︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠣᠨᠣᠭᠳᠠᠭᠤᠯᠬᠤ ᠪᠠᠷᠢᠮᠵᠢᠶ᠎ᠠ︾᠎ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2015/8/12
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠪᠦᠷᠢᠳᠬᠡᠵᠦ ᠬᠢᠨᠠᠯᠲᠠ ᠲᠠᠯᠪᠢᠬᠤ ᠠᠷᠭ᠎ᠠ︾᠎ ᠶᠢᠨ ︽ᠲᠤᠷᠰᠢᠨ ᠬᠡᠷᠡᠭᠵᠢᠭᠦᠯᠬᠦ︾ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠴᠠᠭᠲᠤ ᠴᠢᠨᠠᠷ ᠤᠨ ᠲᠣᠭᠲᠠᠭᠠᠯ ᠢᠶᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ 2012 ᠣᠨ ᠤ ᠲᠣᠭᠲᠠᠭᠠᠵᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠣᠨᠣᠭᠳᠠᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠎ ᠳᠤ ᠳᠠᠬᠢᠨ ᠵᠠᠰᠠᠪᠤᠷᠢ ᠣᠷᠣᠭᠤᠯᠵᠤ᠂ 2015 ᠣᠨ ᠤ 7 ᠳ᠋ᠤᠭᠠᠷ ᠰᠠᠷ᠎ᠠ ᠶᠢᠨ 24᠎ ᠤ ᠡᠳᠦᠷ ᠳᠠᠷᠤᠮᠠᠯᠯᠠᠨ ᠲᠠᠷᠬᠠᠭᠠᠵᠤ ᠪᠦᠬᠦ ᠣᠷᠣᠨ ᠳᠤ ᠬᠡᠷᠡᠭᠵᠢᠭᠦᠯᠪᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠣᠨᠣᠭᠳᠠᠭᠤᠯᠬᠤ ᠪᠠᠷᠢᠮᠵᠢᠶ᠎ᠠ︾᠎ ᠳᠤ ᠲᠠᠷᠢᠮᠠᠯ ᠤᠨ ᠦᠷ᠎ᠡ᠂ ᠲᠡᠵᠢᠭᠡᠯ ᠡᠪᠡᠰᠦᠨ ᠤ ᠦᠷ᠎ᠡ᠂ ᠲᠠᠷᠢᠶᠠᠯᠠᠩ ᠤᠨ ᠤᠷᠭᠤᠮᠠᠯ ᠤᠨ ᠬᠢᠵᠢᠭ ᠪᠠᠶᠢᠴᠠᠭᠠᠬᠤ᠂ ᠲᠠᠷᠢᠶᠠᠨ ᠡᠮ᠂ ᠲᠠᠷᠢᠶᠠᠨ ᠭᠠᠵᠠᠷ ᠢ ᠠᠷᠠᠴᠢᠯᠠᠨ ᠬᠠᠮᠠᠭᠠᠯᠠᠬᠤ᠂ ᠪᠣᠷᠳᠣᠭᠤᠷ᠂ ᠮᠠᠯ ᠠᠵᠤ ᠠᠬᠤᠶ᠂ ᠠᠮᠢᠲᠠᠨ ᠤ ᠡᠷᠡᠭᠦᠯ ᠬᠠᠮᠠᠭᠠᠯᠠᠯ᠂ ᠮᠠᠯ ᠤᠨ ᠡᠮ᠂ ᠨᠤᠲᠤᠭ ᠪᠡᠯᠴᠢᠭᠡᠷ᠂ ᠲᠠᠷᠢᠶᠠᠯᠠᠩ ᠤᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ᠂  ᠲᠠᠷᠢᠶᠠᠯᠠᠩ ᠮᠠᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ᠂ ᠵᠢᠭᠠᠰᠤᠨ ᠠᠵᠤ ᠠᠬᠤᠶ ᠶᠢᠨ ᠬᠠᠮᠢᠶᠠᠷᠤᠯᠲᠠ᠂ ᠵᠢᠭᠠᠰᠤᠨ ᠠᠵᠤ ᠠᠬᠤᠶ ᠶᠢᠨ ᠣᠩᠭᠤᠴᠠ ᠰᠠᠯ ᠰᠢᠯᠭᠠᠨ ᠪᠠᠶᠢᠴᠠᠭᠠᠬᠤ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ᠂ ᠰᠢᠨ᠎ᠡ ᠰᠣᠷᠭᠤᠭ ᠰᠦ ᠵᠡᠷᠭᠡ ᠠᠷᠪᠠᠨ ᠵᠢᠷᠭᠤᠭᠠᠨ ᠬᠡᠰᠡᠭ ᠪᠠᠭᠲᠠᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠣᠨᠣᠭᠳᠠᠭᠤᠯᠬᠤ ᠪᠠᠷᠢᠮᠵᠢᠶ᠎ᠠ︾᠎ ᠨᠢ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠣᠨ ᠲᠢᠩᠬᠢᠮ ᠤᠨ ᠬᠠᠷᠢᠶ᠎ᠠ ᠡᠯ᠎ᠡ ᠬᠠᠣᠯᠢ ᠬᠡᠷᠡᠭᠵᠢᠭᠦᠯᠬᠦ ᠨᠢᠭᠡᠴᠡ ᠶᠢᠨ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠣᠶᠢᠷ᠎ᠠ ᠶᠢᠨ ᠵᠢᠯ ᠤᠳ ᠤᠨ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠦᠭᠰᠡᠨ ᠦᠢᠯᠡᠳᠦᠯᠭᠡ ᠶᠢᠨ ᠪᠦᠲᠦᠮᠵᠢᠲᠡᠶ ᠠᠷᠭ᠎ᠠ ᠪᠠᠷᠢᠯ ᠢ ᠭᠦᠢᠴᠡᠳ ᠰᠢᠩᠭᠡᠭᠡᠨ ᠠᠪᠴᠤ᠂ ᠤᠤᠯ ᠤᠨ ᠣᠨᠣᠭᠳᠠᠭᠤᠯᠬᠤ ᠪᠠᠷᠢᠮᠵᠢᠶ᠎ᠠ ᠳᠤ ᠤᠯᠠᠮ ᠨᠢᠭᠡ ᠠᠯᠬᠤᠮ ᠲᠣᠬᠢᠷᠠᠭᠤᠯᠤᠯᠲᠠ᠂ ᠲᠡᠭᠦᠯᠳᠡᠷᠵᠢᠭᠦᠯᠦᠯᠲᠡ ᠪᠠ ᠵᠢᠷᠤᠮᠵᠢᠭᠤᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠣᠨᠣᠭᠳᠠᠭᠤᠯᠬᠤ ᠰᠢᠰᠲ᠋ᠧᠮᠵᠢ ᠶᠢ ᠨᠡᠩ ᠲᠡᠭᠦᠯᠳᠡᠷᠵᠢᠭᠦᠯᠵᠦ᠂ ᠪᠠᠷᠢᠮᠵᠢᠶ᠎ᠠ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ ᠨᠡᠩ ᠪᠣᠳᠠᠲᠠᠶ ᠲᠣᠳᠣᠷᠬᠠᠶ ᠪᠣᠯᠭᠠᠨ᠂ ᠵᠢᠯᠣᠭᠤᠳᠬᠤ  ᠴᠢᠨᠠᠷ᠂ ᠬᠠᠨᠳᠤᠯᠭᠠᠲᠤ ᠴᠢᠨᠠᠷ ᠪᠣᠯᠣᠨ ᠬᠡᠷᠡᠭᠵᠢᠭᠦᠯᠬᠦᠶᠢᠴᠡ ᠴᠢᠨᠠᠷ ᠢᠶᠠᠷ ᠨᠡᠩ ᠴᠢᠩᠭ᠎ᠠ ᠪᠣᠯᠭᠠᠭᠰᠠᠨ ᠪᠠᠶᠢᠨ᠎ᠠ᠃ ᠰᠢᠨ᠎ᠡ ᠪᠠᠷ ᠵᠠᠰᠠᠪᠤᠷᠢ ᠣᠷᠤᠭᠤᠯᠵᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠣᠨᠣᠭᠳᠠᠭᠤᠯᠬᠤ ᠪᠠᠷᠢᠮᠵᠢᠶ᠎ᠠ︾᠎ ᠨᠢ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠢᠷᠤᠮᠵᠢᠯ ᠲᠠᠢ ᠪᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠣᠨᠣᠭᠳᠠᠭᠤᠯᠬᠤ ᠡᠷᠬᠡ ᠎ ᠶᠢᠨ ᠬᠠᠤᠯᠢ  ᠳᠤ ᠨᠡᠶᠢᠴᠡᠭᠦᠯᠦᠨ ᠵᠦᠶ ᠵᠣᠬᠢᠰᠲᠠᠶ ᠬᠡᠷᠡᠭᠵᠢᠭᠦᠯᠬᠦ ᠳᠤ ᠪᠠᠲᠤᠯᠠᠭ᠎ᠠ ᠬᠠᠩᠭᠠᠬᠤ ᠶᠢ ᠦᠨᠡᠨᠬᠦ ᠪᠠᠲᠤᠯᠠᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号