ᠨᠢᠭᠡ ᠳᠤ ᠬᠤᠲᠠ ᠬᠥᠳᠡᠭᠡ ᠶᠢᠨ ᠬᠤᠭᠤᠷᠣᠨᠳᠣ᠂ ᠰᠤᠷᠭᠠᠭᠤᠯᠢ ᠶᠢᠨ ᠬᠤᠭᠤᠷᠣᠨᠳᠣᠬᠢ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠲᠤᠰᠠᠯᠠᠬᠤ ᠬᠠᠷᠢᠴᠠᠭ᠎ᠠ ᠶᠢ ᠪᠠᠬᠢᠵᠢᠭᠦᠯᠪᠡ᠃ ᠰᠤᠷᠭᠠᠨ ᠬᠥᠮᠦᠵᠢᠯ ᠤᠨ ᠲᠢᠩᠬᠢᠮ᠂ | ᠠᠵᠢᠯᠲᠠᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠪᠯᠡᠯ ᠤᠨ ᠬᠤᠷᠢᠶ᠎ᠠ ᠬᠠᠮᠲᠤᠷᠠᠨ ᠳᠠᠷᠤᠮᠠᠯᠯᠠᠨ | ᠶᠠᠪᠤᠭᠤᠯᠤᠭᠰᠠᠨ ︽ᠬᠤᠲᠠ ᠪᠠᠯᠭᠠᠰᠤ ᠶᠢᠨ ᠪᠠᠭᠰᠢ ᠨᠠᠷ ᠢᠶᠠᠷ ᠮᠠᠯᠵᠢᠬᠤ ᠲᠠᠷᠢᠶᠠᠯᠠᠬᠤ ᠣᠷᠣᠨ ᠤ ᠰᠤᠷᠭᠠᠨ | ᠬᠥᠮᠦᠵᠢᠯ ᠢ ᠲᠤᠰᠠᠯᠠᠭᠤᠯᠬᠤ ᠠᠵᠢᠯ ᠦᠷᠨᠢᠭᠦᠯᠬᠦ ᠲᠣᠬᠠᠢ ᠰᠠᠨᠠᠯ︾ ᠢ ᠨᠠᠶᠢᠳᠠᠪᠤᠷᠢᠵᠢᠭᠤᠯᠵᠤ ᠂ ᠬᠤᠲᠠ ᠪᠠᠯᠭᠠᠰᠤ ᠶᠢᠨ | ᠪᠠᠭᠰᠢ ᠨᠡᠷ ᠢᠶᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠪᠣᠯᠣᠨ ᠨᠥᠬᠦᠴᠡᠯ ᠪᠠᠷᠤᠭᠲᠠᠢ ᠰᠤᠷᠭᠠᠭᠤᠯᠢ ᠶᠢ | ᠲᠤᠰᠠᠯᠠᠭᠤᠯᠬᠤ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠦᠷᠨᠢᠭᠦᠯᠪᠡ᠃ | ᠬᠤᠶᠠᠷ ᠲᠤ ︽ᠣᠨᠴᠠ ᠠᠵᠢᠯ ᠤᠨ ᠪᠠᠶᠢᠷᠢ ᠶᠢᠨ ᠪᠠᠭᠰᠢ︾ ᠶᠢᠨ ᠲᠥᠯᠥᠪᠯᠡᠭᠡ ᠶᠢ ᠦᠷᠭᠦᠯᠵᠢᠯᠡᠨ | ᠬᠡᠷᠡᠭᠵᠢᠭᠦᠯᠪᠡ᠃ ᠵᠢᠯ ᠪᠦᠷᠢ ᠵᠣᠬᠢᠬᠤ ᠲᠣᠭᠠᠨ ᠤ ᠣᠶᠤᠲᠠᠨ ᠢ ᠰᠢᠯᠢᠨ ᠤᠷᠢᠵᠤ ᠮᠠᠯᠵᠢᠬᠤ ᠲᠠᠷᠢᠶᠠᠯᠠᠬᠤ ᠣᠷᠣᠨ ᠳᠤ | ᠣᠨᠴᠠ ᠠᠵᠢᠯ ᠤᠨ ᠪᠠᠶᠢᠷᠢ ᠶᠢᠨ ᠪᠠᠭᠰᠢ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ ᠡᠩᠨᠡᠭᠡ ᠶᠢᠨ | ᠪᠦᠲᠦᠴᠡ ᠶᠢ ᠲᠠᠰᠤᠷᠠᠯᠲᠠ ᠦᠭᠡᠶ ᠰᠠᠶᠢᠵᠢᠷᠠᠭᠤᠯᠪᠠ᠃ | ᠭᠤᠷᠪᠠ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ | ᠵᠠᠬᠢᠷᠤᠯ ᠢ ᠰᠤᠯᠢᠯᠴᠠᠭᠤᠯᠬᠤ ᠠᠵᠢᠯ ᠤᠨ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠪᠠ᠃ ︽︿ᠬᠤᠰᠢᠭᠤ | ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠢ | ᠰᠤᠯᠢᠯᠴᠠᠭᠤᠯᠬᠤ ᠠᠵᠢᠯ ᠦᠷᠨᠢᠭᠦᠯᠬᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ | ᠰᠠᠨᠠᠯ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠶᠠᠪᠤᠭᠤᠯᠬᠤ ᠲᠣᠬᠠᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠥᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠠᠶᠢᠮᠠᠭ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠲᠤᠰ ᠭᠠᠵᠠᠷ | ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠵᠠᠬᠢᠷᠤᠯ ᠢ ᠰᠤᠯᠢᠯᠴᠠᠭᠤᠯᠬᠤ ᠠᠵᠢᠯ ᠤᠨ ᠰᠢᠨ᠎ᠡ ᠠᠷᠭ᠎ᠠ ᠪᠠ ᠰᠢᠨ᠎ᠡ | ᠰᠡᠳᠬᠢᠴᠡ ᠶᠢ ᠢᠳᠡᠪᠬᠢᠲᠠᠢ ᠪᠠᠷ ᠬᠠᠶᠢᠨ ᠰᠦᠪᠡᠭᠴᠢᠯᠡᠵᠦ᠂ ᠰᠤᠯᠢᠯᠴᠠᠭᠤᠯᠬᠤ ᠲᠥᠰᠦᠯ ᠪᠣᠯᠣᠨ ᠬᠡᠷᠡᠭᠵᠢᠭᠦᠯᠬᠦ | ᠰᠠᠨᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠤᠨ | ᠰᠣᠯᠢᠯᠴᠠᠭᠤᠯᠬᠤ ᠲᠣᠷᠰᠢᠯᠲᠠ ᠶᠢᠨ ᠠᠵᠢᠯ ᠥᠷᠨᠢᠭᠦᠯᠬᠦ ᠶᠢ ᠱᠠᠭᠠᠷᠳᠠᠪᠠ᠃ ᠣᠳᠣᠬᠠᠨ ᠪᠣᠯᠲᠠᠯ᠎ᠠ᠂ ᠮᠠᠨ ᠤ ᠣᠷᠣᠨ ᠤ | ᠪᠤᠭᠤᠲᠤ ᠬᠤᠲᠠ᠂ ᠦᠬᠠᠶ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ | ᠤᠯᠠᠭᠠᠨᠴᠠᠪ ᠬᠤᠲᠠ᠂ ᠣᠷᠳᠣᠰ ᠬᠤᠲᠠ ᠵᠡᠷᠭᠡ 7 ᠠᠶᠢᠮᠠᠭ ᠬᠤᠲᠠ ︽ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠨᠡᠷ ᠢ ᠰᠣᠯᠢᠯᠴᠠᠭᠤᠯᠬᠤ ᠪᠠ ᠠᠵᠢᠯ ᠤᠨ ᠪᠠᠶᠢᠷᠢ | ᠡᠭᠡᠯᠵᠢᠯᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠪᠤᠶᠤ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠨᠡᠷ ᠢ ᠰᠣᠯᠢᠯᠴᠠᠭᠤᠯᠬᠤ ᠪᠠ ᠠᠵᠢᠯ ᠤᠨ ᠪᠠᠶᠢᠷᠢ ᠡᠭᠡᠯᠵᠢᠯᠡᠭᠦᠯᠬᠦ | ᠠᠵᠢᠯ ᠤᠨ ᠬᠡᠷᠡᠭᠵᠢᠭᠦᠯᠬᠦ ᠰᠠᠨᠠᠯ︾ ᠢ ᠵᠠᠯᠭᠠᠪᠡᠷ ᠨᠡᠶᠢᠲᠡᠯᠡᠪᠡ᠃ 2014 ᠣᠨ ᠪᠣᠯᠲᠠᠯ᠎ᠠ᠂ ᠪᠦᠬᠦ ᠣᠷᠣᠨ ᠳᠤ | ᠨᠡᠶᠢᠲᠡ 4379 ᠪᠠᠭᠰᠢ᠂ 882 ᠰᠤᠷᠭᠠᠭᠤᠯᠢ ᠶᠢᠨ ᠵᠠᠬᠢᠷᠤᠯ ᠢ ᠰᠣᠯᠢᠯᠴᠠᠭᠤᠯᠤᠭᠰᠠᠨ ᠪᠠᠶᠢᠨ᠎ᠠ ᠃ | ᠳᠥᠷᠪᠡ ᠳᠤ ᠮᠠᠯᠵᠢᠬᠤ ᠲᠠᠷᠢᠶᠠᠯᠠᠬᠤ ᠣᠷᠣᠨ ᠤ ᠪᠠᠭᠰᠢ ᠨᠡᠷ ᠢ ᠪᠣᠯᠪᠠᠰᠤᠷᠠᠭᠤᠯᠬᠤ ᠡᠷᠴᠢᠮ ᠢ | ᠴᠢᠩᠭᠠᠷᠠᠭᠤᠯᠪᠠ᠃ 2011 ᠣᠨ ᠳᠤ᠂ ᠰᠤᠷᠭᠠᠨ ᠬᠥᠮᠦᠵᠢᠯ ᠤᠨ ᠲᠢᠩᠬᠢᠮ ︽ᠳᠤᠮᠳᠠᠳᠤ ᠰᠤᠷᠭᠠᠭᠤᠯᠢ ᠪᠠᠭ᠎ᠠ | ᠰᠤᠷᠭᠠᠭᠤᠯᠢ ᠶᠢᠨ ᠪᠠᠭᠰᠢ ᠨᠡᠷ ᠢ ᠪᠣᠯᠪᠠᠰᠤᠷᠠᠭᠤᠯᠬᠤ ᠠᠵᠢᠯ ᠢ ᠶᠡᠬᠡᠪᠡᠷ ᠴᠢᠩᠭᠠᠳᠬᠠᠬᠤ ᠲᠤᠬᠠᠶ ᠰᠤᠷᠭᠠᠨ | ᠬᠥᠮᠦᠵᠢᠯ ᠤᠨ ᠶᠠᠮᠤᠨ ᠤ ᠰᠠᠨᠠᠯ︾ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2011-2015 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠡᠷ ᠢ ᠪᠣᠯᠪᠠᠰᠤᠷᠠᠭᠤᠯᠬᠤ ᠠᠵᠢᠯ ᠤᠨ | ᠬᠡᠷᠡᠭᠵᠢᠭᠦᠯᠬᠦ ᠰᠠᠨᠠᠯ︾ ᠢ ᠲᠣᠭᠲᠠᠭᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠡᠷ ᠢ ᠪᠣᠯᠪᠠᠰᠤᠷᠠᠭᠤᠯᠬᠤ | ᠵᠠᠷᠤᠳᠠᠯ ᠤᠨ ᠣᠷᠣᠭᠤᠯᠤᠯᠲᠠ ᠶᠢ ᠦᠨᠡᠨᠬᠦ ᠪᠠᠲᠤᠯᠠᠬᠤ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠡᠭᠦᠨ ᠤ ᠬᠠᠮᠲᠤ᠂ ︽ᠤᠯᠤᠰ ᠤᠨ ᠪᠣᠯᠪᠠᠰᠤᠷᠠᠭᠤᠯᠬᠤ ᠲᠥᠯᠥᠪᠯᠡᠭᠡ︾ ᠵᠡᠷᠭᠡ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠷᠤᠳᠠᠯ ᠤᠨ ᠣᠷᠣᠭᠤᠯᠤᠯᠲᠠ ᠶᠢ ᠪᠠᠲᠤᠯᠠᠨ᠂ ᠮᠠᠯᠵᠢᠬᠤ | ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠣᠨ ᠬᠡᠦᠬᠡᠳ ᠤᠨ ᠴᠡᠴᠡᠷᠯᠢᠭ ᠤᠨ ᠪᠠᠭᠰᠢ | ᠨᠡᠷ ᠢ ᠲᠥᠷᠥᠯ ᠬᠤᠪᠢᠶᠠᠨ᠂ ᠱᠠᠲᠤ ᠬᠤᠪᠢᠶᠠᠨ᠂ ᠠᠵᠢᠯ ᠤᠨ ᠪᠠᠶᠢᠷᠢ ᠬᠤᠪᠢᠶᠠᠨ᠂ ᠰᠢᠨᠵᠢᠯᠡᠭᠡ ᠬᠤᠪᠢᠶᠠᠨ | ᠲᠥᠯᠥᠪᠯᠡᠭᠡ ᠲᠠᠢ ᠪᠠᠷ ᠪᠣᠯᠪᠠᠰᠤᠷᠠᠭᠤᠯᠤᠯ ᠬᠢᠯᠭᠡᠵᠦ᠂ ᠪᠠᠭᠰᠢ ᠨᠠᠷ ᠤᠨ ᠪᠦᠬᠦᠯᠢ ᠴᠣᠭᠴᠠ ᠶᠢᠨ ᠬᠡᠪ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠪᠡ᠃ | ᠲᠠᠪᠤ ᠳᠤ ᠠᠯᠤᠰ ᠬᠢᠵᠠᠭᠠᠷ ᠣᠷᠣᠨ ᠤ ᠪᠠᠭᠰᠢ ᠶᠢᠨ ᠠᠰᠠᠷᠠᠮᠵᠢ ᠣᠯᠭᠤᠮᠵᠢ ᠶᠢ ᠳᠡᠭᠡᠭᠰᠢᠯᠡᠭᠦᠯᠪᠡ᠃ | 1999 ᠣᠨ ᠳᠤ᠂ ᠴᠥᠭᠡᠨ ᠲᠤᠭᠠᠳᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠪᠣᠯᠣᠨ | ᠠᠯᠣᠰ ᠬᠢᠵᠠᠭᠠᠷ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠮᠤ᠂ ᠰᠢᠶᠠᠩ ᠪᠠᠯᠭᠠᠰᠤ ᠠᠴᠠ ᠳᠣᠷᠣᠭᠰᠢᠬᠢ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠠᠭᠠᠬᠤ ᠠᠵᠢᠯ ᠬᠢᠵᠦ ᠪᠠᠶᠢᠭ᠎ᠠ ᠪᠠᠭᠰᠢ ᠨᠡᠷ ᠲᠤ ᠲᠣᠭᠲᠠᠮᠠᠯ | ᠪᠤᠰᠤ ᠴᠠᠯᠢᠩ ᠤᠨ ᠲᠥᠷᠥ ᠶᠢᠨ ᠪᠣᠳᠣᠯᠭ᠎ᠠ ᠢ ᠡᠬᠢᠯᠡᠵᠦ ᠬᠡᠷᠡᠭᠵᠢᠭᠦᠯᠪᠡ᠃ 2009 ᠣᠨ ᠳᠤ᠂ ᠤᠯᠤᠰ ᠠᠴᠠ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠢ | ᠬᠡᠷᠡᠭᠵᠢᠭᠦᠯᠦᠭᠰᠡᠨ ᠤ ᠳᠠᠷᠠᠭ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠨᠡᠷ ᠤᠨ | ᠴᠠᠯᠢᠩ ᠤᠨ ᠳᠤᠮᠳᠠᠴᠢ ᠬᠢᠷᠢ ᠬᠡᠮᠵᠢᠶ᠎ᠡ ᠶᠢ ᠲᠤᠬᠠᠶ ᠶᠢᠨ ᠭᠠᠵᠠᠷ ᠤᠨ ᠠᠯᠪᠠᠲᠠᠨ ᠤ ᠴᠠᠯᠢᠩ ᠤᠨ ᠳᠤᠮᠳᠠᠴᠢ ᠬᠢᠷᠢ | ᠬᠡᠮᠵᠢᠶ᠎ᠡ ᠠᠴᠠ ᠳᠣᠣᠷ᠎ᠠ ᠦᠭᠡᠶ ᠪᠠᠶᠢᠯᠭᠠᠬᠤ ᠵᠠᠷᠴᠢᠮ ᠢ ᠲᠣᠭᠲᠠᠭᠠᠭᠰᠠᠨ ᠪᠠᠶᠢᠨ᠎ᠠ᠃ ᠡᠭᠦᠨ ᠤ ᠬᠠᠮᠲᠤ ᠮᠠᠯᠵᠢᠬᠤ | ᠲᠠᠷᠢᠶᠠᠯᠠᠬᠤ ᠣᠷᠣᠨ ᠤ ᠰᠤᠷᠭᠠᠭᠤᠯᠢ ᠢᠯᠠᠩᠭᠤᠶ᠎ᠠ ᠨᠥᠬᠦᠴᠡᠯ ᠢᠶᠠᠷ ᠬᠠᠲᠠᠭᠤᠵᠢᠯᠲᠠᠢ ᠰᠤᠷᠭᠠᠭᠤᠯᠢ ᠲᠡᠰᠢ ᠵᠣᠬᠢᠰᠲᠠᠶ | ᠬᠡᠯᠪᠡᠶᠢᠯᠭᠡᠪᠡ᠃ |