ᠮᠠᠨ ᠤ ᠣᠷᠣᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ
ᠨᠡᠶᠢᠲᠡᠯᠡᠭᠰᠡᠨ ᠴᠠᠭ᠄
2015/8/14
     ᠡᠨᠡ ᠵᠢᠯ ᠮᠠᠨ ᠤ ᠣᠷᠣᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠬᠢᠷᠢ  ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ᠃ ︽ᠡᠭᠦᠯᠡᠨ ᠦᠢᠯᠡᠴᠢᠯᠡᠭᠡ︾ ᠪᠣᠯᠣᠨ ︽ᠪᠢᠴᠢᠯ   ᠬᠡᠷᠡᠭᠯᠡᠯᠲᠡ︾᠎ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠪᠠᠷ ᠳᠠᠮᠵᠢᠭᠤᠯᠤᠨ ︽ᠢᠨᠲ᠋ᠧᠷ ᠰᠦᠯᠵᠢᠶ᠎ᠡ + ᠠᠵᠢᠯ ᠣᠯᠭᠤᠬᠤ︾ ᠦᠢᠯᠡᠴᠢᠯᠡᠭᠡ ᠶᠢ ᠢᠳᠡᠪᠬᠢᠲᠡᠶ ᠪᠠᠷ ᠥᠷᠨᠢᠭᠦᠯᠵᠦ᠂ ᠲᠣᠣᠷ ᠰᠦᠯᠵᠢᠶ᠎ᠡ ᠬᠢᠭᠡᠳ ᠲᠤᠬᠠᠶ ᠶᠢᠨ ᠲᠠᠯᠠᠪᠠᠢ᠂ ᠠᠵᠢᠯ ᠡᠷᠢᠭᠴᠢ ᠬᠢᠭᠡᠳ ᠬᠥᠮᠦᠨ ᠬᠡᠷᠡᠭᠯᠡᠬᠦ ᠨᠢᠭᠡᠴᠡ᠂ ᠦᠢᠯᠡᠴᠢᠯᠡᠭᠡᠨ ᠤ ᠪᠠᠶᠢᠳᠠᠯ ᠬᠢᠭᠡᠳ ᠲᠤᠭ᠎ᠠ ᠪᠠᠷᠢᠮᠲᠠ ᠶᠢᠨ ᠪᠦᠷᠢᠳᠬᠡᠯ ᠤᠨ ᠬᠤᠯᠪᠤᠭ᠎ᠠ ᠨᠡᠪᠲᠡᠷᠡᠯᠴᠡᠬᠦ ᠪᠠ ᠬᠦᠳᠡᠯᠦᠯᠴᠡᠬᠦ ᠶᠢ ᠪᠡᠶᠡᠯᠡᠭᠦᠯᠪᠡ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠠᠳ᠂ 16 ᠬᠤᠰᠢᠭᠤ ᠰᠢᠶᠠᠨ ᠤ 60 ᠰᠢᠶᠠᠩ ᠪᠠᠯᠭᠠᠰᠤ ᠶᠢᠨ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠤᠯᠤᠰ ᠤᠨ ᠲᠤᠷᠰᠢᠯᠲᠠ ᠶᠢᠨ ᠴᠢᠭ᠋ ᠤᠨ ᠬᠡᠪᠴᠢᠶᠡᠨ ᠳᠤ ᠣᠷᠣᠭᠰᠠᠨ ᠪᠠᠶᠢᠨ᠎ᠠ᠃ ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠡᠯ᠎ᠡ ᠱᠠᠲᠤᠨ ᠤ  ᠬᠥᠮᠥᠨ ᠤ ᠬᠥᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠠᠯᠠᠭ᠎ᠠ ᠮᠥᠴᠢᠷ  ᠲᠤᠬᠠᠶ ᠶᠢᠨ ᠲᠠᠯᠠᠪᠠᠢ ᠶᠢᠨ ᠤᠷᠢᠬᠤ ᠴᠤᠭᠯᠠᠭᠠᠨ ᠪᠠ ᠠᠵᠢᠯ ᠣᠯᠭᠤᠬᠤ  ᠵᠥᠪᠳᠡᠨ ᠬᠡᠯᠡᠯᠴᠡᠬᠦ ᠬᠤᠷᠠᠯ 398᠎ ᠶᠢ ᠵᠣᠬᠢᠶᠠᠨ ᠪᠠᠶᠢᠭᠤᠯᠵᠤ᠂ 1.65 ᠲᠦᠮᠡᠨ ᠬᠥᠮᠦᠨ ᠬᠡᠷᠡᠭᠯᠡᠬᠦ ᠨᠢᠭᠡᠴᠡ᠂ 34.73 ᠲᠦᠮᠡᠨ ᠠᠵᠢᠯ ᠤᠨ ᠪᠠᠶᠢᠷᠢ ᠬᠠᠩᠭᠠᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号