8 ᠳ᠋ᠤᠭᠠᠷ ᠰᠠᠷ᠎ᠠ ᠶᠢᠨ 12 ᠤᠨ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ︽ᠲᠠᠪᠤᠨ ᠬᠦᠮᠥᠨ ᠤ ᠲᠤᠭᠤᠢᠢᠯᠠᠩ︾ ᠤᠨ ᠬᠤᠷᠠᠯ ᠬᠤᠷᠠᠯᠳᠤᠭᠤᠯᠵᠥ᠂ ᠡᠨᠡ ᠵᠢᠯ ᠤᠨ ᠬᠤᠶᠠᠳᠤᠭᠠᠷ | ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠶᠡᠷᠤᠩᠬᠡᠢ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠴᠦ᠂ | ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠤᠳᠤᠷᠬᠠᠢ ᠱᠠᠭᠠᠷᠳᠠᠯᠭ᠎ᠠ ᠲᠤᠷᠠᠳᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠤᠷᠠᠯ ᠡᠷᠬᠢᠯᠡᠨ ᠴᠢᠬᠤᠯᠠ | ᠶᠠᠷᠢᠶ᠎ᠠ ᠲᠠᠯᠪᠢᠵᠥ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠠᠭᠠᠳᠤᠷ᠂ ᠯᠢ ᠵᠢᠶᠠ᠂ ᠵᠠᠩ ᠯᠢ᠂ ᠯᠢ | ᠫᠧᠩ ᠰᠢᠨ ᠬᠤᠷᠠᠯ ᠳᠤ ᠤᠷᠤᠯᠴᠠᠪᠠ᠃ | ᠲᠤᠰ ᠡᠬᠡᠯᠵᠢ ᠶᠢᠨ ᠲᠤᠭᠤᠷᠢᠨ ᠪᠠᠶᠢᠴᠠᠭᠠᠯᠳᠡ ᠳᠤ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠲᠦᠪ ᠤᠨ | ᠰᠢᠨ᠎ᠡ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠥ᠂ ᠠᠳᠠᠯᠢ ᠲᠦᠷᠦᠯ ᠢᠵᠢᠯ ᠠᠯᠬᠤᠮ ᠢᠶᠠᠷ | ᠲᠤᠬᠢᠷᠠᠭᠤᠯᠬᠤ᠂ ᠪᠦᠯᠥᠭ ᠬᠤᠪᠢᠶᠠᠨ ᠲᠦᠪᠯᠡᠷᠡᠬᠦᠯᠥᠨ ᠬᠠᠷᠢᠭᠤ ᠮᠡᠳᠡᠬᠦᠯᠬᠦ ᠰᠢᠨ᠎ᠡ ᠠᠷᠭ᠎ᠠ ᠶᠢ ᠠᠪᠴᠦ᠂ ᠠᠶᠢᠮᠠᠭ | ᠬᠤᠳᠠ᠂ ᠬᠤᠰᠢᠭᠤ ᠰᠢᠶᠠᠨ ᠳᠤ ᠬᠡᠪ ᠤᠨ ᠲᠤᠭᠤᠷᠢᠨ ᠪᠠᠶᠢᠴᠠᠭᠠᠯᠳᠡ ᠬᠢᠭᠰᠡᠡ ᠪᠦᠭᠡᠳ ᠰᠢᠭᠤᠳ ᠬᠠᠷᠢᠶ᠎ᠠ ᠲᠢᠩᠬᠢᠮ | ᠲᠤᠪᠴᠢᠶ᠎ᠠ᠂ ᠠᠵᠥ ᠠᠬᠤᠢ ᠶᠢᠨ ᠨᠡᠬᠡᠬᠡᠯᠳᠡ ᠶᠢᠨ ᠳᠤᠭᠤᠷᠢᠭ ᠪᠤᠯᠤᠨ ᠤᠯᠤᠰ ᠤᠨ ᠦᠮᠴᠢᠯᠡᠯ ᠤᠨ ᠠᠵᠥ | ᠠᠬᠤᠢᠢᠯᠠᠯ ᠳᠤ ᠲᠤᠰᠬᠠᠢ ᠲᠤᠭᠤᠷᠢᠨ ᠪᠠᠶᠢᠴᠠᠭᠠᠯᠳᠡ ᠬᠢᠵᠥ᠂ ᠪᠠᠰᠠ ᠨᠢᠬᠡᠨᠳᠡ ᠲᠤᠭᠤᠷᠢᠨ ᠪᠠᠶᠢᠴᠠᠭᠠᠭᠰᠠᠠ ᠭᠠᠵᠠᠷ | ᠤᠷᠤᠨ ᠪᠤᠯᠤᠨ ᠨᠢᠬᠡᠴᠡ ᠳᠤ ︽ᠲᠠᠬᠢᠨ ᠪᠠᠶᠢᠴᠠᠭᠠᠯᠳᠡ︾ ᠬᠢᠵᠡᠢ᠃ 31 ᠭᠠᠵᠠᠷ ᠤᠷᠤᠨ ᠪᠤᠯᠤᠨ ᠨᠢᠬᠡᠴᠡ ᠳᠤ | ᠬᠢᠭᠰᠡᠡ ᠲᠤᠭᠤᠷᠢᠨ ᠪᠠᠶᠢᠴᠠᠭᠠᠯᠳᠡ ᠳᠤ᠂ ᠪᠠᠶᠢᠴᠠᠭᠠᠭᠳᠠᠭᠰᠠᠠ ᠭᠠᠵᠠᠷ ᠤᠷᠤᠨ ᠪᠤᠯᠤᠨ ᠨᠢᠬᠡᠴᠡ ᠶᠢᠨ ︽ᠲᠦᠷᠪᠡᠨ | ᠳᠠᠯ᠎ᠠ ᠪᠠᠷ ᠬᠦᠴᠦᠯᠡᠬᠦ︾ ᠲᠠᠯ᠎ᠠ ᠶᠢᠨ 500 ᠭᠠᠷᠤᠢ ᠠᠰᠠᠭᠤᠳᠠᠯ᠂ ᠤᠳᠤᠷᠢᠳᠬᠤ ᠺᠠᠳ᠋ᠷ ᠲᠠᠢ ᠬᠤᠯᠪᠤᠭᠳᠠᠭᠰᠠᠠ | ᠠᠰᠠᠭᠤᠳᠠᠯ ᠤᠨ ᠰᠦᠪᠡᠭᠴᠢ ᠶᠢ 1200 ᠭᠠᠷᠤᠢ ᠢᠯᠡᠷᠡᠬᠦᠯᠵᠥ᠂ | ᠮᠡᠳᠡᠭᠳᠡᠮ᠎ᠡ ᠦᠷ᠎ᠡ ᠪᠦᠳᠦᠮᠵᠢ ᠤᠯᠵᠠᠢ᠃ | ᠸᠠᠩ ᠵᠢᠶᠦ᠋ᠨ ᠴᠢᠬᠤᠯᠠᠴᠢᠯᠠᠭᠰᠠᠨ ᠨᠢ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠲᠤᠭᠤᠢᠢᠯᠠᠩ︶ ᠶᠡᠷᠤᠩᠬᠡᠢ ᠱᠦᠵᠢ ᠰᠢ ᠶᠢᠨ ᠫᠢᠩ ᠤᠨ 2015 ᠤᠨ ᠤ ᠲᠦᠷᠦᠬᠦᠤ ᠡᠬᠡᠯᠵᠢ ᠶᠢᠨ | ᠲᠤᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠬᠦᠯᠥᠯᠳᠡ ᠶᠢ ᠰᠤᠨᠤᠰᠬᠤ ᠦᠶ᠎ᠡ ᠶᠢᠨ ᠴᠢᠬᠤᠯᠠ ᠶᠠᠷᠢᠶ᠎ᠠ ᠪᠤᠯᠤᠨ | ᠸᠠᠩ ᠴᠢ ᠱᠠᠨ ᠱᠦᠵᠢ ᠶᠢᠨ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ | ᠪᠠᠶᠢᠷᠢᠯᠠᠭᠤᠯᠤᠯᠳᠠ ᠶᠢᠨ ᠬᠤᠷᠠᠯ ᠲᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ | ᠨᠠᠶᠢᠳᠠᠪᠤᠷᠢᠵᠢᠭᠤᠯᠵᠥ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ | ᠦᠨᠳᠦᠷᠴᠡ ᠠᠴᠠ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠥ᠂ ᠲᠤᠭᠤᠷᠢᠨ ᠪᠠᠶᠢᠴᠠᠭᠠᠬᠤ ᠠᠵᠢᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠬᠦᠷᠬᠡᠯᠡᠵᠥ᠂ ︽ᠵᠢᠷᠭᠤᠭᠠᠨ ᠰᠠᠬᠢᠯᠭ᠎ᠠ ᠪᠠᠳᠤ︾ ᠪᠠᠷ ︽ᠲᠦᠷᠪᠡᠨ ᠳᠠᠯ᠎ᠠ ᠪᠠᠷ | ᠬᠦᠴᠦᠯᠡᠬᠦ︾ ᠶᠢ ᠬᠦᠨᠵᠡᠬᠡᠶᠢᠷᠡᠬᠦᠯᠵᠥ᠂ ᠲᠤᠭᠤᠷᠢᠨ ᠪᠠᠶᠢᠴᠠᠭᠠᠬᠤ ᠠᠵᠢᠯ ᠢ ᠴᠢᠨᠠᠭᠰᠢᠳᠠ ᠴᠢᠩᠭᠠᠳᠬᠠᠨ | ᠰᠠᠶᠢᠵᠢᠷᠠᠭᠤᠯᠵᠥ᠂ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠥ᠂ ᠠᠷᠢᠭᠤᠨ | ᠴᠢᠬᠡᠴᠢ ᠲᠦᠪ ᠭᠤᠤᠯᠴᠢ ᠪᠠᠷ ᠲᠦᠷᠦ ᠪᠠᠷᠢᠬᠤ ᠤᠷᠴᠢᠨ ᠲᠤᠭᠤᠷᠢᠨ ᠪᠤᠯᠤᠨ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠴᠢᠷᠮᠡᠶᠢᠨ ᠪᠤᠢ ᠪᠤᠯᠭᠠᠬᠤ ᠬᠡᠷᠡᠭᠳᠡᠢ ᠬᠡᠪᠠ᠃ | ᠸᠠᠩ ᠵᠢᠶᠦ᠋ᠨ ᠱᠠᠭᠠᠷᠳᠠᠭᠰᠠᠨ ᠨᠢ᠂ ᠲᠤᠭᠤᠷᠢᠨ ᠪᠠᠶᠢᠴᠠᠭᠠᠬᠰᠠᠨ ᠠᠵᠢᠯ ᠤᠨ ᠬᠠᠷᠢᠭᠤ ᠲᠤᠰᠬᠠᠬᠤ ᠠᠵᠢᠯᠯ ᠢ | ᠬᠢᠨᠠᠮᠠᠭᠠᠢ ᠰᠠᠶᠢᠳᠤᠷ ᠬᠢᠵᠤ᠂ ᠤᠷᠤᠰᠢᠵᠤ ᠪᠠᠶᠢᠭ᠎ᠠ ᠠᠰᠠᠭᠤᠳᠠᠯ ᠢ ᠨᠢ ᠳᠤᠳᠤᠷᠬᠠᠢ ᠶᠠᠷᠢᠨ ᠦᠭᠴᠦ ᠨᠡᠪᠳᠡᠷᠡᠳᠡᠯ᠎ᠡ | ᠲᠠᠶᠢᠯᠪᠤᠷᠢᠯᠠᠨ ᠦᠭᠴᠦ᠂ ᠲᠤᠭᠤᠷᠢᠨ ᠪᠠᠶᠢᠴᠠᠭᠠᠬᠳᠠᠬᠰᠠᠨ ᠨᠢᠬᠡᠴᠠ ᠳᠤ ᠠᠰᠠᠭᠤᠳᠠᠯ ᠤᠨ ᠬᠦᠨᠳᠤ ᠨᠤᠴᠢᠳᠠᠢ | ᠴᠢᠨᠠᠷ ᠢ ᠬᠦᠨᠵᠡᠬᠡᠢ ᠲᠠᠨᠢᠭᠤᠯᠵᠤ᠂ ᠲᠤᠭᠤᠷᠢᠨ ᠪᠠᠶᠢᠴᠠᠭᠠᠬᠳᠠᠬᠰᠠᠨ ᠨᠢᠬᠡᠴᠠ ᠶᠢᠨ ᠭᠤᠤᠯ ᠤᠳᠤᠷᠢᠳᠤᠯᠭ᠎ᠠ ᠶᠢᠨ | ᠡᠬᠦᠷᠬᠡ ᠬᠠᠷᠢᠭᠤᠴᠯᠠᠭ᠎ᠠ ᠪᠠᠨ ᠬᠦᠢᠴᠡᠳᠬᠡᠬᠦ ᠲᠠᠯ᠎ᠠ ᠪᠠᠷ ᠤᠷᠤᠰᠢᠵᠤ ᠪᠠᠶᠢᠭ᠎ᠠ ᠵᠦᠷᠢᠶ᠎ᠠ ᠪᠤᠯᠤᠨ ᠬᠦᠷᠤᠯᠴᠠᠬᠦ ᠦᠬᠡᠢ | ᠲᠠᠯ᠎ᠠ ᠪᠠᠨ ᠬᠢᠨᠠᠮᠠᠭᠠᠢ ᠪᠠᠶᠢᠴᠠᠭᠠᠨ ᠡᠷᠢᠬᠦ ᠶᠢ ᠱᠠᠯᠠᠪᠳᠠᠭᠤᠯᠤᠨ ᠱᠠᠭᠠᠷᠳᠠᠬᠤ ᠭᠡᠷᠡᠭᠳᠠᠢ᠃ ᠲᠤᠭᠤᠷᠢᠨ ᠪᠠᠶᠢᠴᠠᠭᠠᠬᠤ | ᠶᠠᠪᠤᠴᠠ ᠳᠤ ᠢᠯᠡᠷᠡᠬᠦᠯᠦᠭᠰᠡᠨ ᠠᠰᠠᠭᠤᠳᠠᠯ ᠢ ᠲᠤᠬᠳᠠᠬᠰᠠᠨ ᠬᠤᠭᠤᠴᠠᠭᠠᠨ ᠳᠤ ᠴᠡᠭᠴᠡᠯᠠᠨ ᠰᠠᠶᠢᠵᠢᠷᠠᠭᠤᠯᠵᠤ᠂ | ᠴᠡᠭᠴᠡᠯᠠᠨ ᠰᠠᠶᠢᠵᠢᠷᠠᠭᠤᠯᠬᠤ ᠱᠠᠭᠠᠷᠳᠠᠯᠭ᠎ᠠ ᠪᠤᠯᠤᠨ ᠪᠡᠶᠡᠯᠡᠬᠦᠯᠬᠦ ᠬᠤᠭᠤᠴᠠᠭ᠎ᠠ ᠶᠢ ᠳᠤᠳᠤᠷᠬᠠᠢᠢᠯᠠᠵᠤ᠂ ᠰᠢᠮᠳᠠᠭᠤᠯᠤᠨ | ᠪᠠᠶᠢᠴᠠᠭᠠᠬᠤ ᠶᠢ ᠴᠢᠩᠭᠠᠳᠬᠠᠵᠤ᠂ ᠦᠨᠡᠯᠠᠯᠳᠠ ᠶᠢ ᠲᠦᠪ ᠴᠢᠩᠭ᠎ᠠ ᠰᠢᠯᠭᠠᠨ ᠠᠪᠴᠤ᠂ ᠲᠤᠭᠳᠠᠬᠰᠠᠨ | ᠬᠤᠭᠤᠴᠠᠭᠠᠨ ᠳᠤ ᠴᠡᠭᠴᠡᠯᠠᠨ ᠰᠠᠶᠢᠵᠢᠷᠠᠭᠤᠯᠬᠤ ᠡᠬᠦᠷᠬᠡ ᠪᠠᠨ ᠦᠯᠤ ᠪᠡᠶᠡᠯᠡᠬᠦᠯᠦᠭᠰᠡᠨ᠂ ᠴᠡᠭᠴᠡᠯᠠᠨ | ᠰᠠᠶᠢᠵᠢᠷᠠᠭᠤᠯᠬᠤ ᠠᠷᠭ᠎ᠠ ᠶᠢ ᠪᠤᠳᠠᠳᠠᠢ ᠳᠤ ᠦᠯᠤ ᠨᠠᠶᠢᠳᠠᠪᠤᠷᠢᠵᠢᠭᠤᠯᠤᠬᠰᠠᠨ ᠪᠠᠶᠢᠪᠠᠯ ᠭᠤᠤᠯ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠭᠡᠷᠡᠭᠳᠠᠢ᠃ ᠲᠤᠭᠤᠷᠢᠨ ᠪᠠᠶᠢᠴᠠᠭᠠᠬᠤ ᠪᠠᠷ ᠳᠠᠮᠵᠢᠨ ᠢᠯᠡᠷᠡᠬᠦᠯᠦᠭᠰᠡᠨ | ᠺᠠᠳ᠋ᠷ ᠤᠨ ᠠᠰᠠᠭᠤᠳᠠᠯ ᠤᠨ ᠰᠦᠪᠡᠭᠴᠢ ᠶᠢ ᠬᠢᠨᠠᠮᠠᠭᠠᠢ ᠬᠠᠷᠭᠤᠭᠤᠯᠵᠤ᠂ ᠬᠠᠷᠭᠤᠭᠤᠯᠤᠬᠰᠠᠨ ᠦᠷ᠎ᠠ ᠳ᠋ᠦᠩ ᠢ | ᠦᠨᠳᠤᠰᠤᠯᠠᠵᠤ᠂ ᠬᠠᠤᠯᠢ ᠴᠠᠭᠠᠵᠠ ᠰᠠᠬᠢᠯᠭ᠎ᠠ ᠪᠠᠳᠤ ᠶᠤᠰᠤᠭᠠᠷ ᠴᠠᠬ ᠲᠤᠬᠠᠢ ᠲᠤᠨᠢ ᠰᠢᠢᠳᠪᠤᠷᠢᠯᠡᠬᠦ ᠭᠡᠷᠡᠭᠳᠠᠢ᠃ | ᠲᠤᠭᠤᠷᠢᠨ ᠪᠠᠶᠢᠴᠠᠭᠠᠬᠳᠠᠬᠰᠠᠨ ᠨᠢᠬᠡᠴᠠ ᠶᠢᠨ ︽ᠲᠦᠷᠪᠡᠨ ᠳᠠᠯ᠎ᠠ ᠪᠠᠷ ᠬᠦᠴᠤᠯᠠᠬᠦ︾ ᠲᠠᠯ᠎ᠠ ᠪᠠᠷ ᠤᠷᠤᠰᠢᠵᠤ | ᠪᠠᠶᠢᠭ᠎ᠠ ᠲᠤᠪᠤᠶᠢᠮ᠎ᠠ ᠠᠰᠠᠭᠤᠳᠠᠯ ᠢ ᠲᠦᠪ ᠴᠢᠩᠭ᠎ᠠ ᠪᠠᠷ ᠪᠠᠶᠢᠴᠠᠭᠠᠵᠤ᠂ ᠤᠨᠴᠠᠭᠠᠢᠢᠯᠠᠨ ᠨᠠᠮ ᠤᠨ ᠤᠯᠤᠰ | ᠲᠦᠷᠤ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠤ ᠶᠢᠨ ᠲᠦᠷᠢᠮ ᠢ ᠵᠦᠷᠢᠴᠡᠭᠰᠡᠨ᠂ ᠲᠦᠪ ᠤᠨ ᠵᠤᠷᠢᠬ | ᠰᠠᠨᠠᠭ᠎ᠠ ᠶᠢᠨ ᠵᠠᠷᠯᠢᠬ ᠪᠠᠶᠢᠳᠠᠯ᠎ᠠ ᠭᠡᠷᠡᠭᠵᠢᠬᠦᠯᠬᠦ ᠦᠬᠡᠢ ᠴᠠᠭᠠᠵᠠ ᠪᠠᠶᠢᠳᠠᠯ᠎ᠠ ᠬᠤᠷᠢᠬᠯᠠᠬᠤ ᠦᠬᠡᠢ ᠠᠰᠠᠭᠤᠳᠠᠯ ᠪᠤᠯᠤᠨ | ᠢᠯᠵᠢᠷᠠᠯ ᠤᠨ ᠠᠰᠠᠭᠤᠳᠠᠯ ᠵᠡᠷᠬᠡ ᠲᠠᠯ᠎ᠠ ᠪᠠᠷ ᠬᠡᠳᠤᠨ ᠨᠡᠶᠢᠳᠡᠯᠢᠭ ᠵᠢᠱᠢᠶ᠎ᠠ ᠶᠢ ᠠᠳᠬᠤᠵᠤ᠂ ᠴᠢᠩᠭ᠎ᠠ ᠵᠠᠯᠬᠠᠭᠠᠨ | ᠰᠢᠳᠬᠡᠵᠤ᠂ ᠰᠦᠷᠳᠡᠬᠦᠯᠬᠦ ᠤᠢᠢᠯᠡᠳᠤᠯ ᠦᠵᠡᠬᠦᠯᠬᠦ ᠭᠡᠷᠡᠭᠳᠠᠢ᠃ ᠲᠤᠭᠤᠷᠢᠨ ᠪᠠᠶᠢᠴᠠᠭᠠᠬᠤ ᠪᠠᠷ ᠳᠠᠮᠵᠢᠨ | ᠡᠵᠡᠮᠰᠢᠭᠰᠡᠨ ᠪᠠᠶᠢᠳᠠᠯ ᠢ ᠦᠨᠳᠤᠰᠤᠯᠠᠵᠤ᠂ ᠤᠢᠢᠯᠡᠰ ᠤᠨ ᠬᠦᠭᠵᠢᠯᠳᠠ ᠶᠢ ᠠᠬᠢᠭᠤᠯᠬᠤ᠂ ᠺᠠᠳ᠋ᠷ ᠢ ᠬᠠᠯᠠᠮᠵᠢᠯᠠᠨ | ᠬᠠᠶᠢᠷᠠᠯᠠᠬᠤ ᠡᠬᠦᠳᠡᠨ ᠠᠴᠠ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠬᠦ ᠦᠬᠡᠢ ᠺᠠᠳ᠋ᠷ ᠢ ᠴᠠᠬ | ᠲᠤᠬᠠᠢ ᠲᠤᠨᠢ ᠲᠤᠬᠢᠷᠠᠭᠤᠯᠵᠤ᠂ ᠳᠠᠷᠤᠭ᠎ᠠ ᠪᠤᠯᠤᠭᠠᠳ ᠠᠵᠢᠯ ᠬᠢᠬᠦ ᠦᠬᠡᠢ᠂ ᠳᠠᠷᠤᠭ᠎ᠠ ᠪᠤᠯᠤᠭᠠᠳ ᠲᠤᠷ᠎ᠠ ᠪᠠᠷ | ᠢᠢᠨᠨ ᠦᠢᠯᠡᠳᠬᠦ ᠠᠰᠠᠭᠤᠳᠠᠯ ᠢ ᠦᠨᠡᠨᠬᠦ ᠰᠢᠢᠳᠪᠤᠷᠢᠯᠡᠬᠦ ᠭᠡᠷᠡᠭᠳᠠᠢ᠃ ᠲᠦᠷᠢᠮ ᠲᠤᠭᠳᠠᠭᠠᠯ ᠳᠣᠭᠳᠠᠭᠠᠬᠤ ᠪᠠ | ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠠᠵᠢᠯ ᠢ ᠴᠢᠷᠮᠠᠶᠢᠨ ᠰᠠᠶᠢᠳᠤᠷ ᠠᠳᠬᠤᠵᠤ᠂ ᠶᠠᠭᠤ ᠪᠠᠶᠢᠪᠠᠯ ᠶᠠᠭᠤ ᠪᠠᠨ | ᠶᠠᠷᠢᠬᠤ ᠪᠠᠷ ᠪᠠᠷᠠᠬᠤ ᠦᠬᠡᠢ᠂ ᠶᠠᠭᠤ ᠪᠠᠶᠢᠪᠠᠯ ᠶᠠᠭᠤᠨ ᠤ ᠶᠤᠰᠤ ᠶᠢ ᠶᠠᠷᠢᠵᠤ᠂ ᠬᠤᠯᠪᠤᠬᠳᠠᠯ ᠪᠦᠬᠦᠢ ᠬᠦᠷᠢᠶᠠᠨ ᠤ | ᠦᠬᠡᠷᠡᠴᠢᠯᠠᠯᠳᠠ ᠶᠢ ᠲᠦᠷᠬᠡᠨ ᠠᠬᠢᠭᠤᠯᠵᠤ᠂ ᠬᠤᠯᠪᠤᠬᠳᠠᠯ ᠪᠦᠬᠦᠢ ᠲᠦᠷᠢᠮ ᠲᠤᠭᠳᠠᠭᠠᠯ ᠢ ᠲᠦᠷᠬᠡᠨ | ᠲᠡᠬᠦᠯᠳᠡᠷᠵᠢᠬᠦᠯᠵᠤ᠂ ᠡᠶᠢᠮᠤᠷᠬᠦ ᠠᠰᠠᠭᠤᠳᠠᠯ ᠤᠨ ᠲᠠᠬᠢᠨ ᠡᠭᠦᠰᠬᠦ ᠶᠢ ᠴᠢᠩᠭ᠎ᠠ ᠰᠡᠷᠭᠡᠶᠢᠯᠠᠬᠦ ᠭᠡᠷᠡᠭᠳᠠᠢ᠃ ᠲᠤᠭᠤᠷᠢᠨ | ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠠᠵᠢᠯ ᠤᠨ ︽ᠡᠷᠬᠢᠵᠤ ᠬᠠᠷᠠᠬᠤ︾ ᠶᠢ ᠬᠢᠨᠠᠮᠠᠭᠠᠢ ᠵᠤᠬᠢᠶᠠᠨ ᠪᠠᠶᠢᠭᠤᠯᠵᠤ | ᠂ ᠲᠦᠷᠤᠬᠦᠤ ᠲᠠᠪᠤᠨ ᠡᠬᠡᠯᠵᠢ ᠶᠢᠨ ᠲᠤᠭᠤᠷᠢᠨ ᠪᠠᠶᠢᠴᠠᠭᠠᠬᠰᠠᠨ ᠠᠵᠢᠯ ᠤᠨ ᠲᠤᠰᠬᠠᠬᠰᠠᠨ ᠰᠠᠨᠠᠯ ᠢ ᠴᠡᠭᠴᠡᠯᠠᠨ | ᠰᠠᠶᠢᠵᠢᠷᠠᠭᠤᠯᠵᠤ ᠨᠠᠢᠳᠠᠪᠤᠷᠢᠵᠢᠭᠤᠯᠤᠬᠰᠠᠨ ᠪᠠᠶᠢᠳᠠᠯ ᠢ ᠬᠢᠨᠠᠮᠠᠭᠠᠢ ᠰᠢᠯᠤᠭᠤᠳᠬᠠᠵᠤ᠂ ᠬᠠᠷᠢᠭᠤᠴᠯᠠᠭ᠎ᠠ ᠪᠠᠨ | ᠴᠢᠨᠠᠬᠰᠢᠳᠠ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠪᠠᠨ ᠳᠤᠳᠤᠷᠬᠠᠢᠢᠯᠠᠵᠤ᠂ ᠴᠠᠬ ᠬᠤᠭᠤᠴᠠᠭ᠎ᠠ ᠲᠤᠭᠳᠠᠭᠠᠵᠤ᠂ | ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠴᠡᠭᠴᠡᠯᠠᠨ ᠰᠠᠶᠢᠵᠢᠷᠠᠭᠤᠯᠤᠬᠰᠠᠨ ᠶᠠᠪᠤᠳᠠᠯ ᠪᠦᠬᠦᠨ ᠢ | ᠪᠤᠳᠠᠳᠠᠢ ᠳᠤ ᠨᠠᠶᠢᠳᠠᠪᠤᠷᠢᠵᠢᠭᠤᠯᠵᠤ᠂ ᠪᠤᠳᠠᠳᠠᠢ ᠦᠷ᠎ᠠ ᠠᠰᠢᠬ ᠤᠯᠬᠤ ᠶᠢ ᠪᠠᠳᠤᠯᠠᠬᠤ ᠭᠡᠷᠡᠭᠳᠠᠢ ᠬᠡᠪᠠ᠃ | |