᠨ ᠳᠦᠷᠢᠮ ᠢᠶᠠᠷ ᠲᠣᠭᠠᠴᠠᠭ᠎ᠠ ᠬᠢᠬᠦ ᠵᠦᠢᠯᠡᠰ ᠢ ᠢᠯᠭᠠᠷᠠᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠳᠤ ᠪᠡᠯᠡ ᠮᠦᠩᠭᠦ ᠶᠢᠨ ᠳᠡᠮᠵᠢᠯᠭᠡ ᠲᠤᠯᠭᠠᠮ᠎ᠠ ᠱᠠᠭᠠᠷᠳᠠᠭᠳᠠᠵᠤ ᠪᠠᠶᠢᠭ᠎ᠠ ᠬᠦᠷᠢᠶᠡᠨ ᠳᠤ ᠨᠢᠭᠡᠲᠦᠯᠲᠡᠢ | ᠲᠦᠯᠦᠪᠯᠡᠨ ᠬᠡᠷᠡᠭᠯᠡᠬᠦ ᠶᠢᠨ ᠬᠠᠮᠲᠤ᠂ 2016 ᠣᠨ ᠤ ᠡᠴᠦᠰ ᠠᠴᠠ ᠡᠮᠦᠨ᠎ᠡ ᠬᠡᠷᠡᠭᠯᠡᠵᠦ ᠳᠠᠭᠤᠰᠬᠠᠬᠤ ᠬᠡᠷᠡᠭᠲᠡᠢ᠃ | ᠤᠯᠤᠰ ᠤᠨ ᠬᠦᠮᠦᠷᠭᠡ ᠠᠴᠠ ᠲᠦᠪᠯᠡᠷᠡᠭᠦᠯᠦᠨ ᠣᠯᠭᠤᠭᠰᠠᠨ ᠵᠢᠯ ᠤᠨ ᠡᠴᠦᠰ ᠤᠨ ᠦᠯᠡᠳᠡᠪᠦᠷᠢ ᠶᠢ | ᠢᠯᠭᠠᠷᠠᠭᠤᠯᠤᠭᠠᠳ ᠰᠢᠨ᠎ᠡ ᠪᠠᠷ ᠪᠣᠢ ᠪᠣᠯᠣᠭᠰᠠᠨ ᠠᠪᠣᠴᠠᠭᠠ ᠥᠭᠴᠢᠭᠡ ᠶᠢᠨ ᠳᠦᠷᠢᠮ ᠢᠶᠠᠷ ᠲᠣᠭᠠᠴᠠᠭ᠎ᠠ ᠬᠢᠬᠦ | ᠵᠦᠢᠯᠡᠰ ᠢ 2 ᠵᠢᠯ ᠤᠨ ᠳᠤᠲᠤᠷ᠎ᠠ ᠬᠡᠷᠡᠭᠯᠡᠵᠦ ᠳᠠᠭᠤᠰᠬᠠᠬᠤ ᠬᠡᠷᠡᠭᠲᠡᠢ᠃ | ︵ᠵᠢᠷᠭᠤᠭ᠎ᠠ︶ ᠡᠳ᠋ ᠤᠨ ᠵᠠᠰᠠᠭ ᠤᠨ ᠲᠤᠰᠬᠠᠢ ᠡᠷᠦᠬᠡ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ | ᠬᠡᠷᠡᠭᠲᠡᠢ᠃ ᠦᠯᠡᠳᠡᠭᠡᠯ ᠡᠳ᠋ ᠤᠨ ᠵᠠᠰᠠᠭ ᠤᠨ ᠲᠤᠰᠬᠠᠢ ᠡᠷᠦᠬᠡ ᠶᠢ ᠪᠦᠬᠦ ᠲᠠᠯ᠎ᠠ ᠪᠠᠷ ᠢᠯᠭᠠᠷᠠᠭᠤᠯᠤᠨ᠂ ᠡᠳ᠋ ᠤᠨ | ᠵᠠᠰᠠᠭ ᠤᠨ ᠶᠠᠮᠦᠨ ᠢᠶᠠᠷ ᠬᠢᠨᠠᠨ ᠬᠠᠷᠭᠤᠭᠤᠯᠤᠭᠠᠳ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ | ᠦᠯᠡᠳᠡᠭᠡᠬᠦ ᠪᠠᠷ ᠵᠥᠪᠰᠢᠶᠡᠷᠡᠭᠦᠯᠦᠭᠰᠡᠨ ᠡᠳ᠋ ᠤᠨ ᠵᠠᠰᠠᠭ ᠤᠨ ᠲᠤᠰᠬᠠᠢ ᠡᠷᠦᠬᠡ ᠠᠴᠠ ᠭᠠᠳᠠᠨ᠎ᠠ᠂ ᠪᠤᠰᠤᠳ ᠡᠳ᠋ ᠤᠨ | ᠵᠠᠰᠠᠭ ᠤᠨ ᠲᠤᠰᠬᠠᠢ ᠡᠷᠦᠬᠡ ᠶᠢ 2 ᠵᠢᠯ ᠤᠨ ᠳᠤᠲᠤᠷ᠎ᠠ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠨ᠎ᠠ︔ | 2014 ᠣᠨ ᠳᠤ ᠡᠳ᠋ ᠤᠨ ᠵᠠᠰᠠᠭ ᠤᠨ ᠶᠠᠮᠦᠨ ᠠᠴᠠ ᠪᠢᠴᠢᠭ ᠮᠠᠲ᠋ᠧᠷᠢᠶᠠᠯ ᠪᠠᠭᠤᠯᠭᠠᠵᠤ ᠡᠳ᠋ ᠤᠨ ᠵᠠᠰᠠᠭ ᠤᠨ | ᠲᠤᠰᠬᠠᠢ ᠡᠷᠦᠬᠡ ᠪᠠᠨ ᠢᠯᠭᠠᠷᠠᠭᠤᠯᠵᠤ ᠬᠦᠴᠦᠨ ᠦᠭᠡᠢ ᠪᠣᠯᠭᠠᠬᠤ ᠪᠠᠷ ᠡᠯ᠎ᠡ ᠭᠠᠵᠠᠷ ᠣᠷᠣᠨ ᠢ ᠱᠠᠭᠠᠷᠳᠠᠭᠰᠠᠨ | ᠪᠣᠯᠬᠤᠷ᠂ ᠲᠣᠭᠲᠠᠭᠰᠠᠨ ᠬᠤᠭᠤᠴᠠᠭ᠎ᠠ ᠶᠤᠰᠤᠭᠠᠷ ᠢᠯᠭᠠᠷᠠᠭᠤᠯᠵᠤ ᠨᠡᠶᠢᠯᠡᠭᠦᠯᠬᠦ ᠪᠣᠶᠣ ᠡᠷᠦᠬᠡ ᠶᠢ ᠨᠢ ᠬᠠᠰᠤᠬᠤ | ᠬᠡᠷᠡᠭᠲᠡᠢ᠃ ᠡᠳ᠋ ᠤᠨ ᠵᠠᠰᠠᠭ ᠤᠨ ᠲᠤᠰᠬᠠᠢ ᠡᠷᠦᠬᠡ ᠪᠠᠶᠢᠭᠤᠯᠬᠤ ᠲᠠᠯ᠎ᠠ ᠪᠠᠷ ᠬᠢ ᠬᠢᠨᠠᠨ ᠵᠥᠪᠰᠢᠶᠡᠷᠡᠬᠦ ᠳᠡᠰ | ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠡᠯ᠎ᠡ ᠭᠠᠵᠠᠷ ᠤᠨ ᠬᠢᠨ ᠲᠤᠰᠬᠠᠢ ᠵᠠᠷᠤᠯᠭ᠎ᠠ ᠶᠢᠨ ᠡᠳ᠋ ᠤᠨ | ᠵᠠᠰᠠᠭ ᠤᠨ ᠲᠤᠰᠬᠠᠢ ᠡᠷᠦᠬᠡ ᠶᠢ ᠳᠠᠬᠢᠵᠤ ᠰᠢᠨ᠎ᠡ ᠪᠠᠷ ᠪᠠᠶᠢᠭᠤᠯᠵᠤ ᠪᠣᠯᠬᠤ ᠦᠭᠡᠢ︔ ᠪᠤᠰᠤᠳ ᠡᠳ᠋ ᠤᠨ | ᠵᠠᠰᠠᠭ ᠤᠨ ᠲᠤᠰᠬᠠᠢ ᠡᠷᠦᠬᠡ ᠪᠠᠶᠢᠭᠤᠯᠬᠤ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠶᠤᠰᠤᠭᠠᠷ | ᠡᠳ᠋ ᠤᠨ ᠵᠠᠰᠠᠭ ᠤᠨ ᠶᠠᠮᠦᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠤᠰᠬᠠᠢ | ᠡᠷᠦᠬᠡ ᠶᠢᠨ ᠪᠡᠯᠡ ᠮᠦᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠤᠰᠤᠳ ᠲᠣᠭᠲᠠᠭᠠᠯ ᠭᠠᠷᠭᠠᠪᠠᠯ᠂ ᠡᠳ᠋ ᠤᠨ ᠵᠠᠰᠠᠭ ᠤᠨ ᠲᠤᠰᠬᠠᠢ | ᠡᠷᠦᠬᠡ ᠶᠢᠨ ᠪᠡᠯᠡ ᠮᠦᠩᠭᠦ ᠶᠢ ᠵᠢᠭᠡᠯᠡᠨ ᠠᠪᠴᠤ ᠡᠷᠬᠢᠯᠳᠦᠭᠦᠯᠦᠨ ᠬᠡᠷᠡᠭᠯᠡᠬᠦ ᠪᠣᠶᠣ ᠲᠤᠰᠬᠠᠢ ᠡᠷᠦᠬᠡ ᠠᠴᠠ | ᠦᠷᠲᠡᠭ ᠢ ᠪᠠᠲᠤᠯᠠᠨ ᠨᠡᠮᠡᠭᠳᠡᠭᠦᠯᠬᠦ ᠪᠠᠷ ᠰᠢᠯᠵᠢᠭᠦᠯᠦᠨ ᠭᠠᠷᠭᠠᠬᠤ ᠶᠢ ᠴᠠᠭᠠᠵᠠᠯᠠᠨ᠎ᠠ᠂ ᠨᠢᠭᠡᠨᠲᠡ ᠵᠢᠭᠡᠯᠡᠨ ᠭᠠᠷᠭᠠᠭᠰᠠᠨ | ᠪᠣᠶᠣ ᠲᠤᠰᠬᠠᠢ ᠡᠷᠦᠬᠡ ᠠᠴᠠ ᠰᠢᠯᠵᠢᠭᠦᠯᠦᠨ ᠭᠠᠷᠭᠠᠭᠰᠠᠨ ᠪᠡᠯᠡ ᠮᠦᠩᠭᠦ ᠶᠢ ᠬᠤᠭᠤᠴᠠᠭ᠎ᠠ ᠬᠢᠵᠠᠭᠠᠷᠯᠠᠨ ᠬᠤᠷᠢᠶᠠᠵᠤ | ᠠᠪᠴᠢᠷᠠᠬᠤ ᠬᠡᠷᠡᠭᠲᠡᠢ︔ ᠲᠤᠰᠬᠠᠢ ᠡᠷᠦᠬᠡ ᠶᠢᠨ ᠪᠡᠯᠡ ᠮᠦᠩᠭᠦ ᠶᠢ ᠡᠷᠬᠡᠪᠰᠢ ᠲᠣᠭᠲᠠᠭᠠᠭᠰᠠᠨ ᠬᠡᠷᠡᠭᠴᠡᠭᠡ ᠶᠤᠰᠤᠭᠠᠷ | ᠬᠡᠷᠡᠭᠯᠡᠵᠦ᠂ ᠢᠯᠠᠭᠠᠷᠠᠭᠤᠯᠵᠤ ᠬᠦᠴᠦᠨ ᠦᠭᠡᠢ ᠪᠣᠯᠭᠠᠭᠰᠠᠨ ᠡᠳ᠋ ᠤᠨ ᠵᠠᠰᠠᠭ ᠤᠨ ᠲᠤᠰᠬᠠᠢ ᠡᠷᠦᠬᠡ ᠳᠠᠬᠢ ᠪᠡᠯᠡ | ᠮᠦᠩᠭᠦ ᠶᠢ ᠪᠤᠰᠤᠳ ᠡᠳ᠋ ᠤᠨ ᠵᠠᠰᠠᠭ ᠤᠨ ᠲᠤᠰᠬᠠᠢ ᠡᠷᠦᠬᠡ ᠳᠤ ᠲᠣᠭᠲᠠᠭᠠᠯ ᠶᠤᠰᠤᠭᠠᠷ ᠨᠡᠶᠢᠯᠡᠭᠦᠯᠦᠨ ᠣᠷᠤᠭᠤᠯᠵᠤ | ᠳᠠᠩᠰᠠ ᠬᠤᠪᠢᠶᠠᠨ ᠲᠣᠭᠠᠴᠠᠭ᠎ᠠ ᠬᠢᠬᠦ ᠪᠣᠶᠣ ᠤᠯᠤᠰ ᠤᠨ ᠬᠦᠮᠦᠷᠭᠡ ᠳᠤ ᠴᠠᠭ ᠲᠤᠬᠠᠢ ᠳᠤᠨᠢ ᠲᠤᠰᠢᠶᠠᠬᠤ ᠬᠡᠷᠡᠭᠲᠡᠢ᠃ | ᠲᠣᠭᠲᠠᠭᠠᠯ ᠠᠴᠠ ᠵᠦᠷᠢᠴᠡᠵᠦ ᠡᠳ᠋ ᠤᠨ ᠵᠠᠰᠠᠭ ᠤᠨ ᠪᠡᠯᠡ ᠮᠦᠩᠭᠦ ᠶᠢ ᠤᠯᠤᠰ ᠤᠨ ᠬᠦᠮᠦᠷᠭᠡ ᠠᠴᠠ ᠡᠳ᠋ ᠤᠨ | ᠵᠠᠰᠠᠭ ᠤᠨ ᠲᠤᠰᠬᠠᠢ ᠡᠷᠦᠬᠡ ᠪᠠᠷ ᠰᠢᠯᠵᠢᠭᠦᠯᠦᠨ ᠣᠷᠤᠭᠤᠯᠤᠭᠰᠠᠨ ᠤ ᠬᠠᠮᠲᠤ᠂ ᠬᠤᠭᠤᠰᠤᠨ ᠵᠠᠷᠤᠯᠭ᠎ᠠ ᠪᠠᠷ | ᠵᠢᠭᠰᠠᠭᠠᠬᠤ ᠪᠣᠶᠣ ᠡᠳ᠋ ᠤᠨ ᠵᠠᠰᠠᠭ ᠤᠨ ᠪᠡᠯᠡ ᠮᠦᠩᠭᠦ ᠶᠢ ᠲᠦᠰᠦᠪ ᠤᠨ ᠨᠢᠭᠡᠴᠡ ᠶᠢᠨ ᠪᠤᠲᠠᠲᠠᠢ ᠪᠠᠶᠢᠭ᠎ᠠ ᠪᠡᠯᠡ | ᠮᠦᠩᠭᠦ ᠶᠢᠨ ᠪᠠᠩᠭᠢ ᠶᠢᠨ ᠳᠠᠩᠰᠠᠨ ᠳᠤ ᠣᠯᠭᠤᠵᠣ ᠥᠭᠬᠦ ᠶᠢ ᠡᠷᠡᠰ ᠴᠠᠭᠠᠵᠠᠯᠠᠬᠤ ᠬᠡᠷᠡᠭᠲᠡᠢ᠃ | ︵ᠳᠤᠯᠤᠭ᠎ᠠ︶ ᠣᠷᠤᠯᠭ᠎ᠠ ᠪᠠᠨ ᠬᠦᠮᠦᠷᠭᠡ ᠳᠤ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠠᠯᠢᠪᠠ ᠭᠠᠶᠢᠯᠢ ᠶᠢᠨ ᠪᠤᠰᠤ | ᠣᠷᠤᠯᠭ᠎ᠠ ᠶᠢ ᠣᠷᠣᠯᠭ᠎ᠠ ᠬᠤᠷᠢᠶᠠᠬᠤ ᠶᠢ ᠬᠠᠷᠢᠭᠤᠴᠠᠳᠠᠭ ᠨᠢᠭᠡᠴᠡ ᠨᠦᠭᠦᠳ ᠭᠠᠶᠢᠯᠢ ᠶᠢᠨ ᠪᠤᠰᠤ ᠣᠷᠣᠯᠭ᠎ᠠ ᠶᠢ | ᠤᠯᠤᠰ ᠤᠨ ᠬᠦᠮᠦᠷᠭᠡ ᠳᠤ ᠲᠦᠪᠯᠡᠷᠡᠭᠦᠯᠦᠨ ᠲᠤᠰᠢᠶᠠᠬᠤ ᠬᠤᠯᠪᠤᠭᠳᠠᠯ ᠪᠦᠬᠦᠢ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠣᠷᠣᠯᠭ᠎ᠠ ᠶᠢᠨ ᠰᠢᠯᠵᠢᠯᠲᠡ ᠶᠢᠨ ᠴᠢᠨᠠᠷᠲᠠᠢ ᠳᠠᠩᠰᠠᠨ ᠡᠷᠦᠬᠡ ᠶᠢ ᠬᠦᠴᠦᠨ ᠦᠭᠡᠢ ᠪᠣᠯᠭᠠᠨ᠂ | ᠭᠠᠶᠢᠯᠢ ᠶᠢᠨ ᠪᠤᠰᠤ ᠣᠷᠣᠯᠭ᠎ᠠ ᠶᠢ ᠡᠳ᠋ ᠤᠨ ᠵᠠᠰᠠᠭ ᠲᠤ ᠴᠠᠭ ᠲᠣᠬᠠᠢ ᠳᠤᠨᠢ ᠲᠤᠭ᠎ᠠ ᠶᠣᠰᠤᠭᠠᠷ ᠨᠢ ᠭᠦᠢᠴᠡᠳ | ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠠᠶᠢᠯᠢ ᠶᠢᠨ ᠪᠤᠰᠤ ᠣᠷᠣᠯᠭ᠎ᠠ ᠶᠢᠨ ᠡᠯᠧᠺᠲᠷᠣᠨ ᠢᠶᠠᠷ | ᠬᠦᠮᠦᠷᠭᠡ ᠳᠤ ᠲᠤᠰᠢᠶᠠᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠭᠠᠶᠢᠯᠢ ᠶᠢᠨ ᠪᠤᠰᠤ ᠣᠷᠤᠯᠭ᠎ᠠ ᠶᠢ | ᠤᠯᠤᠰ ᠤᠨ ᠬᠦᠮᠦᠷᠭᠡ ᠳᠤ ᠰᠢᠭᠤᠳ ᠲᠤᠰᠢᠶᠠᠬᠤ ᠶᠢ ᠪᠡᠶᠡᠯᠡᠭᠦᠯᠦᠨ᠎ᠡ︔ ᠭᠠᠶᠢᠯᠢ ᠶᠢᠨ ᠪᠤᠰᠤ ᠣᠷᠣᠯᠭ᠎ᠠ ᠶᠢ | ᠬᠦᠮᠦᠷᠭᠡ ᠳᠤ ᠰᠢᠭᠤᠳ ᠲᠤᠰᠢᠶᠠᠬᠤ ᠶᠢ ᠲᠦᠷ ᠪᠡᠶᠡᠯᠡᠭᠦᠯᠦᠭᠡᠳᠦᠢ ᠪᠣᠯ᠂ ᠡᠳ᠋ ᠤᠨ ᠵᠠᠰᠠᠭ ᠤᠨ ᠲᠤᠰᠬᠠᠢ | ᠡᠷᠦᠬᠡ ᠳᠤ ᠲᠤᠰᠢᠶᠠᠨ ᠣᠷᠤᠭᠤᠯᠤᠭᠰᠠᠨ ᠭᠠᠶᠢᠯᠢ ᠶᠢᠨ ᠪᠤᠰᠤ ᠣᠷᠣᠯᠭ᠎ᠠ ᠶᠢᠨ ᠪᠡᠯᠡ ᠮᠦᠩᠭᠦ ᠶᠢ 10 ᠠᠵᠢᠯᠯᠠᠬᠤ | ᠡᠳᠦᠷ ᠤᠨ ᠲᠤᠳᠤᠷ᠎ᠠ ᠤᠯᠤᠰ ᠤᠨ ᠬᠦᠮᠦᠷᠭᠡ ᠳᠤ ᠲᠤᠭ᠎ᠠ ᠶᠤᠰᠤᠭᠠᠷ ᠨᠢ ᠭᠦᠢᠴᠡᠳ ᠲᠤᠰᠢᠶᠠᠵᠤ᠂ ᠶᠠᠮᠠᠷᠪᠠ | ᠰᠢᠯᠲᠠᠭᠠᠨ ᠢᠶᠠᠷ ᠤᠳᠠᠭᠠᠰᠢᠷᠠᠭᠤᠯᠬᠤ ᠪᠣᠶᠣ ᠲᠤᠰᠢᠶᠠᠬᠤ ᠦᠭᠡᠢ ᠪᠠᠶᠢᠵᠤ ᠪᠣᠯᠬᠤ ᠦᠭᠡᠢ᠃ ᠬᠦᠮᠦᠷᠭᠡ ᠳᠤ | ᠬᠤᠶᠢᠰᠢᠯᠠᠭᠤᠯᠤᠨ ᠲᠤᠰᠢᠶᠠᠬᠤ ᠵᠡᠷᠭᠡ ᠡᠳ᠋ ᠤᠨ ᠵᠠᠰᠠᠭ ᠤᠨ ᠣᠷᠣᠯᠭ᠎ᠠ ᠪᠠᠨ ᠲᠣᠬᠢᠷᠠᠭᠤᠯᠬᠤ ᠠᠵᠢᠯᠯᠠᠭ᠎ᠠ ᠶᠢ ᠡᠷᠡᠰ | ᠲᠡᠪᠴᠢᠬᠦ ᠬᠡᠷᠡᠭᠲᠡᠢ᠃ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠣᠷᠤᠯᠭ᠎ᠠ ᠪᠠᠨ ᠬᠠᠭᠤᠷᠮᠠᠭ ᠢᠶᠠᠷ ᠵᠢᠭᠰᠠᠭᠠᠬᠤ ᠪᠣᠶᠣ | ᠲᠡᠮᠲᠡᠭᠯᠡᠪᠡᠰᠦ ᠵᠣᠬᠢᠬᠤ ᠣᠷᠤᠯᠭ᠎ᠠ ᠪᠠᠨ ᠲᠡᠮᠲᠡᠭᠯᠡᠬᠦ ᠦᠭᠡᠢ ᠪᠠᠷ ᠬᠤᠯᠪᠤᠵᠤ ᠭᠦᠢᠯᠭᠡᠭᠡᠬᠦ ᠶᠢ ᠡᠷᠡᠰ ᠴᠠᠭᠠᠵᠠᠯᠠᠨ᠎ᠠ᠃ | ︵ᠨᠠᠢᠮᠠ︶ ᠲᠦᠰᠦᠪ ᠤᠨ ᠡᠷᠬᠢᠯᠲᠡ ᠶᠢᠨ ᠮᠦᠩᠭᠦ᠂ ᠲᠦᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ | ᠰᠠᠭᠤᠷᠢ ᠮᠦᠩᠭᠦ ᠪᠠ ᠥᠷᠢ ᠥᠭᠴᠢᠭᠡ ᠲᠦᠯᠦᠬᠦ ᠪᠡᠯᠡᠳᠭᠡᠯ ᠮᠦᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠤᠨ ᠨᠤᠭᠤᠳ ᠲᠦᠰᠦᠪ ᠤᠨ ᠡᠷᠬᠢᠯᠲᠡ ᠶᠢᠨ ᠮᠦᠩᠭᠦ ᠪᠠᠶᠢᠭᠤᠯᠵᠤ᠂ | ᠲᠤᠰ ᠱᠠᠲᠤᠨ ᠤ ᠵᠠᠰᠠᠭ ᠤᠨ ᠣᠷᠳᠤᠨ ᠤ ᠲᠦᠰᠦᠪ ᠤᠨ ᠣᠨ ᠤ ᠳᠤᠲᠤᠷᠠᠬᠢ ᠤᠯᠠᠷᠢᠯ ᠤᠨ ᠴᠢᠨᠠᠷᠲᠠᠢ ᠣᠷᠤᠯᠭ᠎ᠠ | ᠵᠠᠷᠤᠯᠭ᠎ᠠ ᠶᠢᠨ ᠵᠦᠷᠢᠶᠡᠳᠦ ᠲᠤᠭ᠎ᠠ ᠶᠢ ᠲᠣᠬᠢᠷᠠᠭᠤᠯᠬᠤ ᠳᠤ ᠬᠡᠷᠡᠭᠯᠡᠨ᠎ᠡ᠂ ᠭᠡᠪᠡᠴᠦ ᠲᠦᠰᠦᠪ ᠤᠨ ᠡᠷᠬᠢᠯᠲᠡ ᠶᠢᠨ | ᠮᠦᠩᠭᠦ ᠶᠢᠨ ᠲᠤᠭ᠎ᠠ ᠬᠡᠮᠵᠢᠶ᠎ᠠ ᠶᠢ ᠴᠢᠩᠭ᠎ᠠ ᠬᠢᠵᠠᠭᠠᠷᠯᠠᠵᠤ᠂ ᠲᠦᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ ᠳᠤ | ᠲᠣᠭᠲᠠᠭᠠᠭᠰᠠᠨ ᠬᠠᠷᠢᠴᠠᠯ ᠠᠴᠠ ᠬᠡᠲᠦᠷᠡᠭᠦᠯᠵᠦ ᠪᠣᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠤᠨ ᠨᠤᠭᠤᠳ | ᠪᠤᠳᠠᠳᠤ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠦᠭᠡᠢ ᠰᠤᠯᠠ ᠪᠠᠶᠢᠬᠤ ᠲᠦᠰᠦᠪ ᠤᠨ ᠡᠷᠬᠢᠯᠲᠡ ᠶᠢᠨ | ᠮᠦᠩᠭᠦ ᠪᠠᠨ ᠲᠦᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ ᠪᠡᠯᠡ ᠮᠦᠩᠭᠦ ᠳᠤ ᠲᠣᠬᠢᠷᠠᠭᠤᠯᠤᠨ ᠣᠷᠤᠭᠤᠯᠵᠤ | ᠪᠣᠯᠣᠨ᠎ᠠ᠃ ᠲᠦᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ ᠰᠠᠭᠤᠷᠢ ᠮᠦᠩᠭᠦ ᠶᠢᠨ ᠬᠡᠪᠴᠢᠶ᠎ᠡ ᠶᠢ | ᠵᠣᠬᠢᠰᠲᠠᠢ ᠪᠠᠷ ᠬᠢᠵᠠᠭᠠᠷᠯᠠᠵᠤ᠂ ᠲᠦᠰᠦᠪ ᠤᠨ ᠲᠣᠭᠲᠠᠭᠤᠨ ᠲᠣᠬᠢᠷᠠᠭᠤᠯᠤᠯᠲᠠ ᠶᠢᠨ ᠰᠠᠭᠤᠷᠢ ᠮᠦᠩᠭᠦ ᠪᠠᠨ ᠣᠨ ᠤ | ᠲᠦᠰᠦᠪ ᠤᠨ ᠨᠠᠶᠢᠷᠠᠭᠤᠯᠤᠨ ᠵᠣᠬᠢᠶᠠᠬᠤ ᠳᠤ ᠲᠣᠬᠢᠷᠠᠭᠤᠯᠤᠨ ᠣᠷᠤᠭᠤᠯᠤᠭᠰᠠᠨ ᠤ ᠳᠠᠷᠠᠭᠠᠬᠢ ᠬᠡᠪᠴᠢᠶ᠎ᠡ ᠶᠢ | ᠶᠡᠷᠦ ᠳᠡᠭᠡᠨ ᠲᠣᠬᠠᠢ ᠶᠢᠨ ᠵᠢᠯ ᠤᠨ ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ | ᠶᠡᠷᠦᠩᠬᠡᠢ ᠲᠣᠭᠠᠨ ᠤ 5% ᠠᠴᠠ ᠬᠡᠲᠦᠷᠡᠭᠦᠯᠵᠦ ᠪᠣᠯᠬᠤ ᠦᠭᠡᠢ᠃ 5% ᠠᠴᠠ ᠬᠡᠲᠦᠷᠡᠭᠰᠡᠨ ᠪᠣᠯ᠂ ᠡᠯ᠎ᠡ | ᠱᠠᠲᠤᠨ ᠤ ᠵᠠᠰᠠᠭ ᠤᠨ ᠣᠷᠳᠤᠨ ᠠᠴᠠ ᠤᠯᠠᠭᠠᠨ ᠲᠤᠭ᠎ᠠ ᠶᠢ ᠲᠤᠯᠭᠠᠨ ᠬᠠᠰᠤᠬᠤ ᠪᠣᠶᠣ ᠵᠠᠰᠠᠭ ᠤᠨ ᠣᠷᠳᠤᠨ ᠤ | ᠥᠷᠢ ᠥᠭᠴᠢᠭᠡ ᠲᠦᠯᠦᠬᠦ ᠵᠠᠷᠤᠯᠭ᠎ᠠ ᠪᠠᠨ ᠦᠭᠡᠶᠢᠰᠭᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠥᠷᠢ ᠥᠭᠴᠢᠭᠡ | ᠲᠦᠯᠦᠬᠦ ᠪᠡᠯᠡᠳᠭᠡᠯ ᠮᠦᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ 2015 ᠣᠨ ᠤ 1 ᠳ᠋ᠤᠭᠡᠷ ᠰᠠᠷ᠎ᠠ ᠶᠢᠨ | 1 ᠤ ᠡᠳᠦᠷ ᠠᠴᠠ ᠡᠬᠢᠯᠡᠨ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠤᠨ ᠠᠴᠠ ᠡᠯ᠎ᠡ ᠵᠦᠢᠯ ᠤᠨ | ᠬᠡᠯᠪᠡᠷᠢ ᠶᠢᠨ ᠥᠷᠢ ᠥᠭᠴᠢᠭᠡ ᠲᠦᠯᠦᠬᠦ ᠪᠡᠯᠡᠳᠭᠡᠯ ᠮᠦᠩᠭᠦ ᠶᠢ ᠰᠢᠨ᠎ᠡ ᠪᠠᠷ ᠪᠠᠶᠢᠭᠤᠯᠵᠤ ᠪᠣᠯᠬᠤ ᠦᠭᠡᠢ᠂ ᠦᠨᠡᠨᠬᠦ | ᠥᠷᠢ ᠥᠭᠴᠢᠭᠡ ᠲᠦᠯᠦᠬᠦ ᠬᠡᠷᠡᠭᠴᠡᠭᠡ ᠲᠠᠢ ᠪᠣᠯ᠂ ᠴᠦᠮ ᠭᠤᠷᠪᠠᠨ ᠵᠢᠯ ᠤᠨ ᠦᠩᠭᠦᠷᠢᠭᠡ ᠲᠦᠰᠦᠪ ᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠣᠨ ᠬᠤᠪᠢᠶᠠᠨ ᠲᠦᠰᠦᠪ ᠤᠨ ᠲᠣᠬᠢᠷᠠᠭᠤᠯᠤᠯᠲᠠ ᠳᠤ ᠤᠷᠤᠭᠤᠯᠬᠤ | ᠬᠡᠷᠡᠭᠲᠡᠢ᠃ ᠨᠢᠭᠡᠨᠲᠡ ᠪᠠᠶᠢᠭᠤᠯᠤᠭᠰᠠᠨ ᠡᠯ᠎ᠡ ᠲᠦᠷᠦᠯ ᠤᠨ ᠥᠷᠢ ᠥᠭᠴᠢᠭᠡ ᠲᠦᠯᠦᠬᠦ ᠪᠡᠯᠡᠳᠭᠡᠯ ᠮᠦᠩᠭᠦ ᠶᠢ | ᠲᠦᠰᠦᠪ ᠤᠨ ᠬᠠᠮᠢᠶᠠᠷᠤᠯᠲᠠ ᠳᠤ ᠣᠷᠤᠭᠤᠯᠤᠨ᠂ ᠵᠠᠰᠠᠭ ᠤᠨ ᠣᠷᠳᠤᠨ ᠤ ᠬᠤᠭᠤᠴᠠᠭ᠎ᠠ ᠨᠢ ᠲᠤᠯᠤᠭᠰᠠᠨ | ᠦᠯᠡᠳᠡᠭᠡᠯ ᠥᠷᠢ ᠥᠭᠴᠢᠭᠡ ᠶᠢ ᠲᠦᠯᠦᠬᠦ ᠳᠤ ᠣᠷᠢᠳᠠᠪᠠᠷ ᠬᠡᠷᠡᠭᠯᠡᠨ᠎ᠡ᠃ | ︵ᠶᠢᠰᠦ︶ ᠭᠤᠷᠪᠠᠨ ᠵᠢᠯ ᠤᠨ ᠦᠩᠭᠦᠷᠢᠭᠡ ᠲᠦᠰᠦᠪ ᠢ ᠨᠠᠶᠢᠷᠠᠭᠤᠯᠬᠤ ᠬᠡᠷᠡᠭᠲᠡᠢ᠃ 2015 ᠣᠨ ᠠᠴᠠ | ᠡᠬᠢᠯᠡᠨ᠂ ᠡᠳ᠋ ᠤᠨ ᠵᠠᠰᠠᠭ ᠤᠨ ᠶᠠᠮᠦᠨ ᠠᠴᠠ ᠪᠦᠬᠦ ᠤᠯᠤᠰ ᠤᠨ ᠭᠤᠷᠪᠠᠨ ᠵᠢᠯ ᠤᠨ ᠡᠳ᠋ ᠤᠨ ᠵᠠᠰᠠᠭ ᠤᠨ | ᠲᠦᠯᠦᠪᠵᠢᠭᠦᠯᠭᠡ ᠶᠢ ᠨᠠᠶᠢᠷᠠᠭᠤᠯᠬᠤ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠬᠢᠨ | ᠲᠤᠰ ᠭᠠᠵᠠᠷ ᠣᠷᠣᠨ ᠤ ᠭᠤᠷᠪᠠᠨ ᠵᠢᠯ ᠤᠨ ᠡᠳ᠋ ᠤᠨ ᠵᠠᠰᠠᠭ ᠤᠨ ᠲᠦᠯᠦᠪᠵᠢᠭᠦᠯᠭᠡ ᠪᠠᠨ ᠨᠠᠶᠢᠷᠠᠭᠤᠯᠤᠨ | ᠵᠣᠬᠢᠶᠠᠬᠤ ᠳᠠᠭᠠᠨ᠂ ᠬᠠᠷᠠᠯᠲᠠ ᠪᠠᠷ ᠨᠡᠯᠢᠶᠡᠳ ᠲᠣᠳᠤᠷᠬᠠᠢ ᠲᠦᠷᠦᠯ ᠵᠦᠢᠯ ᠳᠤ ᠡᠯ᠎ᠡ ᠰᠠᠯᠠᠭ᠎ᠠ ᠮᠦᠴᠢᠷ ᠤᠨ ᠬᠢᠨ | ᠡᠷᠬᠡᠪᠰᠢ ᠭᠤᠷᠪᠠᠨ ᠵᠢᠯ ᠤᠨ ᠦᠩᠭᠦᠷᠢᠭᠡ ᠲᠦᠰᠦᠪ ᠢ ᠨᠠᠶᠢᠷᠠᠭᠤᠯᠤᠨ ᠵᠣᠬᠢᠶᠠᠨ᠎ᠠ᠂ ᠢᠯᠠᠩᠭᠤᠶ᠎ᠠ ᠤᠰᠤᠨ | ᠠᠰᠢᠭᠯᠠᠯᠲᠠ ᠳᠤ ᠪᠡᠯᠡ ᠣᠷᠤᠭᠤᠯᠬᠤ ᠡᠵᠡᠩᠨᠡᠯᠲᠡ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ | ᠂ ᠨᠡᠶᠢᠭᠡᠮ ᠤᠨ ᠪᠠᠲᠤᠯᠠᠭ᠎ᠠ ᠠᠵᠢᠯ ᠣᠯᠭᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ | ᠬᠦᠷᠢᠶᠡᠨ ᠳᠤ ᠭᠤᠷᠪᠠᠨ ᠵᠢᠯ ᠤᠨ ᠦᠩᠭᠦᠷᠢᠭᠡ ᠲᠦᠰᠦᠪ ᠤᠨ ᠲᠤᠷᠰᠢᠯᠲᠠ ᠶᠢ ᠦᠷᠨᠢᠭᠦᠯᠵᠦ᠂ ᠲᠦᠷᠦᠯ ᠵᠦᠢᠯ ᠤᠨ | ᠬᠦᠮᠦᠷᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠲᠦᠷᠦᠯ ᠵᠦᠢᠯ ᠤᠨ ᠲᠦᠰᠦᠪ ᠤᠨ ᠬᠢᠨᠠᠨ ᠬᠠᠷᠭᠤᠭᠤᠯᠬᠤ | ᠲᠣᠭᠲᠠᠴᠠ ᠶᠢ ᠪᠦᠷᠢᠨᠰᠢᠭᠦᠯᠦᠨ᠂ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠦᠷᠨᠢᠭᠦᠯᠬᠦ ᠪᠠᠷ ᠪᠠᠶᠢᠭ᠎ᠠ ᠲᠦᠷᠦᠯ | ᠵᠦᠢᠯ ᠢ ᠲᠤᠳᠤᠷᠬᠠᠶᠢᠯᠠᠬᠤ ᠬᠡᠷᠡᠭᠲᠡᠢ᠃ ᠭᠤᠷᠪᠠᠨ ᠵᠢᠯ ᠤᠨ ᠦᠩᠭᠦᠷᠢᠭᠡ ᠲᠦᠰᠦᠪ ᠲᠤ ᠵᠢᠭᠰᠠᠭᠠᠨ ᠣᠷᠣᠭᠤᠯᠤᠭᠰᠠᠨ | ᠲᠦᠷᠦᠯ ᠵᠦᠢᠯ ᠳᠤ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠶᠢᠨ ᠬᠢᠨ ᠲᠦᠷᠦᠯ ᠵᠦᠢᠯ ᠤᠨ ᠪᠣᠯᠣᠮᠵᠢᠲᠦ | ᠰᠤᠳᠤᠯᠤᠯ᠂ ᠦᠨᠡᠯᠡᠨ ᠬᠢᠨᠠᠬᠤ᠂ ᠳᠠᠭᠠᠭᠠᠴᠢᠯᠠᠯᠲᠠ ᠵᠠᠷᠯᠠᠬᠤ᠂ ᠵᠠᠰᠠᠭ ᠤᠨ ᠣᠷᠳᠤᠨ ᠤ ᠬᠤᠳᠠᠯᠳᠤᠨ ᠠᠪᠬᠤ ᠵᠡᠷᠭᠡ | ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠤᠷᠢᠳᠴᠢᠯᠡᠨ ᠰᠠᠶᠢᠲᠤᠷ ᠬᠢᠵᠦ᠂ ᠪᠡᠯᠡ ᠮᠦᠩᠭᠦ ᠶᠢ ᠪᠠᠭᠤᠯᠭᠠᠮᠠᠭᠴᠠ | ᠪᠤᠲᠠᠲᠠᠢ ᠬᠡᠷᠡᠭᠯᠡᠵᠦ ᠲᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ︔ ᠣᠨᠴᠤᠭᠤᠢ ᠰᠢᠯᠲᠠᠭᠠᠨ ᠠᠴᠠ ᠬᠡᠷᠡᠭᠯᠡᠵᠦ ᠳᠡᠶᠢᠯᠬᠦ | ᠦᠭᠡᠢ ᠪᠡᠯᠡ ᠮᠦᠩᠭᠦ ᠶᠢ ᠴᠠᠭ ᠲᠣᠬᠠᠢ ᠳᠤᠨᠢ ᠲᠣᠬᠢᠷᠠᠭᠤᠯᠵᠤ ᠪᠠᠶᠢᠭᠠᠳ ᠲᠦᠯᠦᠪᠵᠢᠭᠦᠯᠭᠡ ᠳᠠᠬᠢ ᠪᠤᠰᠤᠳ ᠲᠦᠷᠦᠯ | ᠵᠦᠢᠯ ᠳᠤ ᠬᠡᠷᠡᠭᠯᠡᠬᠦ ᠶᠢᠨ ᠬᠠᠮᠲᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠢ᠃ | ︵ᠠᠷᠪᠠ︶ ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠬᠡᠯᠡᠯᠴᠡᠬᠦ ᠡᠷᠴᠢᠮ ᠢ ᠴᠢᠩᠭᠠᠷᠠᠭᠤᠯᠬᠤ | ᠬᠡᠷᠡᠭᠲᠡᠢ᠃ ᠲᠦᠰᠦᠪ ᠤᠨ ᠬᠠᠤᠯᠢ ᠪᠠ ︽ᠡᠳ᠋ ᠤᠨ ᠵᠠᠰᠠᠭ ᠤᠨ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢᠨ ᠲᠣᠷᠭᠠᠵᠤ ᠰᠢᠳᠭᠡᠬᠦ ᠳᠦᠷᠢᠮ︾ ᠢ ᠦᠨᠳᠦᠰᠦᠯᠡᠨ᠂ ᠣᠯᠣᠰ ᠤᠨ ᠬᠦᠮᠦᠷᠭᠡ ᠳᠤ ᠲᠤᠰᠢᠶᠠᠪᠠᠰᠤ | ᠵᠣᠬᠢᠬᠤ ᠲᠦᠰᠦᠪ ᠤᠨ ᠣᠷᠤᠯᠭ᠎ᠠ ᠶᠢ ᠲᠠᠰᠤᠳᠠᠨ ᠦᠯᠡᠳᠡᠭᠡᠭᠰᠡᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ | ᠪᠣᠶᠣ ᠬᠤᠶᠢᠰᠢᠯᠠᠭᠤᠯᠵᠤ ᠦᠷᠢᠲᠦᠭᠰᠡᠨ᠂ ᠵᠠᠰᠠᠭ ᠤᠨ ᠣᠷᠳᠤᠨ ᠤ ᠠᠯᠢᠪᠠ ᠣᠷᠣᠯᠭ᠎ᠠ ᠵᠠᠷᠤᠯᠭ᠎ᠠ ᠶᠢ ᠲᠦᠰᠦᠪ ᠲᠤ | ᠣᠷᠤᠭᠤᠯᠤᠭᠰᠠᠨ ᠦᠭᠡᠢ ᠪᠣᠶᠣ ᠬᠤᠭᠤᠰᠤᠨ ᠣᠷᠣᠯᠭ᠎ᠠ ᠵᠠᠷᠤᠯᠭ᠎ᠠ ᠵᠢᠭᠰᠠᠭᠠᠭᠰᠠᠨ᠂ ᠡᠳ᠋ ᠤᠨ ᠵᠠᠰᠠᠭ ᠤᠨ ᠲᠤᠰᠬᠠᠢ | ᠡᠷᠦᠬᠡ ᠶᠢ ᠬᠠᠤᠯᠢ ᠲᠣᠭᠲᠠᠭᠠᠯ ᠠᠴᠠ ᠵᠦᠷᠢᠴᠡᠨ ᠪᠠᠶᠢᠭᠤᠯᠤᠭᠰᠠᠨ ᠵᠡᠷᠭᠡ ᠦᠢᠯᠡ ᠠᠵᠢᠯᠯᠠᠭ᠎ᠠ ᠳᠤ᠂ ᠰᠢᠭᠤᠳ | ᠬᠠᠷᠢᠭᠤᠴᠠᠯᠭ᠎ᠠ ᠲᠠᠢ ᠭᠤᠣᠯᠴᠢᠯᠠᠨ ᠬᠠᠮᠢᠶᠠᠷᠤᠭᠰᠠᠳ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ | ᠬᠠᠤᠯᠢ ᠶᠤᠰᠤᠭᠠᠷ ᠰᠢᠳᠭᠡᠯ ᠥᠭᠴᠦ᠂ ᠶᠠᠯ᠎ᠠ ᠳᠤ ᠬᠦᠷᠦᠭᠰᠡᠨ ᠪᠣᠯ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ | ᠬᠠᠤᠯᠢ ᠶᠤᠰᠤᠭᠠᠷ ᠨᠡᠬᠡᠮᠵᠢᠯᠡᠬᠦ ᠬᠡᠷᠡᠭᠲᠡᠢ᠃ | ᠳᠥᠷᠪᠡ᠂ ᠬᠡᠷᠡᠭᠵᠢᠭᠦᠯᠬᠦ ᠪᠠᠲᠤᠯᠠᠭ᠎ᠠ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠪᠦᠬᠦ | ᠲᠠᠯ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠵᠣᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠪᠠᠨ | ᠴᠢᠩᠭᠠᠳᠬᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠡᠳ᠋ ᠤᠨ | ᠵᠠᠰᠠᠭ ᠤᠨ ᠶᠠᠮᠦᠨ ᠠᠴᠠ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠠᠵᠢᠯ ᠢ | ᠮᠦᠷᠳᠡᠨ ᠬᠢᠨᠠᠵᠤ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ | ᠠᠰᠠᠭᠤᠳᠠᠯ ᠢᠯᠡᠷᠡᠪᠡᠯ ᠴᠠᠭ ᠲᠣᠬᠠᠢ ᠳᠤᠨᠢ ᠵᠠᠯᠠᠷᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠤᠨ ᠬᠢᠨ ᠤ ᠰᠠᠶᠢᠨ ᠲᠣᠷᠰᠢᠯᠭ᠎ᠠ ᠪᠠ ᠠᠷᠭ᠎ᠠ ᠪᠠᠷᠢᠯ ᠢ ᠴᠠᠭ ᠲᠣᠬᠠᠢ ᠳᠤᠨᠢ ᠳ᠋ᠦᠩᠨᠡᠨ ᠳᠡᠯᠭᠡᠷᠡᠭᠦᠯᠬᠦ | ᠬᠡᠷᠡᠭᠲᠡᠢ︔ ᠵᠠᠷᠤᠯᠭ᠎ᠠ ᠶᠢᠨ ᠠᠬᠢᠴᠠ ᠪᠠᠷ ᠤᠳᠠᠭᠠᠨ᠂ ᠦᠯᠡᠳᠡᠭᠡᠯ ᠪᠡᠯᠡ ᠮᠦᠩᠭᠦ ᠶᠢ ᠴᠢᠯᠦᠭᠡᠲᠡᠢ ᠭᠦᠢᠯᠭᠡᠭᠡᠬᠦ ᠨᠢ | ᠡᠷᠴᠢ ᠦᠭᠡᠢ ᠭᠠᠵᠠᠷ ᠣᠷᠣᠨ ᠪᠣᠶᠣ ᠰᠠᠯᠠᠭ᠎ᠠ ᠮᠦᠴᠢᠷ ᠢ ᠴᠠᠭ ᠲᠣᠬᠠᠢ ᠳᠤᠨᠢ ᠮᠡᠳᠡᠭᠡᠯᠡᠬᠦ ᠪᠣᠶᠣ ᠪᠣᠯᠵᠣᠨ | ᠶᠠᠷᠢᠯᠴᠠᠬᠤ ᠶᠢᠨ ᠬᠠᠮᠲᠤ᠂ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠬᠢᠭᠡᠳ ᠲᠦᠰᠦᠪ ᠤᠨ | ᠲᠣᠬᠢᠷᠠᠭᠤᠯᠤᠯᠲᠠ ᠯᠤᠭ᠎ᠠ ᠶᠢᠨ ᠬᠤᠯᠪᠤᠭᠠᠯᠠᠬᠤ ᠲᠣᠭᠲᠠᠴᠠ ᠶᠢ ᠰᠤᠳᠤᠯᠤᠨ ᠪᠠᠶᠢᠭᠤᠯᠬᠤ ᠬᠡᠷᠡᠭᠲᠡᠢ᠃ ᠡᠯ᠎ᠡ | ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠨᠤᠭᠤᠳ ᠡᠳ᠋ ᠤᠨ ᠵᠠᠰᠠᠭ ᠤᠨ ᠰᠠᠯᠠᠭ᠎ᠠ ᠮᠦᠴᠢᠷ ᠪᠠ ᠲᠦᠰᠦᠪ ᠤᠨ | ᠨᠢᠭᠡᠴᠡ ᠶᠢᠨ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢ ᠬᠢᠨᠠᠨ ᠪᠤᠳᠤᠬᠤ ᠪᠠᠨ ᠴᠢᠩᠭᠠᠳᠬᠠᠵᠤ᠂ | ᠬᠡᠷᠡᠭᠯᠡᠪᠡᠰᠦ ᠵᠣᠬᠢᠬᠤ ᠶᠢ ᠨᠢ ᠬᠡᠷᠡᠭᠯᠡᠭᠰᠡᠨ ᠦᠭᠡᠢ᠂ ᠬᠡᠷᠡᠭᠯᠡᠭᠰᠡᠨ ᠤ ᠬᠢᠨᠢ ᠠᠵᠢᠯ ᠤᠨ ᠠᠮᠵᠢᠯᠲᠠ ᠪᠦᠲᠦᠮᠵᠢ | ᠪᠠᠷᠤᠭᠲᠠᠢ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠠᠩᠬᠠᠷᠴᠤ᠂ ᠦᠯᠡᠳᠡᠭᠡᠯ ᠪᠡᠯᠡ ᠮᠦᠩᠭᠦ ᠶᠢ ᠲᠥᠷᠭᠡᠬᠡᠨ | ᠲᠦᠷᠦᠯ ᠵᠦᠢᠯ ᠳᠡᠭᠡᠷ᠎ᠡ ᠨᠠᠶᠢᠳᠠᠪᠤᠷᠢᠵᠢᠭᠤᠯᠬᠤ ᠪᠠ ᠦᠷ᠎ᠡ ᠠᠰᠢᠭ ᠢ ᠨᠢ ᠪᠠᠳᠠᠷᠠᠭᠤᠯᠬᠤ ᠠᠵᠢᠯ ᠢᠶᠠᠨ ᠠᠬᠢᠭᠤᠯᠬᠤ | ᠬᠡᠷᠡᠭᠲᠡᠢ᠃ ᠳᠤᠮᠳᠠᠳᠤ ᠤᠯᠤᠰ ᠤᠨ ᠠᠷᠠᠳ ᠤᠨ ᠪᠠᠩᠭᠢ ᠨᠢ ᠵᠠᠬ᠎ᠠ ᠳᠡᠯᠭᠡᠭᠦᠷ ᠤᠨ ᠬᠦᠳᠡᠯᠦᠩᠭᠦᠢ ᠴᠢᠨᠠᠷ ᠢ ᠬᠢᠨᠠᠨ | ᠡᠵᠡᠮᠰᠢᠬᠦ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠴᠢᠯᠦᠭᠡᠲᠡᠢ ᠭᠦᠢᠯᠭᠡᠭᠡᠬᠦ ᠠᠴᠠ | ᠪᠣᠯᠣᠭᠰᠠᠨ ᠬᠦᠳᠡᠯᠦᠩᠭᠦᠢ ᠴᠢᠨᠠᠷ ᠤᠨ ᠬᠡᠯᠪᠡᠯᠵᠡᠯ ᠪᠦᠷᠢᠯᠳᠦᠬᠦ ᠶᠢ ᠰᠡᠷᠭᠡᠶᠢᠯᠡᠬᠦ ᠬᠡᠷᠡᠭᠲᠡᠢ᠃ ᠬᠢᠨᠠᠨ ᠪᠠᠶᠢᠴᠠᠭᠠᠬᠤ | ᠪᠠᠶᠢᠭᠤᠯᠭ᠎ᠠ ᠨᠢ ᠬᠠᠤᠯᠢ ᠲᠣᠭᠲᠠᠭᠠᠯ ᠵᠦᠷᠢᠴᠡᠭᠰᠡᠨ ᠦᠢᠯᠡ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠵᠦ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠪᠠᠨ ᠦᠨᠡᠨᠬᠦ ᠪᠠᠲᠤᠯᠠᠬᠤ ᠬᠡᠷᠡᠭᠲᠡᠢ᠃ |